ᠰᠤᠷᠪᠤᠯᠵᠢᠯᠠᠭᠴᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠪᠣᠯᠣᠳ | ᠲᠡᠮᠦᠷ ᠤᠨ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠶᠢ ᠬᠠᠯᠠᠬᠤ ᠲᠤᠬᠠᠶ ᠬᠡᠷᠡᠭᠵᠢᠭᠦᠯᠬᠦ ᠠᠷᠭ᠎ᠠ︾ ᠶᠢ | ᠳᠠᠷᠤᠮᠠᠯᠯᠠᠨ ᠲᠠᠷᠬᠠᠭᠠᠪᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠬᠡᠷᠡᠭᠵᠢᠭᠦᠯᠬᠦ ᠠᠷᠭ᠎ᠠ ᠳᠤ᠂ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠣᠷᠣᠨ ᠪᠦᠰᠡ ᠳᠤ ᠪᠣᠯᠣᠳ ᠲᠡᠮᠦᠷ | ᠦᠢᠯᠡᠳᠪᠦᠷᠢᠯᠡᠬᠦ ᠴᠢᠳᠠᠪᠤᠷᠢ ᠶᠢᠨ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ᠶᠢ ᠡᠷᠡᠰ ᠴᠠᠭᠠᠵᠠᠯᠠᠨ᠎ᠠ ᠬᠡᠵᠥ ᠳᠤᠳᠤᠷᠬᠠᠢ | ᠳᠤᠬᠳᠠᠭᠠᠪᠠ᠃ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠭᠤᠤᠯᠳᠠᠯᠭ᠎ᠠ ᠲᠠᠢ ᠣᠷᠣᠨ ᠪᠦᠰᠡ ᠳᠤ ᠪᠣᠯᠣᠳ ᠲᠡᠮᠦᠷ ᠦᠢᠯᠡᠳᠪᠦᠷᠢᠯᠡᠬᠦ ᠴᠢᠳᠠᠪᠤᠷᠢ ᠶᠢᠨ ᠶᠡᠷᠦᠩᠬᠡᠶ | ᠬᠡᠮᠵᠢᠶ᠎ᠡ ᠶᠢ ᠨᠡᠮᠡᠭᠳᠡᠭᠦᠯᠬᠦ ᠶᠢ ᠡᠷᠡᠰ ᠴᠠᠭᠠᠵᠠᠯᠠᠨ᠎ᠠ᠃ ᠪᠣᠯᠣᠳ ᠲᠡᠮᠦᠷ ᠦᠢᠯᠡᠳᠪᠦᠷᠢᠯᠡᠬᠦ ᠴᠢᠳᠠᠪᠤᠷᠢ ᠶᠢᠨ ᠶᠡᠷᠦᠩᠬᠡᠶ | ᠬᠡᠮᠵᠢᠶ᠎ᠡ ᠶᠢ ᠬᠢᠵᠠᠭᠠᠷᠯᠠᠬᠤ ᠬᠠᠷᠠᠯᠲᠠ ᠪᠠᠨ ᠪᠡᠶᠡᠯᠡᠭᠦᠯᠦᠭᠡᠳᠦᠶ ᠮᠤᠵᠢ ︵ᠣᠷᠣᠨ᠂ ᠬᠤᠲᠠ︶ ᠪᠤᠰᠤᠳ ᠭᠠᠵᠠᠷ | ᠣᠷᠣᠨ ᠤ ᠬᠤᠳᠠᠯᠳᠤᠵᠤ ᠪᠠᠶᠢᠭ᠎ᠠ ᠪᠣᠯᠣᠳ ᠲᠡᠮᠦᠷ ᠦᠢᠯᠡᠳᠪᠦᠷᠢᠯᠡᠬᠦ ᠴᠢᠳᠠᠪᠤᠷᠢ ᠶᠢ ᠬᠦᠯᠢᠶᠡᠨ ᠠᠪᠴᠤ ᠪᠣᠯᠬᠤ | ᠦᠭᠡᠶ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠭᠠᠵᠠᠷ ᠣᠷᠣᠨ ᠤ ᠬᠢᠨ ᠲᠣᠭᠲᠠᠭᠠᠯ ᠳᠤ ᠨᠡᠶᠢᠴᠡᠬᠦ | ᠬᠦᠷᠢᠶᠡᠯᠡᠩ ᠲᠣᠭᠤᠷᠢᠭ ᠠᠴᠠ ᠭᠠᠳᠠᠨ᠎ᠠ ᠪᠤᠯᠤᠳ ᠲᠡᠮᠦᠷ ᠬᠠᠶᠢᠯᠤᠭᠤᠯᠬᠤ ᠲᠦᠷᠦᠯ ᠵᠦᠢᠯ ᠢ ᠰᠢᠨ᠎ᠡ ᠪᠠᠷ | ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠴᠠᠭᠠᠵᠠᠯᠠᠨ᠎ᠠ᠃ ᠬᠡᠷᠡᠭᠵᠢᠭᠦᠯᠬᠦ ᠠᠷᠭ᠎ᠠ ᠶᠢ 2021 ᠣᠨ ᠤ 6 | ᠰᠠᠷ᠎ᠠ ᠶᠢᠨ 1 ᠠᠴᠠ ᠡᠬᠢᠯᠡᠵᠤ ᠬᠡᠷᠡᠭᠵᠢᠭᠦᠯᠦᠨ᠎ᠡ ᠬᠡᠵᠥ ᠳᠤᠷᠠᠳᠪᠠ᠃ | ᠬᠠᠮᠢᠶ᠎ᠠ ᠪᠦᠬᠦᠢ ᠲᠤᠭ᠎ᠠ ᠪᠠᠷᠢᠮᠲᠠ ᠳᠤ ᠢᠯᠡᠷᠡᠬᠦᠯᠦᠭᠰᠡᠨ ᠢᠶᠠᠷ᠂ ᠣᠶᠢᠷ᠎ᠠ ᠶᠢᠨ ᠵᠢᠯ ᠤᠳ ᠲᠤ ᠮᠠᠨ ᠤ | ᠤᠯᠤᠰ ᠤᠨ ᠪᠣᠯᠣᠳ ᠲᠡᠮᠦᠷ ᠲᠠᠢ ᠬᠤᠯᠪᠣᠭᠳᠠᠯ ᠪᠥᠬᠦᠶ ᠠᠵᠤ ᠠᠬᠤᠶᠢᠯᠠᠯ ᠤᠨ ᠵᠢᠯ ᠤᠨ ᠳᠡᠩᠰᠡᠯᠡᠯᠲᠡ ᠶᠢᠨ | ᠨᠡᠮᠡᠭᠳᠡᠯ ᠤᠨ ᠬᠤᠷᠳᠤᠴᠠ ᠨᠢ ᠬᠡᠯᠪᠡᠯᠵᠡᠯᠲᠡ ᠶᠢᠨ ᠳᠤᠮᠳᠠ ᠵᠢᠭᠠᠬᠠᠨ ᠤᠳᠠᠭᠠᠰᠢᠷᠠᠵᠤ ᠪᠠᠶᠢᠨ᠎ᠠ᠃ ᠦᠢᠯᠡᠳᠪᠦᠷᠢ | ᠬᠤᠳᠠᠯᠳᠤᠭᠠᠨ ᠤ ᠬᠢᠨ ᠤ ᠲᠤᠭ᠎ᠠ ᠪᠠᠷᠢᠮᠳᠠ ᠳᠤ ᠬᠠᠷᠠᠭᠤᠯᠤᠭᠰᠠᠨ ᠢᠶᠠᠷ᠂ 2020 ᠣᠨ ᠳᠤ ᠮᠠᠨ ᠤ ᠤᠯᠤᠰ ᠲᠤ | ᠪᠣᠯᠣᠳ ᠲᠡᠮᠦᠷ ᠲᠠᠢ ᠬᠤᠯᠪᠣᠭᠳᠠᠯ ᠪᠥᠬᠦᠶ ᠠᠵᠤ ᠠᠬᠤᠶᠢᠯᠠᠯ ᠰᠢᠨ᠎ᠡ ᠪᠠᠷ 2300 ᠭᠠᠷᠤᠶ ᠨᠡᠮᠡᠭᠳᠡᠪᠡ᠃ |