2021 ᠪᠠᠳᠠᠶ ᠶᠢᠨ ᠵᠢᠷᠠᠨ ᠡᠯᠡᠰᠦ ᠮᠠᠩᠬᠠᠨ ᠤ ᠰᠣᠶᠣᠯ ᠵᠢᠭᠤᠯᠴᠢᠯᠠᠯ ᠤᠨ ᠨᠠᠶᠢᠷ ᠤᠳᠠᠯ ᠦᠬᠡᠢ ᠡᠬᠢᠯᠡᠬᠦ ᠪᠠᠷ ᠪᠤᠢ
ᠨᠡᠶᠢᠲᠡᠯᠡᠭᠰᠡᠨ ᠴᠠᠭ᠄
2021/9/23
     2021 ᠣᠨ ᠤ ᠪᠠᠳᠠᠶ ᠶᠢᠨ ᠵᠢᠷᠠᠡ ᠡᠯᠡᠰᠦ ᠮᠠᠩᠬᠠᠨ  ᠤ ᠰᠣᠶᠣᠯ ᠵᠢᠭᠤᠯᠴᠢᠯᠠᠯ  ᠤᠨ ᠨᠠᠶᠢᠷ 9 ᠰᠠᠷ᠎ᠠ ᠶᠢᠨ 26  ᠤ ᠡᠳᠦᠷ ᠠᠯᠲᠠᠨᠴᠤᠭ ᠰᠤᠮᠤᠨ  ᠤ ᠮᠣᠷᠢᠨ ᠤᠷᠤᠯᠳᠤᠭᠠᠨ  ᠤ ᠲᠠᠯᠠᠪᠠᠶ  ᠳᠤ ᠶᠠᠪᠤᠭᠳᠠᠬᠤ ᠪᠠᠷ ᠪᠤᠯᠤᠭᠰᠠᠨ ᠪᠠᠶᠢᠨ᠎ᠠ᠃       ᠲᠣᠰ ᠤᠳᠠᠭᠠᠨ ᠤ ᠠᠵᠢᠯᠯᠠᠭ᠎ᠠ ᠳᠤ᠂ ︽︿ᠡᠭᠦᠷᠢᠳᠡ ᠨᠠᠮ ᠢᠶᠠᠨ ᠳᠠᠭᠠᠨ᠎ᠠ﹀ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠢᠷᠠᠭᠤ ᠨᠠᠶᠢᠷᠠᠭ ᠤᠨ ᠤᠷᠠᠨ ᠤᠩᠰᠢᠯᠭ᠎ᠠ ᠶᠢᠨ ᠤᠷᠤᠯᠳᠤᠭᠠᠨ ᠵᠢᠴᠢ ᠵᠣᠬᠢᠶᠠᠯ ᠡᠯᠰᠡᠬᠦ ᠤᠷᠤᠯᠳᠤᠭᠠᠨ ᠤ ᠬᠠᠮᠲᠤᠷᠠᠭᠰᠠᠨ ᠲᠡᠭᠦᠪᠦᠷᠢ︾ ᠶᠢ ᠠᠩᠬ᠎ᠠ ᠲᠠᠷᠬᠠᠭᠠᠬᠤ ᠶᠣᠰᠣᠯᠠᠯ᠂ ︽ᠤᠶᠠᠩᠭ᠎ᠠ ᠶᠢᠨ ᠠᠯᠠᠱᠠ︾ ᠳᠤᠮᠳᠠᠳᠤ ᠤᠯᠤᠰ ᠤᠨ ᠵᠢᠷᠤᠭ ᠤᠨ ᠪᠦᠲᠦᠭᠡᠯ ᠤᠨ ᠦᠵᠡᠬᠦᠯᠦᠯᠬᠡ᠂ ᠰᠢ ᠵᠦᠴᠦᠭᠡ ᠶᠢᠨ ᠪᠣᠳᠠᠰ ᠤᠨ ᠪᠤᠰᠤ ᠰᠣᠶᠣᠯ ᠤᠨ ᠥᠪ ᠤᠨ  ᠦᠵᠡᠬᠦᠯᠦᠯᠬᠡ ᠵᠢᠴᠢ ᠤᠷᠳᠤ ᠶᠢᠨ ᠲᠠᠭᠤᠤ ᠶᠢᠨ ᠨᠠᠶᠢᠷ ᠤᠨ ᠪᠤᠳᠠᠰ ᠤᠨ ᠪᠤᠰᠤ ᠰᠣᠶᠣᠯ ᠤᠨ ᠥᠪ ᠤᠨ ᠲᠣᠭᠯᠠᠯᠲᠠ ᠵᠡᠷᠭᠡ ᠠᠭᠤᠯᠭ᠎ᠠ ᠶᠢ ᠲᠤᠬᠢᠷᠠᠭᠤᠯᠬᠤ ᠠᠴᠠ ᠭᠠᠳᠠᠨ᠎ᠠ᠂ ᠡᠷᠡᠭᠳᠡᠢ ᠡᠮᠡᠭᠳᠡᠢ ᠶᠢᠨ ᠪᠥᠬᠡ᠂ ᠱᠠᠯᠪᠦᠷ᠂ ᠲᠡᠮᠡᠭᠡ ᠮᠣᠷᠢᠨ ᠤ ᠤᠷᠤᠯᠳᠤᠭᠠᠨ᠂ ᠮᠣᠩᠭᠤᠯ ᠰᠢᠲᠠᠷ᠎ᠠ᠂ ᠰᠤᠷ ᠬᠠᠷᠪᠤᠬᠤ ᠵᠡᠷᠬᠡ ᠤᠷᠤᠯᠳᠤᠭᠠᠨ ᠮᠦᠷᠦ᠋ᠢᠴᠡᠬᠡᠨ ᠢ ᠲᠤᠬᠢᠷᠠᠭᠤᠯᠤᠭᠰᠠᠨ ᠪᠠᠶᠢᠨ᠎ᠠ᠃      2021 ᠣᠨ ᠤ ᠪᠠᠳᠠᠢ ᠶᠢᠨ ᠵᠢᠷᠠᠨ ᠡᠯᠡᠰᠦ ᠮᠠᠩᠬᠠᠨ ᠤ ᠰᠣᠶᠣᠯ ᠵᠢᠭᠤᠯᠴᠢᠯᠠᠯ ᠤᠨ ᠨᠠᠶᠢᠷ ᠨᠠᠭᠠᠳᠤᠮ ᠤᠨ ᠡᠬᠢᠯᠡᠯᠲᠡ ᠶᠢᠨ ᠶᠣᠰᠣᠯᠠᠯ ᠨᠢ ᠠᠯᠲᠠᠨᠴᠡᠴᠡᠭ ᠤᠨ ᠣᠷᠳᠣ ᠶᠢᠨ ᠳᠠᠭᠤᠤ᠂ ᠠᠷᠠᠳ ᠤᠨ ᠨᠠᠶᠢᠷᠠᠯ ᠬᠥᠭᠵᠢᠮ᠂ ᠠᠬᠠᠮᠠᠳ ᠢᠳᠡᠷ ᠵᠠᠯᠠᠭᠤᠴᠤᠳ ᠤᠨ ᠲᠣᠪᠰᠢᠭᠤᠷ ᠤᠨ ᠨᠠᠶᠢᠷᠠᠯ ᠳᠠᠭᠤᠤ᠂ ᠲᠣᠮᠣ ᠬᠡᠯᠪᠡᠷᠢ ᠶᠢᠨ ᠳᠠᠭᠤᠤ ᠪᠥᠵᠢᠭ ᠤᠨ ᠲᠣᠭᠯᠠᠯᠲᠠ ︽ᠨᠢᠭᠡᠳᠤᠯ ᠤᠨ ᠲᠡᠮᠡᠭᠡᠴᠢᠨ︾᠂ ᠮᠣᠷᠢᠨ ᠬᠤᠭᠤᠷ ᠤᠨ ᠨᠠᠶᠢᠷᠠᠯ ᠬᠥᠭᠵᠢᠮ ᠵᠢᠴᠢ ᠲᠣᠮᠣ ᠬᠡᠯᠪᠡᠷᠢ ᠶᠢᠨ ᠳᠠᠭᠤᠤ ᠪᠥᠵᠢᠭ ︽ᠲᠤᠮᠳᠠᠳᠤ ᠶᠢᠨ ᠥᠨᠳᠤᠰᠤᠳᠠᠨ︾ ᠵᠡᠷᠭᠡ 6 ᠲᠣᠭᠯᠠᠯᠲᠠ ᠪᠠᠷ ᠪᠦᠷᠢᠯᠳᠦᠪᠡ᠃ ᠬᠢᠵᠢᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠮᠡᠷᠬᠡᠨ ᠴᠤᠬᠤᠷ ᠢ ᠰᠢᠷᠪᠢᠵᠦ ᠲᠠᠯᠠᠪᠤᠷ ᠲᠤ ᠣᠷᠣᠬᠤ᠂ ᠪᠡᠶ᠎ᠡ ᠶᠢᠨ ᠳᠣᠯᠠᠭᠠᠨ ᠢ ᠬᠡᠮᠵᠢᠬᠦ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠥᠷᠨᠢᠬᠦ ᠶᠢ ᠪᠠᠳᠤᠯᠠᠬᠤ ᠪᠠᠷ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号