ᠠᠯᠠᠱᠠ ᠵᠡᠬᠦᠨ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠪᠤᠯᠪᠠᠰᠤᠨ ᠰᠤᠷᠭᠠᠭᠤᠯᠢ ᠶᠢᠨ ᠬᠦᠷᠢᠶ᠎ᠠ ᠶᠢ ᠴᠤᠬᠴᠠᠯᠠᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2021/9/23
    9 ᠰᠠᠷ᠎ᠠ ᠶᠢᠨ 17 ᠤ ᠡᠳᠦᠷ᠂ ︽ᠠᠯᠢ ᠠᠩᠬᠢ ᠰᠠᠶᠢᠬᠠᠨ ᠵᠤᠬᠰᠤᠵᠤ ᠪᠠᠶᠢᠪᠠᠯ ᠠᠯᠢ ᠠᠩᠬᠢ ᠶᠢ ᠤᠷᠢᠳᠡᠪᠡᠷ ᠤᠷᠤᠭᠤᠯᠤᠨ᠎ᠠ︾ ᠭᠡᠮᠡᠨ ᠪᠠᠭᠰᠢ ᠶᠢᠨ ᠵᠤᠷᠢᠬᠵᠢᠭᠤᠯᠤᠯ ᠲᠤᠤᠷ ᠎ᠠ ᠬᠢᠴᠢᠶᠠᠯ ᠳᠡᠭᠡᠨ ᠢᠷᠡᠭᠰᠡᠨ ᠰᠤᠷᠤᠬᠴᠢᠳ ᠰᠤᠷᠭᠠᠭᠤᠯᠢ ᠶᠢᠨ ᠬᠦᠷᠢᠶᠠᠨ ᠭᠠᠳᠠᠨ᠎ᠠ ᠲᠡᠷᠢ ᠲᠡᠭᠰᠢ ᠮᠦᠷᠯᠡᠨ ᠵᠤᠬᠰᠤᠨ᠎ᠠ᠃ ᠡᠨᠡ ᠪᠤᠯ ᠠᠯᠠᠱᠠ ᠵᠡᠬᠦᠨ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠡᠳᠦᠷ ᠪᠤᠯᠭᠠᠨ ᠤ ᠶᠠᠪᠤᠬᠳᠠᠭᠤᠯᠵᠤ ᠪᠠᠶᠢᠭ᠎ᠠ ᠪᠤᠯᠪᠠᠰᠤᠨ ᠰᠤᠷᠭᠠᠭᠤᠯᠢ ᠶᠢᠨ ᠬᠦᠷᠢᠶ᠎ᠠ ᠶᠢ ᠴᠤᠬᠴᠠᠯᠠᠨ ᠪᠠᠶᠢᠭᠤᠯᠬᠤ ᠠᠵᠢᠯᠯᠠᠭ᠎ᠠ ᠶᠢᠨ ᠨᠢᠭᠡ ᠪᠤᠯᠤᠨ᠎ᠠ᠃     ᠰᠤᠷᠤᠬᠴᠢ ᠶᠢᠨ ᠬᠤᠷᠠᠯ ᠤᠨ ᠲᠦᠯᠦᠭᠡᠯᠡᠭᠴᠢ ᠶᠢᠨ ᠱᠦᠭᠯᠦ ᠦᠯᠢᠶᠡᠬᠦ ᠲᠠᠭᠤ ᠪᠠᠷ ᠡᠯ᠎ᠠ ᠠᠩᠬᠢ ᠶᠢᠨ ᠬᠢᠨ ᠰᠤᠷᠭᠠᠭᠤᠯᠢ ᠶᠢᠨ ᠬᠦᠷᠢᠶᠠᠨ ᠳᠡᠭᠡᠨ ᠤᠷᠤᠵᠤ᠂ ᠵᠤᠷᠰᠢᠯ ᠶᠤᠰᠤᠭᠠᠷ ᠠᠩᠬᠢ ᠪᠤᠯᠭᠠᠨ ᠳᠤ ᠲᠤᠬᠢᠷᠠᠭᠤᠯᠤᠬᠰᠠᠨ ᠱᠤᠭᠤᠮ ᠢᠶᠠᠷ ᠠᠩᠬᠢ ᠶᠢᠨ ᠭᠡᠷ ᠤᠷᠤᠭᠤ ᠴᠢᠭᠯᠡᠨ᠎ᠠ᠃ ᠡᠨᠡ ᠨᠢ ᠲᠤᠰ ᠰᠤᠷᠭᠠᠭᠤᠯᠢ ᠶᠢᠨ ᠦᠷᠯᠦᠭᠡ ᠡᠷᠳᠡ ᠶᠢᠨ ᠨᠢᠭᠡᠨ ᠭᠤᠶᠤ ᠦᠵᠡᠮᠵᠢ ᠪᠤᠯᠤᠬᠰᠠᠨ ᠪᠠᠶᠢᠨ᠎ᠠ᠃ ᠲᠤᠰ ᠰᠤᠷᠭᠠᠭᠤᠯᠢ ᠶᠢᠨ ᠬᠢᠨ ᠪᠤᠯᠪᠠᠰᠤᠨ ᠰᠤᠷᠭᠠᠭᠤᠯᠢ ᠶᠢᠨ ᠬᠦᠷᠢᠶᠠᠨ ᠤ ᠴᠤᠬᠴᠠᠯᠠᠨ ᠪᠠᠶᠢᠭᠤᠯᠤᠯᠳᠠ ᠶᠢ ᠦᠷᠬᠦᠯᠵᠢ ᠴᠢᠬᠤᠯᠠᠴᠢᠯᠠᠨ᠂ ᠰᠤᠷᠤᠬᠴᠢ ᠪᠤᠯᠭᠠᠨ ᠪᠠᠭᠰᠢ ᠠᠴᠠ ᠪᠠᠨ ᠠᠮᠤᠷ ᠮᠠᠨᠳᠤ ᠠᠰᠠᠭᠤᠬᠤ᠂ ᠰᠤᠷᠤᠬᠴᠢ ᠶᠢᠨ ᠬᠤᠷᠠᠯ ᠵᠢᠴᠢ ᠬᠤᠰᠢᠭᠤᠴᠢ ᠠᠩᠬᠢ ᠶᠢᠨ ᠤᠢᠢᠯᠡᠳᠦᠯ ᠢ ᠬᠦᠢᠴᠡᠳ ᠪᠠᠳᠠᠷᠠᠭᠤᠯᠤᠨ᠂ ᠬᠤᠭᠤᠯᠠᠨ ᠲᠢᠩᠬᠢᠮ ᠵᠡᠷᠭᠡ ᠤᠯᠠᠨ ᠨᠡᠶᠢᠳᠡ ᠶᠢᠨ ᠲᠠᠯᠠᠪᠤᠷ ᠲᠤ ᠪᠦᠷ ᠮᠦᠷᠯᠡᠨ ᠵᠢᠬᠰᠠᠬᠤ ᠶᠢ ᠰᠤᠷᠳᠠᠯᠴᠢᠯᠠᠨ ᠤᠢᠢᠯᠡᠳᠦᠯᠭᠡᠵᠢᠬᠦᠯᠵᠤ᠂ ᠤᠳᠤ ᠪᠤᠯᠬᠤ ᠳᠤ ᠨᠡᠯᠢᠶᠠᠳ ᠰᠠᠶᠢᠨ ᠦᠷ᠎ᠠ ᠪᠦᠳᠦᠮᠵᠢ ᠤᠯᠤᠬᠰᠠᠨ ᠪᠠᠶᠢᠨ᠎ᠠ᠃ ︽ᠶᠤᠰᠤ ᠰᠤᠷᠳᠠᠬᠤᠨ ᠲᠠᠢ ᠬᠦᠮᠦᠨ ᠢ ᠬᠦᠮᠦᠵᠢᠬᠦᠯᠬᠦ ᠪᠤᠯ ᠮᠠᠨ ᠤ ᠰᠤᠷᠭᠠᠭᠤᠯᠢ ᠶᠢᠨ ᠦᠨᠳᠦᠰᠦᠨ ᠡᠬᠦᠷᠭᠡ᠂ ᠮᠦᠨ ᠴᠤ ᠲᠦᠯᠦᠪᠯᠡᠭᠡ ᠲᠠᠢ ᠪᠠᠷ ᠪᠠᠶᠠᠯᠡᠬᠦᠯᠬᠦ ᠪᠠᠷ ᠴᠢᠷᠮᠠᠶᠢᠵᠤ ᠪᠠᠶᠢᠭ᠎ᠠ ᠭᠤᠤᠯᠳᠠᠯᠭ᠎ᠠ ᠲᠠᠢ ᠠᠵᠢᠯ ᠤᠨ ᠨᠢᠭᠡ ᠪᠤᠯᠤᠨ᠎ᠠ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯᠯᠠᠭ᠎ᠠ ᠪᠠᠷ ᠲᠠᠮᠵᠢᠨ ᠰᠤᠷᠭᠠᠭᠤᠯᠢ ᠶᠢᠨ ᠪᠠᠭᠰᠢ ᠰᠤᠷᠤᠭᠴᠢᠳ ᠤᠨ ᠪᠣᠯᠪᠠᠰᠤᠨ ᠪᠠᠶᠢᠬᠤ ᠤᠬᠠᠮᠰᠠᠷ ᠪᠠ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ ᠢᠯᠡᠳᠲᠡ ᠳᠡᠭᠡᠭᠰᠢᠯᠡᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠥᠳᠬᠡᠨ ᠪᠤᠯᠵᠤ᠂ ᠡᠭᠦᠳᠦᠨ ᠪᠠᠶᠢᠭᠤᠯᠬᠤ ᠠᠵᠢᠯ ᠮᠠᠰᠢ ᠰᠠᠶᠢᠨ ᠦᠷ᠎ᠡ ᠪᠦᠲᠦᠮᠵᠢ ᠤᠯᠪᠠ︾ ᠭᠡᠮᠡᠨ ᠲᠤᠰ ᠡᠳᠦᠷ ᠤᠨ ᠵᠢᠵᠢᠭᠦᠷᠯᠡᠭᠴᠢ ᠪᠠᠭᠰᠢ᠂ ᠠᠯᠠᠱᠠ ᠵᠡᠬᠦᠨ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠨᠡᠮ ᠤᠨ ᠶᠡᠷᠦᠩᠬᠡᠢ ᠡᠬᠦᠷ ᠤᠨ ᠱᠦᠵᠢ ᠬᠤ᠋ ᠰᠦᠮᠪᠦᠷ ᠶᠠᠷᠢᠨ᠎ᠠ᠃     ᠤᠢᠢᠷ᠎ᠠ ᠶᠢᠨ ᠵᠢᠯ ᠤᠨ ᠲᠤᠷᠰᠢ᠂ ᠲᠤᠰ ᠰᠤᠷᠭᠠᠭᠤᠯᠢ ᠦᠷᠭᠦᠯᠵᠢ ᠭᠤᠤᠯ ᠰᠡᠳᠦᠪᠲᠦ ᠠᠩᠭᠢ ᠶᠢᠨ ᠬᠤᠷᠠᠯ᠂ ᠡᠪᠯᠡᠯ ᠤᠨ ᠬᠤᠷᠠᠯ ᠢ ᠲᠤᠬᠢᠶᠠᠯᠳᠤᠭᠤᠯᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠠᠬᠢᠯᠭ᠎ᠠ ᠲᠦᠷᠢᠮ ᠪᠠ ᠡᠳᠦᠷ ᠲᠤᠲᠤᠮ ᠤᠨ ᠦᠢᠯᠡ ᠠᠵᠢᠯᠯᠠᠭᠠᠨ ᠤ ᠵᠢᠷᠤᠮᠵᠢᠯ ᠤᠨ ᠬᠥᠮᠦᠵᠢᠯ᠂ ᠦᠵᠡᠯ ᠰᠠᠨᠠᠭ᠎ᠠ ᠵᠠᠩ ᠮᠣᠷᠠᠯ ᠤᠨ ᠬᠢᠴᠢᠶᠡᠯ ᠳᠤ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠵᠠᠩ ᠰᠤᠷᠲᠠᠯ ᠪᠠ ︽ᠭᠤᠷᠪᠠ ᠶᠢ ᠬᠠᠶᠢᠷᠠᠯᠠᠵᠤ ᠭᠤᠷᠪᠠ ᠶᠢ ᠡᠷᠬᠢᠮᠯᠡᠬᠦ︾ ᠬᠥᠮᠦᠵᠢᠯ ᠬᠢᠬᠦ᠂ ᠲᠤᠭ ᠮᠠᠨᠳᠤᠭᠤᠯᠬᠤ᠂ ᠲᠤᠭ ᠪᠠᠭᠤᠯᠭᠠᠬᠤ ᠶᠣᠰᠣᠯᠠᠯ ᠳᠡᠭᠡᠷ᠎ᠡ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠳᠠ ᠶᠢᠨ ᠰᠤᠷᠭᠠᠨ ᠬᠥᠮᠦᠵᠢᠯ ᠢ ᠶᠠᠪᠤᠭᠳᠠᠭᠤᠯᠵᠦ᠂ ︽ᠦᠢᠯᠡᠳᠦᠯᠭᠡ ᠪᠠᠷ ᠬᠥᠮᠦᠨ ᠬᠥᠮᠦᠵᠢᠭᠦᠯᠬᠦ︾ ᠶᠣᠰᠣ ᠰᠤᠷᠲᠠᠬᠤᠨ ᠤ ᠬᠥᠮᠦᠵᠢᠯ ᠤᠨ ᠠᠵᠢᠯ ᠢ ᠭᠤᠣᠯᠳᠠᠯᠭ᠎ᠠ ᠲᠠᠢ ᠪᠠᠬᠢᠵᠢᠭᠦᠯᠦᠨ ᠵᠣᠬᠢᠬᠤ ᠦᠷ᠎ᠡ ᠪᠦᠲᠦᠮᠵᠢ ᠣᠯᠵᠠᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号