ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ ᠬᠥᠯᠥᠰᠥᠨ ᠠᠵᠢᠯᠴᠢᠨ ᠢ ︽ᠴᠠᠯᠢᠩ︾ ᠤᠨ ᠲᠥᠯᠥᠭᠡ ᠵᠣᠪᠠᠭ᠋ᠤ ᠥᠬᠡᠶ ᠪᠠᠶᠢᠯᠭᠠᠨ᠎ᠠ
ᠨᠡᠶᠢᠲᠡᠯᠡᠭᠰᠡᠨ ᠴᠠᠭ᠄
2021/9/22
     ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 17 ᠤ ᠡᠳᠦᠷ᠂ ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢᠨ ᠭᠤᠷᠪᠠᠨ ᠲᠠᠯ᠎ᠠ ᠶᠢᠨ ᠵᠥᠪᠯᠡᠯ ︽ᠨᠠᠮ ᠤᠨ ᠲᠡᠦᠬᠡ ᠶᠢ ᠰᠤᠷᠤᠯᠴᠠᠬᠤ᠂ ᠲᠦᠷᠦ ᠶᠢᠨ ᠪᠤᠳᠤᠯᠭ᠎ᠠ ᠬᠦᠷᠭᠡᠬᠦ᠂ ᠦᠢᠯᠡᠴᠢᠯᠡᠭᠡ ᠬᠦᠷᠭᠡᠬᠦ᠂ ᠪᠣᠳᠠᠲᠤ ᠶᠠᠪᠤᠳᠠᠯ ᠬᠢᠬᠦ︾ ᠠᠵᠢᠯᠯᠠᠭ᠎ᠠ ᠥᠷᠨᠢᠭᠦᠯᠵᠦ᠂ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠵᠤ᠂ ᠤᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ ᠬᠢᠵᠦ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠪᠡ᠃      ᠠᠵᠢᠯᠯᠠᠭ᠎ᠠ ᠶᠢᠨ ᠳᠤᠮᠳᠠ᠂ ᠠᠵᠢᠯᠲᠠᠨ 30 ᠠᠵᠤ ᠠᠬᠤᠶᠢᠯᠠᠯ ᠳᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠪᠰᠤᠷᠤᠯᠴᠠᠬᠤ ᠪᠠᠲᠤᠯᠠᠭ᠎ᠠ᠂ ᠴᠠᠯᠢᠩ ᠢ ᠬᠠᠮᠲᠤ ᠪᠠᠷ ᠵᠥᠪᠳᠡᠯᠴᠡᠬᠦ᠂ ᠠᠵᠢᠯ ᠣᠯᠭᠤᠯᠲᠠ ᠶᠢᠨ ᠪᠣᠯᠪᠠᠰᠤᠷᠠᠯ᠂ ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠶᠢᠨ ᠳᠠᠭᠠᠳᠬᠠᠯ ᠵᠡᠷᠭᠡ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠵᠦ᠂ ᠠᠵᠢᠯ ᠣᠯᠭᠤᠯᠲᠠ ᠶᠢᠨ ᠪᠣᠯᠪᠠᠰᠤᠷᠠᠯ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠪᠰᠤᠷᠤᠯᠴᠠᠯ᠂ ᠠᠵᠢᠯ ᠠᠴᠠ ᠪᠣᠯᠤᠭᠰᠠᠨ ᠭᠡᠮᠲᠦᠯ ᠤᠨ ᠲᠥᠯᠥᠪᠦᠷᠢ ᠵᠡᠷᠭᠡ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠩᠬᠠᠷᠴᠤ ᠪᠠᠶᠢᠭ᠎ᠠ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠬᠠᠷᠢᠭᠤᠯᠵᠤ᠂ 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠵᠤ ᠠᠬᠤᠶᠢᠯᠠᠯ ᠢ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠶᠢ ᠠᠬᠢᠭᠤᠯᠪᠠ᠃      ᠵᠢᠱᠢᠶ᠎ᠡ ᠦᠵᠡᠭᠦᠯᠬᠦ ᠣᠷᠣᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠭᠤᠷᠪᠠᠨ ᠲᠠᠯ᠎ᠠ ᠶᠢᠨ ᠵᠦᠪᠯᠡᠯ ᠨᠢ ᠠᠵᠤ ᠠᠬᠤᠶᠢᠯᠠᠯ ᠯᠤᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠠᠴᠠ ᠬᠡᠷᠡᠭᠴᠡᠭᠡ ᠱᠠᠭᠠᠷᠳᠠᠯᠭ᠎ᠠ ᠶᠢ ᠠᠰᠠᠭᠤᠨ᠂ ᠪᠠᠴᠢᠮ ᠱᠠᠭᠠᠷᠳᠠᠭᠳᠠᠵᠦ ᠪᠠᠶᠢᠭ᠎ᠠ ᠵᠦᠢᠯ ᠢ ᠠᠰᠠᠭᠤᠵᠤ᠂ ᠠᠷᠭ᠎ᠠ ᠪᠣᠳᠣᠯᠭ᠎ᠠ ᠠᠰᠠᠭᠤᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠪᠠᠴᠢᠮᠳᠠᠵᠤ ᠪᠠᠶᠢᠭ᠎ᠠ ᠶᠠᠪᠤᠳᠠᠯ ᠳᠤ ᠶᠠᠭᠠᠷᠠᠵᠤ᠂ ᠠᠵᠤ ᠠᠬᠤᠶᠢᠯᠠᠯ ᠤᠨ ᠪᠤᠳᠤᠵᠤ ᠪᠠᠶᠢᠭ᠎ᠠ ᠵᠦᠢᠯ ᠢ ᠪᠤᠳᠤᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ︽ᠦᠢᠯᠡᠴᠢᠯᠡᠭᠴᠢ︾ ᠪᠣᠯᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠲᠥᠷᠥ ᠶᠢᠨ ᠪᠣᠳᠣᠯᠭ᠎ᠠ ᠶᠢ ᠬᠦᠢᠴᠡᠳ ᠠᠰᠢᠭᠯᠠᠨ᠂ ᠠᠮᠢᠳᠤᠯᠢᠭ ᠬᠡᠷᠡᠭᠯᠡᠵᠦ᠂ ᠪᠣᠳᠠᠲᠠᠶᠢᠵᠢᠭᠤᠯᠤᠨ ᠬᠡᠷᠡᠭᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠳᠠᠯᠳᠠ ᠬᠦᠴᠦᠨ ᠢ ᠲᠠᠰᠤᠷᠠᠯᠲᠠ ᠥᠬᠡᠶ  ᠬᠦᠭᠵᠢᠬᠡᠪᠡ᠃      ᠲᠠᠷᠠᠭᠠᠴᠢ ᠶᠢᠨ ᠠᠯᠬᠤᠮ ᠳᠤ᠂ ᠵᠢᠱᠢᠶ᠎ᠡ ᠦᠵᠡᠭᠦᠯᠬᠦ ᠣᠷᠣᠨ ᠤ ᠡᠶ᠎ᠡ ᠵᠣᠬᠢᠴᠠᠩᠭᠤᠶ ᠬᠥᠳᠡᠯᠮᠦᠷᠢ ᠶᠢᠨ ᠬᠠᠷᠢᠴᠠᠭ᠎ᠠ ᠶᠢᠨ ᠭᠤᠷᠪᠠᠨ ᠲᠠᠯ᠎ᠠ ᠶᠢᠨ ᠵᠥᠪᠯᠡᠯ ᠰᠦᠯᠵᠢᠶ᠎ᠡ᠂ ᠸᠢᠴᠠᠲ᠂ ᠰᠢᠨ᠎ᠡ ᠵᠠᠭᠤᠴᠢᠯᠠᠭᠤᠷ ᠵᠡᠷᠭᠡ ᠠᠷᠭ᠎ᠠ ᠵᠠᠮ ᠢ ᠬᠦᠢᠴᠡᠳ ᠠᠰᠢᠭᠯᠠᠨ᠂ ︽ᠰᠦᠯᠵᠢᠶᠡᠨ ᠳᠤ + ᠰᠦᠯᠵᠢᠶᠡᠨ ᠭᠠᠳᠠᠨ᠎ᠠ︾ ᠤᠬᠠᠭᠤᠯᠭ᠎ᠠ ᠶᠢᠨ ᠵᠠᠭᠪᠤᠷ ᠢᠶᠠᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠥᠷᠨᠢᠭᠦᠯᠵᠦ᠂ ᠣᠶᠢᠯᠠᠭᠠᠬᠤ ᠬᠡᠪᠴᠢᠶ᠎ᠡ ᠪᠠᠨ ᠥᠷᠭᠡᠳᠬᠡᠨ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠵᠢᠱᠢᠶ᠎ᠡ ᠦᠵᠡᠭᠦᠯᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号