ᠳᠤᠮᠳᠠᠳᠤ ᠤᠯᠤᠰ ︵ᠡᠵᠡᠨ᠎ᠡ︶ ᠤᠨ ᠪᠣᠭᠤᠮᠲᠠ ᠶᠢᠨ ᠣᠯᠠᠨ ᠤᠯᠤᠰ ᠤᠨ ᠲᠠᠸᠠᠷ ᠤᠨ ᠦᠵᠡᠰᠬᠦᠯᠡᠩ ᠢ 9 | ᠰᠠᠷ᠎ᠠ ᠶᠢᠨ 28 ᠤ ᠡᠳᠦᠷ ᠠᠴᠠ 10 ᠰᠠᠷ᠎ᠠ ᠶᠢᠨ 15 ᠤ ᠡᠳᠦᠷ ᠪᠤᠯᠳᠠᠯ᠎ᠠ ᠡᠵᠡᠨ᠎ᠡ ᠬᠤᠰᠢᠭᠤᠨ ᠤ ᠵᠢᠤᠢ ᠶᠠᠨ | ᠰᠣᠶᠣᠯ ᠤᠨ ᠬᠤᠲᠠ ᠳᠤ ᠡᠷᠬᠢᠯᠡᠭᠦ ᠪᠠᠷ ᠪᠤᠢ᠃ | ᠳᠤᠮᠳᠠᠳᠤ ᠤᠯᠤᠰ ︵ᠡᠵᠡᠨ᠎ᠡ︶ ᠤᠨ ᠪᠣᠭᠤᠮᠲᠠ ᠶᠢᠨ ᠣᠯᠠᠨ ᠤᠯᠤᠰ ᠤᠨ ᠲᠠᠸᠠᠷ ᠤᠨ ᠦᠵᠡᠰᠬᠦᠯᠡᠩ ᠤᠨ | ᠴᠤᠭᠯᠠᠭᠠᠨ ᠤ ᠡᠬᠢᠯᠡᠯᠲᠡ ᠶᠢᠨ ᠶᠣᠰᠣᠯᠠᠯ ᠨᠢ 9 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ ᠶᠢᠨ 9᠄ | 00 — 10᠄ 00 ᠴᠠᠭ ᠲᠤ ᠶᠠᠪᠤᠭᠳᠠᠬᠤ ᠪᠤᠯᠤᠨ᠎ᠠ᠃ ᠦᠵᠡᠰᠬᠦᠯᠡᠩ ᠤᠨ ᠬᠤᠭᠤᠴᠠᠭᠠᠨ ᠳᠤ ᠬᠤᠶᠠᠳᠤᠭᠠᠷ | ᠬᠤᠭᠤᠴᠠᠭᠠᠨ ᠤ ᠵᠢᠤᠢ ᠶᠠᠨ ᠰᠣᠶᠣᠯ ᠤᠨ ᠣᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ | ᠬᠤᠷᠠᠯ᠂ ᠱᠠᠩᠬᠠᠶ ᠶᠢᠨ ᠬᠠᠮᠲᠤᠷᠠᠯᠴᠠᠭᠠᠨ ᠤ ᠣᠨᠴᠠᠯᠢᠭᠲᠤ ᠲᠠᠸᠠᠷ ᠤᠨ ᠦᠵᠡᠬᠦᠯᠦᠯᠬᠡ᠂ ᠳᠤᠮᠳᠠᠳᠤ ᠤᠯᠤᠰ ᠤᠨ | ᠦᠨᠳᠦᠰᠦᠲᠡᠨ ᠤ ᠠᠷᠠᠯᠵᠢᠶ᠎ᠠ ᠶᠢᠨ ᠨᠢᠭᠡ ᠨᠤᠳᠤᠭ ᠤᠨ ᠨᠢᠭᠡ ᠨᠡᠷ᠎ᠡ ᠲᠡᠮᠳᠡᠭᠲᠦ ᠶᠢᠨ ᠲᠤᠰᠬᠠᠢ ᠲᠤᠭᠤᠷᠢᠭ ᠤᠨ | ᠦᠵᠡᠬᠦᠯᠦᠯᠬᠡ᠂ ᠠᠯᠠᠱᠠ ᠶᠢᠨ ᠣᠨᠴᠠᠯᠢᠭᠲᠤ ᠲᠠᠸᠠᠷ ᠤᠨ ᠦᠵᠡᠬᠦᠯᠦᠯᠬᠡ᠂ ᠱᠧᠩ ᠱᠢ ᠰᠤᠶᠤᠯ ᠤᠨ ᠤᠷᠠᠨ | ᠡᠭᠦᠳᠦᠯᠳᠡ ᠶᠢᠨ ᠦᠢᠯᠡᠳᠭᠦᠨ ᠤ ᠦᠵᠡᠬᠦᠯᠦᠯᠬᠡ᠂ ᠨᠡᠷᠡᠲᠦ ᠰᠢᠯᠢᠳᠡᠭ ᠣᠯᠠᠨ ᠤᠯᠤᠰ ᠤᠨ ᠲᠠᠸᠠᠷ ᠤᠨ ᠣᠨᠴᠠ | ᠤᠷᠢᠭᠰᠠᠨ ᠦᠵᠡᠬᠦᠯᠦᠯᠬᠡ᠂ ᠳᠤᠮᠳᠠᠳᠤ ᠮᠣᠩᠭᠤᠯ ︵ᠣᠯᠠᠨ ᠤᠯᠤᠰ︶ ᠤᠨ ᠦᠵᠡᠮᠦᠷᠢ ᠶᠢᠨ ᠴᠢᠯᠠᠭᠤ ᠡᠷᠳᠡᠨᠢ ᠬᠠᠰ | ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ᠂ ᠦᠵᠡᠮᠦᠷᠢ ᠶᠢᠨ ᠡᠷᠳᠡᠨᠢ ᠬᠠᠰ ᠴᠢᠯᠠᠭᠤᠨ ᠤ ᠦᠵᠡᠬᠦᠯᠦᠯᠬᠡ᠂ | ᠠᠮᠲᠠᠲᠤ ᠢᠳᠡᠭᠡᠨ ᠤ ᠨᠠᠶᠢᠷ ᠵᠡᠷᠭᠡ ᠠᠭᠤᠯᠭ᠎ᠠ ᠪᠠᠷ ᠪᠠᠶᠠᠯᠢᠭ ᠠᠵᠢᠯᠯᠠᠭᠠᠨ ᠶᠠᠪᠤᠭᠳᠠᠬᠤ ᠪᠤᠯᠤᠨ᠎ᠠ᠃ |