ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 16 ᠤ | ᠡᠳᠦᠷ ᠸᠢᠳᠢᠣ᠋ ᠶᠢᠨ ᠬᠡᠯᠪᠡᠷᠢ ᠪᠠᠷ 2021 ᠣᠨ ᠤ ︽ᠳᠤᠮᠳᠠᠳᠤ ᠭᠷᠧᠭ ᠤᠨ ᠰᠣᠶᠣᠯ ᠵᠤᠭᠠᠴᠠᠯ ᠤᠨ ᠣᠨ︾ ᠤ | ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠦᠭᠡ ᠬᠡᠯᠡᠪᠡ᠃ | ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠥᠨᠢ ᠤᠳᠠᠭᠠᠨ ᠲᠡᠦᠬᠡ ᠨᠢ ᠳᠤᠮᠳᠠᠳᠤ ᠭᠷᠧᠭ ᠬᠤᠶᠠᠷ | ᠤᠯᠤᠰ ᠲᠤ ᠤᠳᠤᠨ ᠮᠡᠴᠢᠳ ᠮᠡᠲᠦ ᠰᠣᠶᠣᠯ ᠤᠨ ᠬᠤᠷᠠᠮᠳᠤᠭᠤᠯᠤᠯ ᠢ ᠣᠯᠭᠤᠭᠰᠠᠨ ᠪᠥᠭᠡᠳ ᠬᠤᠶᠠᠷ ᠲᠠᠯ᠎ᠠ ᠶᠢᠨ | ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠴᠢᠩᠭᠠᠳᠬᠠᠬᠤ᠂ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ ᠳᠤ | ᠦᠩ ᠰᠢᠮᠡᠯᠢᠭ ᠬᠥᠷᠥᠰᠥ ᠰᠢᠷᠣᠢ ᠬᠠᠩᠭᠠᠵᠠᠢ᠃ ᠬᠤᠶᠠᠷ ᠤᠯᠤᠰ ᠤᠨ ᠠᠷᠠᠳ ᠲᠦᠮᠡᠨ ᠬᠠᠷᠢᠯᠴᠠᠨ ᠣᠶᠢᠯᠠᠭᠠᠯᠴᠠᠵᠤ | ᠬᠠᠷᠢᠯᠴᠠᠨ ᠳᠣᠲᠣᠨᠣᠴᠢᠯᠠᠬᠤ ᠪᠣᠯ ᠬᠤᠶᠠᠷ ᠲᠠᠯ᠎ᠠ ᠶᠢᠨ ᠬᠢᠨ ᠤ ᠡᠯ᠎ᠡ ᠬᠦᠷᠢᠶᠡᠨ ᠳᠠᠬᠢ ᠡᠶ᠎ᠡ ᠨᠥᠬᠦᠷᠰᠡᠭ ᠬᠠᠷᠢᠯᠴᠠᠨ | ᠠᠰᠢᠭᠲᠠᠢ ᠬᠠᠮᠲᠤᠷᠠᠯᠴᠠᠭ᠎ᠠ ᠶᠢᠨ ᠣᠨᠲᠣᠷᠠᠰᠢ ᠦᠭᠡᠢ ᠬᠥᠳᠡᠯᠭᠡᠬᠦ ᠬᠦᠴᠦᠨ ᠮᠥᠨ᠃ 2019 ᠣᠨ ᠳᠤ᠂ | ᠲᠡᠷᠢᠭᠦᠯᠡᠭᠴᠢ ᠰᠢ ᠶᠢᠨ ᠫᠢᠩ ᠭᠷᠧᠭ ᠲᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ | ᠬᠤᠶᠠᠷ ᠤᠯᠤᠰ ᠤᠨ ᠬᠠᠷᠢᠴᠠᠭ᠎ᠠ ᠶᠢᠨ ᠬᠥᠭᠵᠢᠯᠲᠡ ᠶᠢ ᠬᠦᠴᠦᠲᠡᠢ ᠠᠬᠢᠭᠤᠯᠪᠠ᠃ ᠳᠤᠮᠳᠠᠳᠤ ᠭᠷᠧᠭ ᠤᠨ | ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠮᠵᠢ ᠣᠯᠣᠭᠰᠠᠨ ᠨᠢ᠂ ᠬᠤᠶᠠᠷ ᠤᠯᠤᠰ ᠪᠣᠯᠤᠨ ᠬᠤᠶᠠᠷ | ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠵᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠰᠠᠬᠢᠨ ᠪᠠᠷᠠᠯᠠᠵᠥ ᠬᠠᠷᠢᠯᠴᠠᠨ | ᠬᠠᠪᠰᠤᠷᠤᠯᠴᠠᠵᠤ᠂ ᠬᠦᠴᠢᠷ ᠪᠡᠷᠬᠡᠲᠡᠢ ᠴᠠᠭ ᠮᠥᠴᠡ ᠶᠢ ᠬᠠᠮᠲᠤ ᠪᠠᠷ ᠲᠤᠭᠤᠯᠵᠥ᠂ ᠳᠤᠮᠳᠠᠳᠤ ᠭᠷᠧᠭ ᠤᠨ | ᠨᠥᠬᠦᠷᠯᠡᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ ᠭᠡᠵᠡᠢ᠃ | ᠯᠢ ᠺᠧ ᠴᠢᠶᠠᠩ ᠵᠢᠭᠠᠬᠤ ᠳᠤ ᠪᠠᠨ᠂ ᠢᠷᠡᠬᠦ ᠵᠢᠯ ᠬᠤᠶᠠᠷ ᠤᠯᠤᠰ ᠤᠨ ᠭᠠᠳᠠᠭᠠᠳᠤ ᠬᠠᠷᠢᠴᠠᠭ᠎ᠠ | ᠪᠠᠶᠢᠭᠤᠯᠤᠭᠰᠠᠨ 50 ᠵᠢᠯ ᠤᠨ ᠤᠢ ᠶᠢ ᠤᠭᠲᠤᠬᠤ ᠪᠣᠯᠤᠨ᠎ᠠ᠂ ᠳᠤᠮᠳᠠᠳᠤ ᠭᠷᠧᠭ ᠤᠨ ᠰᠣᠶᠣᠯ ᠵᠤᠭᠠᠴᠠᠯ ᠤᠨ | ᠣᠨ ᠢ ᠡᠨᠡ ᠬᠦ ᠴᠢᠬᠤᠯᠠ ᠴᠠᠭ ᠮᠥᠴᠡ ᠳᠤ ᠡᠷᠬᠢᠯᠡᠭᠰᠡᠨ ᠨᠢ ᠲᠡᠭᠦᠨ ᠤ ᠣᠨᠴᠠᠭᠠᠢ ᠠᠴᠢ ᠬᠤᠯᠪᠣᠭᠳᠠᠯ ᠢ ᠨᠡᠩ | ᠢᠯᠡᠭᠦᠦ ᠬᠠᠷᠠᠭᠤᠯᠵᠤ ᠪᠠᠶᠢᠨ᠎ᠠ᠃ ᠪᠣᠯᠪᠠᠰᠤᠨ ᠢᠶᠠᠨ ᠬᠠᠷᠢᠯᠴᠠᠨ ᠲᠣᠯᠢᠯᠠᠪᠠᠯ ᠨᠡᠩ ᠢᠯᠡᠭᠦᠦ ᠪᠠᠶᠠᠯᠢᠭᠵᠢᠨ ᠬᠥᠭᠵᠢᠵᠦ | ᠂ ᠠᠷᠠᠳ ᠤᠨ ᠰᠡᠳᠬᠢᠯ ᠨᠢ ᠰᠣᠯᠢᠯᠴᠠᠭ᠎ᠠ ᠪᠠᠷ ᠳᠠᠮᠵᠢᠨ ᠤᠯᠠᠮ ᠠᠴᠠ ᠣᠶᠢᠯᠠᠭᠠᠯᠴᠠᠨ ᠨᠡᠪᠲᠡᠷᠡᠯᠴᠡᠳᠡᠭ᠃ ᠡᠨᠡ | ᠤᠳᠠᠭ᠎ᠠ ᠶᠢᠨ ᠠᠵᠢᠯᠯᠠᠭ᠎ᠠ ᠨᠢ ᠳᠤᠮᠳᠠᠳᠤ ᠭᠷᠧᠭ ᠤᠨ ᠣᠶᠢᠯᠠᠭᠠᠯᠴᠠᠭ᠎ᠠ ᠪᠠᠨ ᠨᠡᠮᠡᠭᠳᠡᠭᠦᠯᠬᠦ᠂ ᠤᠯᠠᠮᠵᠢᠯᠠᠯᠲᠤ | ᠨᠥᠬᠦᠷᠯᠡᠯ ᠢᠶᠠᠨ ᠭᠦᠨᠵᠡᠭᠡᠶᠢᠷᠡᠭᠦᠯᠬᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠬᠤ ᠰᠢᠨ᠎ᠡ ᠬᠢᠯᠠᠰ | ᠴᠡᠭ ᠪᠣᠯᠬᠤ ᠶᠢ ᠢᠲᠡᠭᠡᠵᠦ ᠪᠠᠶᠢᠨ᠎ᠠ ᠭᠡᠵᠡᠢ᠃ | ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠣᠳᠣᠬᠠᠨ ᠤ ᠣᠯᠠᠨ ᠤᠯᠤᠰ ᠤᠨ ᠪᠠᠶᠢᠳᠠᠯ ᠨᠠᠷᠢᠨ | ᠪᠤᠳᠤᠯᠢᠶᠠᠨᠲᠠᠢ ᠮᠥᠷᠲᠡᠭᠡᠨ ᠭᠦᠨᠵᠡᠭᠡᠢ ᠬᠤᠪᠢᠰᠤᠯᠲᠠ ᠶᠢ ᠥᠩᠭᠡᠷᠡᠭᠡᠵᠦ᠂ ᠡᠯ᠎ᠡ ᠲᠦᠷᠦᠯ ᠤᠨ ᠥᠷᠢᠰᠥᠯᠳᠦᠭᠡᠨ ᠢ | ᠠᠷᠭᠠᠴᠠᠭᠠᠬᠤ ᠴᠢᠬᠤᠯᠠᠲᠠᠢ ᠮᠥᠷᠲᠡᠭᠡᠨ ᠡᠯ᠎ᠡ ᠵᠦᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ᠃ | ᠪᠣᠯᠪᠠᠰᠤᠨ ᠤ ᠰᠣᠯᠢᠯᠴᠠᠭ᠎ᠠ ᠲᠣᠯᠢᠯᠠᠭᠤᠯᠤᠯᠲᠠ ᠶᠢ ᠠᠬᠢᠭᠤᠯᠬᠤ ᠪᠣᠯ ᠪᠢᠳᠡᠨ ᠤ ᠤᠶᠤᠨ ᠤᠬᠠᠭᠠᠨ ᠪᠠ ᠬᠦᠴᠦᠨ | ᠴᠢᠳᠠᠯ ᠤᠯᠬᠤ ᠶᠢᠨ ᠦᠨᠳᠦᠰᠦᠨ ᠠᠷᠭ᠎ᠠ ᠵᠠᠮ ᠪᠣᠯᠤᠨ᠎ᠠ᠃ ᠳᠤᠮᠳᠠᠳᠤ ᠤᠯᠤᠰ ᠪᠣᠯᠤᠨ ᠭᠷᠧᠭ ᠤᠨ ᠬᠢᠨ ᠬᠥᠮᠦᠨ | ᠲᠥᠷᠥᠯᠬᠢᠲᠡᠨ ᠤ ᠲᠡᠦᠬᠡ ᠶᠢᠨ ᠬᠥᠭᠵᠢᠯᠲᠡ ᠪᠣᠯᠤᠨ ᠪᠣᠯᠪᠠᠰᠤᠨ ᠤ ᠲᠠᠪᠰᠢᠯᠳᠠ ᠶᠢ ᠠᠬᠢᠭᠤᠯᠬᠤ ᠬᠠᠷᠢᠭᠤᠴᠠᠯᠭ᠎ᠠ ᠶᠢ | ᠡᠭᠦᠷᠭᠡᠯᠡᠵᠦ᠂ ᠭᠠᠷ ᠭᠠᠷ ᠢᠶᠠᠨ ᠬᠤᠯᠪᠣᠯᠴᠠᠨ ᠴᠢᠷᠮᠠᠶᠢᠵᠤ᠂ ᠬᠤᠶᠠᠷ ᠤᠯᠤᠰ ᠤᠨ ᠥᠨᠢ ᠡᠷᠲᠡᠨ ᠤ ᠤᠶᠤᠨ | ᠤᠬᠠᠭᠠᠨ ᠤ ᠣᠬᠢ ᠰᠣᠳᠣ᠂ ᠠᠷᠠᠳ ᠤᠨ ᠰᠡᠳᠬᠢᠯ ᠤᠨ ᠲᠣᠲᠣᠨᠣᠰᠤᠭ ᠣᠶᠢᠯᠠᠭᠠᠯᠴᠠᠭ᠎ᠠ᠂ ᠪᠣᠯᠪᠠᠰᠤᠨ ᠤ | ᠰᠣᠯᠢᠯᠴᠠᠭ᠎ᠠ ᠠᠭᠤᠰᠤᠯᠴᠠᠯ ᠤᠨ ᠦᠷ᠎ᠡ ᠪᠦᠲᠦᠭᠡᠯ ᠢ ᠨᠡᠩ ᠭᠡᠷᠡᠯ ᠰᠠᠴᠤᠷᠠᠩᠭᠤᠢ ᠪᠣᠯᠭᠠᠬᠤ ᠬᠡᠷᠡᠭᠲᠡᠢ ᠭᠡᠵᠡᠢ᠃ | ᠭᠷᠧᠭ ᠤᠨ ᠶᠡᠷᠦᠩᠬᠡᠢ ᠰᠠᠶᠢᠳ ᠮᠢᠽᠣᠸ᠋ᠲ᠋ᠠᠺᠢᠰ ᠸᠢᠳᠢᠣ᠋ ᠪᠠᠷ ᠪᠠᠶᠠᠷ ᠤᠨ ᠦᠭᠡ ᠬᠡᠯᠡᠪᠡ᠃ |