ᠮᠠᠨ ᠤ ᠤᠯᠤᠰ ᠴᠡᠷᠢᠭ ᠬᠥᠮᠦᠨ ᠤ ᠢᠷᠠᠭᠤ ᠠᠯᠳᠠᠷ ᠪᠠ ᠨᠡᠷ᠎ᠡ ᠬᠦᠨᠳᠦ ᠶᠢ ᠬᠠᠤᠯᠢ ᠪᠠᠷ ᠬᠠᠮᠠᠭᠠᠯᠠᠨ᠎ᠠ ᠭᠡᠵᠦ ᠲᠣᠳᠣᠷᠬᠠᠶ ᠲᠣᠭᠲᠠᠭᠠᠪᠠ
ᠨᠡᠶᠢᠲᠡᠯᠡᠭᠰᠡᠨ ᠴᠠᠭ᠄
2021/9/22
      ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯ ᠠᠴᠠ ᠴᠡᠷᠢᠭ ᠬᠦ᠋ᠮᠦᠨ ᠤ ᠪᠠᠶᠢᠷᠢ ᠰᠠᠭᠤᠷᠢ ᠪᠠ ᠡᠷᠬᠡ ᠠᠰᠢᠭ ᠢ ᠪᠠᠲᠤᠯᠠᠬᠤ ᠬᠠᠤᠯᠢ ᠶᠢ ᠪᠠᠲᠤᠯᠠᠵᠤ᠂ ᠴᠡᠷᠢᠭ ᠬᠥᠮᠦᠨ ᠤ ᠢᠷᠠᠭᠤ ᠠᠯᠳᠠᠷ ᠪᠠ ᠨᠡᠷ᠎ᠡ ᠬᠦᠨᠳᠦ ᠶᠢ ᠬᠠᠤᠯᠢ ᠪᠠᠷ ᠬᠠᠮᠠᠭᠠᠯᠠᠨ᠎ᠠ ᠭᠡᠵᠦ ᠲᠣᠳᠣᠷᠬᠠᠶ ᠲᠣᠭᠲᠠᠭᠠᠪᠠ᠃ ᠴᠡᠷᠢᠭ ᠬᠥᠮᠦᠨ ᠣᠯᠤᠭᠰᠠᠨ ᠢᠷᠠᠭᠤ ᠠᠯᠳᠠᠷ ᠢᠶᠠᠨ ᠨᠠᠰᠤᠨ ᠲᠤᠷᠰᠢᠳᠡ ᠡᠳ᠋ᠯᠡᠨ᠎ᠡ᠂ ᠬᠠᠤᠯᠢ ᠪᠠᠷ ᠲᠣᠭᠲᠠᠭᠠᠭᠰᠠᠨ ᠤᠴᠢᠷ ᠰᠢᠯᠲᠠᠭᠠᠨ ᠪᠢᠰᠢ᠂ ᠬᠠᠤᠯᠢ ᠪᠠᠷ ᠲᠣᠭᠲᠠᠭᠠᠭᠰᠠᠨ ᠲᠡᠰ ᠲᠠᠷᠠᠭᠠᠯᠠᠯ ᠢ ᠳᠠᠮᠵᠢᠬᠤ ᠦᠭᠡᠢ ᠪᠠᠷ ᠭᠦᠴᠤᠨ ᠦᠭᠡᠢ ᠪᠤᠯᠭᠠᠵᠤ ᠪᠤᠯᠬᠤ ᠦᠭᠡᠢ᠃ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠶᠠᠮᠠᠷᠪᠠ ᠬᠡᠯᠪᠡᠷᠢ ᠪᠠᠷ ᠴᠡᠷᠢᠭ ᠬᠥᠮᠦᠨ ᠤ ᠢᠷᠠᠭᠤ ᠠᠯᠳᠠᠷ ᠢ ᠭᠤᠲᠤᠭᠠᠨ ᠲᠤᠷᠤᠮᠵᠢᠯᠠᠵᠤ᠂ ᠭᠦᠳᠬᠡᠨ ᠭᠦᠵᠢᠷᠯᠡᠵᠦ ᠪᠣᠯᠬᠤ ᠦᠭᠡᠢ᠂ ᠴᠡᠷᠢᠭ ᠬᠥᠮᠦᠨ ᠤ ᠢᠷᠠᠭᠤ ᠠᠯᠳᠠᠷ ᠤᠨ ᠲᠡᠮᠳᠡᠭ ᠢ ᠵᠣᠷᠢᠭᠤᠳᠠ ᠡᠪᠳᠡᠨ ᠰᠦᠢᠳᠬᠡᠵᠦ᠂ ᠪᠤᠵᠠᠷᠯᠠᠵᠤ ᠪᠣᠯᠬᠤ ᠦᠭᠡᠢ᠃       ᠴᠡᠷᠢᠭ ᠬᠦ᠋ᠮᠦᠨ ᠤ ᠪᠠᠶᠢᠷᠢ ᠰᠠᠭᠤᠷᠢ ᠪᠠ ᠡᠷᠬᠡ ᠠᠰᠢᠭ ᠢ ᠪᠠᠲᠤᠯᠠᠬᠤ ᠬᠠᠤᠯᠢ ᠳᠤ᠂ ᠴᠡᠷᠢᠭ ᠬᠥᠮᠦᠨ ᠤ ᠢᠷᠠᠭᠤ ᠠᠯᠳᠠᠷ᠂ ᠨᠡᠷ᠎ᠡ ᠬᠦᠨᠳᠦ ᠪᠠ ᠪᠤᠰᠤᠳ ᠬᠤᠯᠪᠣᠭᠳᠠᠯ ᠪᠦᠬᠦᠢ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ᠂ ᠴᠡᠷᠢᠭ ᠬᠦ᠋ᠮᠦᠨ ᠤ ᠲᠤᠰᠢᠶᠠᠯ ᠬᠠᠷᠢᠭᠤᠴᠠᠯᠭ᠎ᠠ ᠪᠠᠨ ᠪᠦᠲᠦᠮᠵᠢᠲᠡᠢ ᠭᠦᠢᠴᠡᠳᠬᠡᠬᠦ ᠶᠢ ᠬᠦᠨᠳᠦ ᠨᠣᠴᠢᠲᠠᠢ ᠨᠥᠯᠥᠭᠡᠯᠡᠵᠦ᠂ ᠨᠡᠶᠢᠭᠡᠮ ᠨᠡᠶᠢᠲᠡ ᠶᠢᠨ ᠠᠰᠢᠭ ᠲᠤᠰᠠ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠠᠷᠠᠳ ᠤᠨ ᠪᠠᠶᠢᠴᠠᠭᠠᠬᠤ ᠬᠤᠷᠢᠶ᠎ᠠ ᠢᠷᠭᠡᠨ ᠤ ᠵᠠᠷᠭᠤ ᠶᠢᠨ ᠬᠠᠤᠯᠢ᠂ ᠵᠠᠰᠠᠭ ᠵᠠᠬᠢᠷᠭᠠᠨ ᠤ ᠵᠠᠷᠭᠤ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠨᠡᠶᠢᠲᠡ ᠶᠢᠨ ᠠᠰᠠᠷᠠᠮᠵᠢ ᠶᠢᠨ ᠵᠠᠷᠭᠤ ᠬᠢᠵᠦ ᠪᠣᠯᠤᠨ᠎ᠠ ᠭᠡᠵᠦ ᠵᠢᠭᠠᠵᠤ ᠭᠠᠷᠭᠠᠪᠠ᠃       ᠤᠯᠤᠰ ᠠᠴᠠ ᠴᠡᠷᠢᠭ ᠬᠥᠮᠦᠨ ᠤ ᠢᠷᠠᠭᠤ ᠠᠯᠳᠠᠷ ᠢ ᠬᠠᠮᠠᠭᠠᠯᠠᠵᠤ᠂ ᠴᠡᠷᠢᠭ ᠬᠥᠮᠦᠨ ᠤ ᠢᠷᠠᠭᠤ ᠠᠯᠳᠠᠷ ᠢᠶᠠᠨ ᠡᠷᠬᠢᠮᠯᠡᠨ ᠨᠠᠨᠳᠢᠩᠨᠠᠬᠤ ᠶᠢ ᠵᠣᠷᠢᠭᠵᠢᠭᠤᠯᠤᠨ᠎ᠠ᠃ ᠨᠡᠶᠢᠭᠡᠮ ᠳᠠᠶᠠᠭᠠᠷ ᠢᠶᠠᠨ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠢᠷᠠᠭᠤ ᠠᠯᠳᠠᠷᠲᠤ ᠲᠡᠦᠬᠡ ᠶᠢ ᠰᠤᠷᠤᠯᠴᠠᠵᠤ᠂ ᠴᠡᠷᠢᠭ ᠬᠥᠮᠦᠨ ᠤ ᠭᠠᠪᠢᠶ᠎ᠠ ᠵᠢᠳᠬᠦᠯ ᠪᠠ ᠠᠮᠢ ᠪᠡᠶ᠎ᠡ ᠪᠠᠨ ᠦᠷᠡᠭᠳᠡᠭᠦᠯᠬᠦ ᠵᠣᠷᠢᠭ ᠰᠠᠨᠠᠭ᠎ᠠ ᠶᠢ ᠤᠬᠠᠭᠤᠯᠤᠨ᠂ ᠴᠡᠷᠢᠭ ᠬᠦ᠋ᠮᠦᠨ ᠤ ᠢᠷᠠᠭᠤ ᠠᠯᠳᠠᠷ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠡᠭᠦᠨ ᠤ ᠬᠠᠮᠲᠤ᠂ ᠭᠠᠪᠢᠶ᠎ᠠ ᠵᠢᠳᠬᠦᠯ ᠢᠷᠠᠭᠤ ᠠᠯᠳᠠᠷ ᠤᠨ ᠬᠥᠬᠢᠭᠦᠯᠦᠯ ᠭᠥᠷᠳᠡᠭᠰᠡᠨ ᠴᠡᠷᠢᠭ ᠬᠥᠮᠦᠨ ᠳᠤ ᠵᠣᠬᠢᠬᠤ ᠬᠦᠨᠳᠦᠳᠭᠡᠯ ᠪᠠ ᠬᠠᠷᠠᠭᠠᠯᠵᠠᠯ ᠬᠦᠷᠲᠡᠭᠡᠨ᠎ᠡ᠃ ᠴᠡᠷᠢᠭ ᠬᠥᠮᠦᠨ ᠪᠠᠶᠢᠯᠳᠤᠭᠠᠨ ᠤ ᠡᠭᠦᠷᠭᠡ ᠭᠦᠢᠴᠡᠳᠬᠡᠭᠡᠳ ᠭᠠᠪᠢᠶ᠎ᠠ ᠵᠢᠳᠬᠦᠯ ᠢᠷᠠᠭᠤ ᠠᠯᠳᠠᠷ ᠤᠨ ᠬᠥᠬᠢᠭᠦᠯᠦᠯ ᠣᠯᠤᠭᠰᠠᠨ ᠪᠠᠶᠢᠪᠠᠯ᠂ ᠡᠩ ᠤᠨ ᠦᠶ᠎ᠡ ᠠᠴᠠ ᠳᠡᠭᠡᠭᠦᠷ ᠪᠠᠶᠢᠯᠭᠠᠬᠤ ᠵᠠᠷᠴᠢᠮ ᠶᠣᠰᠣᠭᠠᠷ ᠬᠦᠨᠳᠦᠳᠭᠡᠯ ᠪᠠ ᠬᠠᠷᠠᠭᠠᠯᠵᠠᠯ ᠬᠦᠷᠲᠡᠭᠡᠨ᠎ᠡ᠃       ᠡᠭᠦᠨ ᠠᠴᠠ ᠭᠠᠳᠠᠨ᠎ᠠ᠂ ᠲᠣᠰ ᠬᠠᠤᠯᠢ ᠳᠤ ᠪᠠᠰᠠ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠳᠤ ᠪᠠᠶᠢᠷᠢᠯᠠᠭᠤᠯᠤᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠢᠴᠢᠶᠡᠯ ᠳᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠢᠷᠠᠭᠤ ᠠᠯᠳᠠᠷᠲᠤ ᠲᠡᠦᠬᠡ᠂ ᠴᠡᠷᠢᠭ ᠬᠥᠮᠦᠨ ᠤ ᠪᠠᠭᠠᠲᠤᠷ ᠵᠢᠱᠢᠶᠡᠴᠢ ᠦᠢᠯᠡ ᠠᠵᠢᠯᠯᠠᠭ᠎ᠠ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠶ ᠭᠡᠵᠦ ᠲᠣᠳᠣᠷᠬᠠᠶᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号