ᠮᠠᠯᠴᠢᠨ ᠳᠡᠮᠦᠷᠪᠠᠭᠠᠳᠤᠷ᠄ ᠨᠠᠮ ᠤᠨ ᠬᠡᠰᠢᠬᠦᠨ ᠤ ᠬᠠᠪᠰᠤᠷᠤᠯᠭ᠎ᠠ ᠳᠤ ᠳᠠᠯᠠᠷᠬᠠᠵᠦ ᠪᠠᠶᠢᠨ᠎ᠠ
ᠨᠡᠶᠢᠲᠡᠯᠡᠭᠰᠡᠨ ᠴᠠᠭ᠄
2021/9/2
    8 ᠰᠠᠷ᠎ᠠ ᠶᠢᠨ 24 ᠤ ᠡᠳᠦᠷ᠂ ᠠᠯᠠᠱᠠ ᠵᠡᠬᠦᠨ ᠬᠤᠰᠢᠭᠤᠨ ᠤ ᠡᠷᠬᠡᠬᠠᠰᠢᠬ᠎ᠠ ᠰᠤᠮᠤᠨ ᠤ ᠪᠠᠶᠠᠨᠬᠦ᠋ᠯ ᠭᠠᠴᠠᠭᠠᠨ ᠤ ᠮᠠᠯᠴᠢᠨ ᠳᠡᠮᠦᠷᠪᠠᠭᠠᠳᠤᠷ ᠬᠠᠳᠤᠯᠠᠩ ᠳᠡᠭᠡᠷ᠎ᠠ ᠪᠠᠨ ᠬᠠᠳᠤᠭᠰᠠᠨ ᠡᠪᠡᠰᠦ ᠪᠠᠨ ᠪᠤᠭᠤᠵᠤ ᠳᠤᠳᠤᠮᠳᠠᠵᠤ ᠬᠡᠷ ᠲᠡᠭᠡᠨ ᠠᠪᠠᠴᠢᠬᠤ ᠪᠠᠷ ᠶᠠᠭᠠᠷᠠᠨ᠎ᠠ᠃ ᠡᠨᠡ ᠦᠶ᠎ᠠ ᠳᠤ ᠭᠠᠴᠠᠭᠠᠨ ᠤ ᠨᠠᠮ ᠤᠨ ᠡᠬᠦᠷ ᠤᠨ ᠱᠦᠵᠢ ᠴᠧᠨ ᠬᠤᠣ ᠵᠢᠶᠦ᠋ᠨ᠂ ᠭᠠᠴᠠᠭᠠᠨ ᠳᠠᠷᠤᠭ᠎ᠠ ᠯᠢᠤ ᠬᠤᠨᠭ᠌ ᠶᠧ ᠮᠠᠯᠴᠢᠳ ᠤᠨ ᠬᠠᠪᠰᠤᠷᠤᠯᠴᠠᠬᠤ ᠳᠤᠭᠤᠶᠢᠯᠠᠩ ᠤᠨ 2 ᠬᠦᠮᠦᠨ ᠢ ᠳᠠᠭᠠᠭᠤᠯᠤᠨ ᠬᠦᠷᠦᠯᠴᠡᠨ ᠢᠷᠡᠵᠦ ᠬᠦᠴᠦ ᠬᠠᠪᠰᠤᠷᠤᠨ ᠪᠦᠬᠦᠯᠢ ᠨᠢᠭᠡ ᠡᠳᠦᠷ ᠠᠵᠢᠯᠯᠠᠭᠠᠳ 300 ᠭᠠᠷᠤᠶ ᠪᠣᠭᠤᠵᠢ ᠡᠪᠡᠰᠦ ᠪᠤᠭᠤᠵᠤ᠂ ᠡᠪᠡᠰᠦ ᠶᠢ ᠨᠢ ᠬᠠᠪᠰᠤᠷᠤᠨ ᠳᠡᠭᠡᠭᠡᠵᠦ ᠬᠠᠰᠢᠶᠠᠨ ᠳᠤᠨᠢ ᠤᠷᠤᠭᠤᠯᠵᠤ ᠳᠦᠪᠬᠢᠨᠡᠬᠦᠯᠵᠦ ᠦᠭᠴᠡᠢ᠃ ᠳᠡᠮᠦᠷᠪᠡᠭᠠᠳᠤᠷ ᠤᠨ ᠡᠬᠡᠨᠡᠷ ᠡᠷᠳᠡᠨᠢᠴᠡᠴᠡᠭ ᠰᠡᠳᠬᠢᠯ ᠬᠦᠳᠡᠯᠦᠨ ᠸᠢᠴᠠᠲ ᠤᠨ ᠨᠠᠶᠢᠵᠠ ᠶᠢᠨ ᠳᠤᠭᠤᠷᠢᠭ ᠲᠠᠭᠠᠨ ᠳᠡᠳᠡᠨᠡᠷ ᠤᠨ ᠬᠦᠳᠡᠯᠮᠦᠷᠢ ᠶᠢᠨ ᠵᠢᠷᠤᠭ ᠰᠡᠬᠦᠳᠡᠷ ᠢ ᠭᠠᠷᠭᠠᠵᠦ᠄ ︽ᠨᠠᠮ ᠤᠨ ᠬᠡᠰᠢᠬᠦᠨ ᠤ ᠬᠠᠪᠰᠤᠷᠤᠯᠭ᠎ᠠ ᠳᠤ ᠳᠠᠯᠠᠷᠬᠠᠵᠦ ᠪᠠᠶᠢᠨ᠎ᠠ᠂ ᠣᠯᠠᠨ ᠤ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠂ ᠲᠠ ᠨᠠᠷ ᠵᠦᠳᠡᠷᠡᠯ᠎ᠡ︕︾ ᠬᠡᠵᠦ ᠪᠠᠶᠠᠷ ᠳᠠᠯᠠᠷᠬᠠᠯ ᠢᠶᠠᠨ ᠢᠯᠡᠳᠬᠡᠵᠦ ᠪᠠᠶᠢᠯ᠎ᠠ᠃     ᠳᠡᠮᠤᠷᠪᠠᠭᠠᠳᠤᠷ᠂ ᠡᠷᠳᠡᠨᠢᠴᠡᠴᠡᠭ ᠤᠨ ᠬᠢᠨ ᠪᠤᠯ ᠪᠠᠶᠠᠨᠬᠦ᠋ᠯ ᠭᠠᠴᠠᠭᠠᠨ ᠤ ᠮᠠᠯᠵᠢᠬᠤ ᠡᠷᠦᠬᠡ ᠶᠤᠮ᠃ ᠳᠡᠮᠤᠷᠪᠠᠭᠠᠳᠤᠷ ᠵᠡᠮᠳᠡᠭ ᠬᠦᠮᠦᠨ ᠳᠤᠯᠠ ᠠᠵᠢᠯ ᠬᠦᠳᠡᠯᠮᠦᠷᠢ ᠬᠢᠬᠦ ᠳᠤ ᠳᠦᠬᠦᠮ ᠦᠬᠡᠢ ᠶᠢᠨ ᠳᠡᠬᠡᠷ᠎ᠠ ᠡᠬᠡᠨᠡᠷ ᠨᠢ ᠪᠠᠰᠠ ᠮᠤᠲ᠋ᠤᠷ ᠠᠴᠠ ᠤᠶᠢᠴᠢᠵᠦ ᠬᠦᠯ ᠢᠶᠠᠨ ᠬᠡᠮᠳᠦᠬᠡᠭᠰᠡᠨ ᠠᠴᠠ ᠨᠠᠮᠤᠷ ᠤᠨ ᠡᠪᠡᠰᠦ ᠬᠠᠳᠤᠬᠤ ᠳᠤ ᠬᠦᠴᠦ ᠬᠦᠳᠡᠯᠮᠦᠷᠢ ᠬᠦᠷᠦᠯᠴᠡᠬᠦ ᠦᠬᠡᠢ ᠵᠦᠳᠡᠷᠡᠵᠦ ᠪᠠᠶᠢᠵᠡᠢ᠃ ᠳᠡᠳᠡ ᠬᠤᠶᠠᠭᠤᠯᠠ ᠠᠶᠢᠯ ᠠᠶᠢᠮᠠᠭ᠂ ᠠᠬ᠎ᠠ ᠳᠡᠬᠦᠦ ᠳᠦᠷᠦᠯ ᠰᠠᠳᠤᠨ ᠤ ᠪᠠᠨ ᠬᠠᠪᠰᠤᠷᠤᠯᠭ᠎ᠠ ᠪᠠᠷ ᠭᠠᠷᠠᠭ ᠭᠠᠷᠤᠢ ᠬᠦᠳᠡᠯᠮᠦᠷᠢᠯᠡᠨ ᠪᠠᠶᠢᠵᠦ᠂ ᠡᠨᠡ ᠵᠢᠯ ᠤᠨ ᠨᠠᠮᠤᠷ ᠤᠨ ᠬᠠᠳᠤᠯᠠᠩ ᠢᠶᠠᠨ ᠲᠦᠡᠭᠬᠡᠵᠢ ᠲᠠᠭᠤᠰᠬᠠᠵᠠᠢ᠃ ᠳᠡᠬᠡᠬᠡᠳ ᠴᠠᠭ ᠢ ᠠᠮᠵᠢᠨ ᠡᠪᠡᠰᠦ ᠪᠠᠨ ᠪᠤᠭᠤᠵᠤ ᠬᠤᠷᠢᠶᠠᠬᠤ ᠵᠠᠩᠬᠢᠯᠠᠭ᠎ᠠ ᠶᠢᠨ ᠦᠶ᠎ᠠ ᠳᠤ ᠭᠠᠴᠠᠭᠠᠨ ᠤ ᠤᠳᠤᠷᠢᠳᠤᠯᠭ᠎ᠠ ᠪᠠ ᠨᠠᠮ ᠤᠨ ᠬᠡᠰᠢᠬᠦᠤᠨ ᠬᠦᠷᠦᠯᠴᠠᠨ ᠢᠷᠡᠵᠡᠬᠡᠵᠦ ᠬᠠᠮᠵᠢᠯᠴᠠᠨ ᠡᠪᠡᠰᠦ ᠶᠢ ᠨᠢ ᠪᠤᠭᠤᠵᠢᠯᠠᠨ ᠠᠴᠢᠵᠤ᠂ ᠳᠡᠬᠡᠬᠡᠪᠦᠷᠢᠯᠡᠨ ᠬᠤᠷᠢᠶᠠᠵᠦ ᠳᠦᠪᠬᠢᠨᠡᠬᠦᠯᠬᠦ ᠪᠦᠬᠦ ᠠᠵᠢᠯ ᠢ ᠨᠢ ᠪᠡᠶᠡᠯᠡᠬᠦᠯᠵᠦ ᠦᠭᠬᠦᠭᠰᠡᠨ ᠪᠠᠶᠢᠨ᠎ᠠ᠃     ᠭᠠᠴᠠᠭᠠᠨ ᠤ ᠨᠠᠮ ᠤᠨ ᠭᠡᠰᠢᠭᠦᠳ ᠤᠨ ᠬᠦᠴᠢᠷᠳᠡᠯᠳᠡᠢ ᠮᠠᠯᠴᠢᠨ ᠡᠷᠦᠬᠡ ᠲᠠᠢ ᠰᠡᠳᠬᠢᠯ ᠵᠢᠷᠦᠬᠡ ᠪᠠᠨ ᠬᠤᠯᠪᠣᠵᠤ᠂ ᠮᠠᠯᠴᠢᠳ ᠲᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ ᠪᠠᠶᠢᠭ᠎ᠠ ᠡᠨᠡᠬᠦ ᠰᠡᠳᠬᠢᠯ ᠬᠦᠳᠡᠯᠬᠡᠮ᠎ᠠ ᠶᠠᠪᠤᠳᠠᠯ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠲᠠᠢ ᠨᠢᠭᠲᠠ ᠤᠶᠠᠯᠳᠤᠭᠤᠯᠵᠤ ᠪᠠᠶᠢᠭ᠎ᠠ ᠶᠢ ᠭᠤᠶᠢᠳᠠ ᠰᠠᠶᠢᠬᠠᠨ ᠬᠠᠷᠠᠭᠤᠯᠵᠤ᠂ ᠡᠯ᠎ᠠ ᠦᠨᠳᠦᠰᠦᠳᠡᠨ ᠨᠢᠭᠳᠠᠷᠠᠨ ᠪᠦᠯᠬᠦᠮᠳᠡᠵᠦ᠂ ᠰᠢᠨ᠎ᠠ ᠬᠦᠳᠡᠭᠡ ᠳᠤᠰᠬᠤᠨ ᠤ ᠪᠦᠳᠦᠬᠡᠨ ᠪᠠᠶᠢᠭᠤᠯᠤᠯᠳᠠ ᠳᠤ ᠤᠷᠤᠯᠴᠠᠨ᠂ ᠵᠤᠯ ᠵᠢᠷᠭᠠᠯᠳᠤ ᠠᠮᠢᠳᠤᠷᠠᠯ ᠢᠶᠠᠨ ᠴᠤᠭᠴᠠᠯᠠᠵᠦ ᠪᠠᠶᠢᠭ᠎ᠠ ᠶᠢᠨ ᠪᠤᠳᠠᠳᠤ ᠵᠢᠷᠤᠭᠯᠠᠯ ᠪᠤᠯᠤᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠦ᠋‌‍ᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号