ᠮᠠᠨ ᠤ ᠤᠯᠤᠰ ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠶᠢ ᠲᠣᠭᠲᠠᠭᠠᠵᠤ ᠡᠯ᠎ᠡ ᠲᠠᠯ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠢᠢᠯᠠᠬᠤ ᠪᠠᠷ ᠪᠣᠶ
ᠨᠡᠶᠢᠲᠡᠯᠡᠭᠰᠡᠨ ᠴᠠᠭ᠄
2021/9/24
    ᠡᠮᠴᠢᠯᠡᠭᠡᠨ ᠤ ᠪᠠᠲᠤᠯᠠᠭ᠎ᠠ ᠶᠢᠨ ᠥᠭᠡᠷᠡᠴᠢᠯᠡᠯᠲᠡ ᠲᠠᠢ ᠵᠣᠯᠭᠠᠯᠴᠠᠭᠤᠯᠤᠬᠰᠠᠨ᠂ ᠲᠦᠷᠢᠮ ᠤᠨ ᠬᠡᠯᠪᠡᠷᠢᠵᠢᠨ ᠲᠡᠭᠦᠯᠳᠡᠷᠵᠢᠬᠦ ᠳᠤ ᠠᠰᠢᠭᠲᠠᠶ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠦᠷᠭᠡᠳᠬᠡᠨ ᠪᠦᠷᠢᠯᠳᠦᠬᠦᠯᠬᠦ ᠶᠢᠨ ᠲᠥᠯᠥᠭᠡ᠂ ᠤᠯᠤᠰ ᠤᠨ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ ︽ᠡᠮᠴᠢᠯᠡᠬᠡᠨ ᠤ ᠪᠠᠲᠤᠯᠠᠭ᠎ᠠ ᠶᠢᠨ ᠬᠠᠤᠯᠢ ︵ᠰᠠᠨᠠᠯ ᠬᠤᠷᠢᠶᠠᠬᠤ ᠨᠤᠤᠷᠠᠭ︶︾ ᠶᠢ ᠨᠡᠶᠢᠲᠡᠯᠡᠭᠰᠡᠨ ᠪᠥᠭᠡᠳ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠪᠠ᠃     ︽ᠡᠮᠴᠢᠯᠡᠬᠡᠨ ᠤ ᠪᠠᠲᠤᠯᠠᠭ᠎ᠠ ᠶᠢᠨ ᠬᠠᠤᠯᠢ ︵ᠰᠠᠨᠠᠯ ᠬᠤᠷᠢᠶᠠᠬᠤ ᠨᠤᠤᠷᠠᠭ︶︾ ᠨᠢ ᠨᠡᠶᠢᠲᠡ 8 ᠪᠦᠯᠦᠭ 70 ᠵᠦᠢᠯ ᠢᠶᠠᠷ ᠪᠦᠷᠢᠯᠳᠦᠵᠦ᠂ ᠶᠡᠷᠦᠩᠬᠡᠶ ᠲᠦᠷᠢᠮ᠂ ᠪᠠᠯᠠ ᠬᠤᠷᠠᠮᠳᠤᠭᠤᠯᠬᠤ ᠪᠠ ᠬᠠᠷᠠᠭᠠᠯᠵᠠᠯ᠂ ᠰᠠᠭᠤᠷᠢ ᠮᠥᠩᠭᠦᠨ ᠤ ᠬᠠᠮᠢᠶᠠᠷᠤᠯᠲᠠ᠂ ᠡᠮ ᠡᠮᠨᠡᠯᠭᠡ ᠶᠢᠨ ᠦᠢᠯᠡᠴᠢᠯᠡᠭᠡ᠂ ᠣᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠭᠡ᠂ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠶᠢ ᠪᠠᠭᠲᠠᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠮᠴᠢᠯᠡᠬᠡᠨ ᠤ ᠪᠠᠲᠤᠯᠠᠭ᠎ᠠ ᠶᠢᠨ ᠭᠦᠶ᠋ᠴᠡᠳᠬᠡᠬᠦ ᠪᠠᠶᠢᠭᠤᠯᠤᠮᠵᠢ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ᠂ ᠳᠠᠭᠠᠳᠬᠠᠯ ᠳᠤ ᠣᠷᠣᠯᠴᠠᠭᠰᠠᠳ ᠵᠡᠷᠭᠡ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠪᠠ᠃     ᠰᠠᠨᠠᠯ ᠬᠤᠷᠢᠶᠠᠬᠤ ᠨᠤᠤᠷᠠᠭ ᠲᠤ᠂ ᠡᠮᠴᠢᠯᠡᠬᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠡᠮ ᠤᠨ ᠵᠦᠶ᠋ᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠳᠡᠯᠪᠢᠨ ᠬᠡᠷᠡᠭᠵᠢᠭᠦᠯᠵᠦ᠂ ᠡᠮ ᠤᠨ ᠵᠦᠶ᠋ᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠵᠢᠯᠣᠭᠤᠳᠬᠤ ᠶᠢᠨ ᠬᠠᠮᠲᠤ ᠡᠮ ᠤᠨ ᠵᠦᠶ᠋ᠯᠡᠰ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠥᠪᠡᠷ ᠤᠨ ᠥᠷᠲᠡᠭ ᠤᠨ ᠦᠨ᠎ᠡ ᠬᠠᠩᠰᠢ ᠶᠢᠨ ᠪᠠᠶᠢᠴᠠᠭᠠᠯᠲᠠ ᠶᠢ ᠦᠷᠨᠢᠬᠦᠯᠬᠦ ᠶᠢ ᠬᠠᠷᠢᠭᠤᠴᠠᠵᠦ᠂ ᠡᠮ ᠡᠮᠨᠡᠯᠭᠡ ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠢᠲᠡᠭᠡᠮᠵᠢ ᠶᠢᠨ ᠦᠨᠡᠯᠡᠯᠲᠡ ᠶᠢᠨ ᠲᠦᠷᠢᠮ ᠢ ᠬᠡᠷᠡᠭᠵᠢᠭᠦᠯᠵᠦ᠂ ᠦᠨ᠎ᠡ ᠬᠠᠩᠰᠢ ᠶᠢ ᠭᠠᠭᠴᠠᠭᠠᠷ ᠡᠵᠡᠮᠳᠡᠬᠦ᠂ ᠦᠨ᠎ᠡ ᠬᠠᠩᠰᠢ ᠶᠢ ᠥᠰᠬᠡᠬᠦ ᠵᠡᠷᠭᠡ ᠠᠷᠭ᠎ᠠ ᠮᠠᠶ᠋ᠢᠭ ᠢᠶᠠᠷ ᠡᠮᠴᠢᠯᠡᠬᠡᠨ ᠤ ᠪᠠᠲᠤᠯᠠᠭ᠎ᠠ ᠶᠢᠨ ᠰᠠᠭᠤᠷᠢ ᠮᠥᠩᠭᠦ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠴᠢᠩᠭᠠᠳᠬᠠᠨ᠎ᠠ ᠬᠡᠵᠤ ᠲᠤᠷᠠᠳᠤᠨ ᠭᠠᠷᠭᠠᠪᠠ᠃     ᠡᠮᠴᠢᠯᠡᠬᠡᠨ ᠤ ᠪᠠᠲᠤᠯᠠᠭ᠎ᠠ ᠶᠢᠨ ᠬᠦᠢᠴᠡᠳᠬᠡᠬᠦ ᠪᠠᠶᠢᠭᠤᠯᠤᠮᠵᠢ ᠶᠢᠨ ᠬᠢᠨ ᠡᠮ ᠡᠮᠨᠡᠯᠭᠡ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠬᠡᠯᠡᠯᠴᠡᠭᠡᠷ ᠢ ᠭᠦᠢᠴᠡᠳᠬᠡᠭᠰᠡᠨ ᠪᠠᠶᠢᠳᠠᠯ ᠢ ᠬᠠᠮᠢᠶᠠᠷᠴᠤ᠂ ᠬᠢᠨᠠᠯᠳᠠ ᠲᠠᠯᠪᠢᠵᠤ᠂ ᠬᠢᠨᠠᠨ ᠰᠢᠯᠭᠠᠨ᠎ᠠ ᠃ ᠡᠭᠦᠨ ᠳᠤ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠦᠢᠯᠡᠴᠢᠯᠡᠭᠡᠨ ᠤ ᠬᠡᠯᠡᠯᠴᠡᠭᠡᠷ ᠢ ᠵᠥᠷᠢᠴᠡᠭᠰᠡᠨ ᠪᠠᠶᠢᠪᠠᠯ᠂ ᠡᠮᠴᠢᠯᠡᠬᠡᠨ ᠤ ᠪᠠᠲᠤᠯᠠᠭ᠎ᠠ ᠶᠢᠨ ᠬᠦᠢᠴᠡᠳᠬᠡᠬᠦ ᠪᠠᠶᠢᠭᠤᠯᠤᠮᠵᠢ ᠶᠢᠨ ᠬᠢᠨ ᠦᠢᠯᠡᠴᠢᠯᠡᠭᠡᠨ ᠤ ᠬᠡᠯᠡᠯᠴᠡᠭᠡᠷ ᠲᠤ ᠲᠤᠬᠳᠠᠬᠰᠠᠨ ᠶᠣᠰᠣᠭᠠᠷ ᠰᠢᠢᠳᠪᠦᠷᠢᠯᠡᠨ᠎ᠡ᠂ ᠡᠭᠦᠨ ᠳᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠨ ᠲᠠᠢ ᠪᠣᠯᠵᠣᠨ ᠶᠠᠷᠢᠯᠴᠠᠬᠤ᠂ ᠵᠠᠷᠤᠳᠠᠯ ᠢ ᠲᠦᠷ ᠵᠣᠭᠰᠣᠭᠠᠬᠤ ᠪᠤᠶᠤ ᠰᠢᠯᠵᠢᠭᠦᠯᠦᠨ ᠥᠭᠬᠦ ᠦᠭᠡᠢ ᠵᠡᠷᠭᠡ ᠪᠠᠭᠲᠠᠨ᠎ᠠ᠃     ᠰᠠᠨᠠᠯ ᠬᠤᠷᠢᠶᠠᠬᠤ ᠨᠤᠤᠷᠠᠭ ᠲᠤ᠂ ᠡᠮᠴᠢᠯᠡᠬᠡᠨ ᠤ ᠳᠠᠭᠠᠳᠬᠠᠯ ᠤᠨ ᠰᠦᠢᠳᠬᠡᠯ ᠲᠠᠲᠠᠪᠤᠷᠢᠯᠠᠬᠤ ᠰᠠᠯᠠᠭ᠎ᠠ ᠮᠥᠴᠢᠷ ᠤᠨ ᠬᠢᠨ ᠡᠮᠴᠢᠯᠡᠬᠡᠨ ᠤ ᠳᠠᠭᠠᠳᠬᠠᠯ ᠤᠨ ᠰᠦᠢᠳᠬᠡᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ᠂ ᠰᠦᠢᠳᠬᠡᠯ ᠤᠨ ᠨᠣᠷᠮ᠎ᠠ ᠶᠢ ᠳᠤᠷ᠎ᠠ ᠪᠠᠷ ᠢᠶᠠᠨ ᠥᠭᠡᠷᠡᠴᠢᠯᠡᠭᠰᠡᠨ ᠠᠴᠠ ᠪᠣᠯᠵᠣ ᠡᠮᠴᠢᠯᠡᠬᠡᠨ ᠤ ᠳᠠᠭᠠᠳᠬᠠᠯ ᠤᠨ ᠰᠦᠢᠳᠬᠡᠯ ᠢ ᠪᠠᠭ᠎ᠠ ᠬᠤᠷᠢᠶᠠᠭᠰᠠᠨ ᠪᠤᠶᠤ ᠢᠯᠡᠭᠦᠦ ᠬᠤᠷᠢᠶᠠᠭᠰᠠᠨ ᠪᠠᠶᠢᠪᠠᠯ᠂ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠰᠢᠶᠠᠪᠠᠰᠤ ᠵᠣᠬᠢᠬᠤ ᠡᠮᠴᠢᠯᠡᠬᠡᠨ ᠤ ᠳᠠᠭᠠᠳᠬᠠᠯ ᠤᠨ ᠰᠦᠢᠳᠬᠡᠯ ᠢ ᠨᠡᠬᠡᠮᠵᠢᠯᠡᠨ ᠲᠤᠰᠢᠶᠠᠯᠭᠠᠬᠤ ᠪᠠᠷ ᠵᠠᠷᠯᠢᠭᠳᠠᠬᠤ ᠪᠤᠶᠤ ᠲᠤᠰᠢᠶᠠᠬᠤ ᠵᠣᠬᠢᠰ ᠥᠬᠡᠶ ᠡᠮᠴᠢᠯᠡᠬᠡᠨ ᠤ ᠳᠠᠭᠠᠳᠬᠠᠯ ᠤᠨ ᠰᠦᠢᠳᠬᠡᠯ ᠢ ᠪᠤᠴᠠᠭᠠᠯᠭᠠᠨ᠎ᠠ ᠬᠡᠵᠤ ᠳᠤᠳᠤᠷᠬᠠᠢ ᠲᠤᠷᠠᠳᠤᠨ ᠭᠠᠷᠭᠠᠪᠠ᠃     ᠠᠩᠬᠠᠷᠤᠭᠤᠰᠢᠲᠠᠶ ᠨᠢ᠂ ᠰᠠᠨᠠᠯ ᠬᠤᠷᠢᠶᠠᠬᠤ ᠨᠤᠤᠷᠠᠭ ᠲᠤ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ᠂ ᠡᠮ ᠤᠨ ᠠᠵᠤ ᠠᠬᠤᠶᠢᠯᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠶᠠᠪᠤᠴᠠ ᠳᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠬᠡᠬᠦ ᠲᠤᠬᠠᠶ ᠲᠣᠳᠣᠷᠬᠠᠶ ᠲᠣᠭᠲᠠᠭᠠᠯ ᠭᠠᠷᠭᠠᠵᠠᠶ᠄ ᠡᠮ ᠤᠨ ᠠᠵᠤ ᠠᠬᠤᠶᠢᠯᠠᠯ ᠳᠤ ᠥᠪᠡᠷ ᠤᠨ ᠥᠷᠲᠡᠭ ᠠᠴᠠ ᠳᠤᠤᠷ᠎ᠠ ᠦᠨ᠎ᠡ ᠪᠠᠷ ᠲᠠᠭᠠᠭᠠᠴᠢᠯᠠᠯᠳᠠ ᠳᠤ ᠦᠷᠢᠰᠦᠯᠳᠦᠬᠦ ᠵᠡᠷᠭᠡ ᠳᠥᠷᠪᠡᠨ ᠵᠦᠢᠯ ᠤᠨ ᠪᠠᠶᠢᠳᠠᠯ ᠢᠯᠡᠷᠡᠭᠰᠡᠨ ᠪᠠᠶᠢᠪᠠᠯ᠂ ᠡᠮᠴᠢᠯᠡᠬᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠠᠴᠠ ᠵᠥᠷᠢᠴᠡᠵᠦ ᠣᠯᠤᠭᠰᠠᠨ ᠠᠰᠢᠭ ᠤᠯᠵᠠᠪᠤᠷᠢ ᠶᠢ ᠨᠢ ᠬᠤᠷᠢᠶᠠᠨ ᠠᠪᠤᠨ᠎ᠠ ᠳᠠᠭᠠᠭᠠᠴᠢᠯᠠᠯᠲᠠ ᠣᠨᠤᠬᠰᠠᠨ ᠪᠠᠶᠢᠪᠠᠯ᠂ ᠳᠠᠭᠠᠭᠠᠴᠢᠯᠠᠯᠲᠠ ᠣᠨᠤᠭᠰᠠᠨ ᠢ ᠨᠢ ᠬᠦᠴᠦᠨ ᠤᠢᠭᠡᠢ ᠪᠣᠯᠭᠠᠵᠤ᠂ ᠳᠠᠭᠠᠭᠠᠴᠢᠯᠠᠯᠲᠠ ᠣᠨᠤᠭᠰᠠᠨ ᠲᠦᠷᠤᠯ ᠵᠦᠢᠯ ᠤᠨ ᠵᠣᠭᠤᠰᠤᠨ ᠤ ᠲᠤᠭ᠎ᠠ ᠶᠢᠨ 5‰ ᠠᠴᠠ ᠳᠡᠭᠡᠭᠰᠢ 10‰ ᠠᠴᠠ ᠳᠣᠭᠤᠭᠰᠢ ᠵᠣᠭᠤᠰ ᠢᠶᠠᠷ ᠲᠣᠷᠭᠠᠨ᠎ᠡ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠣᠯ ᠬᠠᠷᠢᠭᠤᠴᠠᠯᠭᠠᠲᠠᠨ᠂ ᠰᠢᠭᠤᠳ ᠬᠠᠷᠢᠭᠤᠴᠠᠯᠭᠠᠳᠠᠨ ᠪᠣᠯᠤᠨ ᠪᠤᠰᠤᠳ ᠬᠠᠷᠢᠭᠤᠴᠠᠯᠭ᠎ᠠ ᠲᠠᠢ ᠬᠥᠮᠦᠨ ᠢ ᠨᠢᠭᠡᠴᠢ ᠶᠢ ᠨᠢ ᠲᠣᠷᠭᠠᠭᠰᠠᠨ ᠵᠣᠭᠤᠰ ᠤᠨ ᠲᠣᠭᠠᠨ ᠤ 5% ᠠᠴᠠ ᠳᠡᠭᠡᠭᠰᠢ 10% ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃     ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠵᠡᠷᠬᠡ ᠲᠠᠯ᠎ᠠ ᠪᠠᠷ᠂ ᠰᠠᠨᠠᠯ ᠬᠤᠷᠢᠶᠠᠬᠤ ᠨᠤᠤᠷᠠᠭ ᠲᠤ ᠡᠮᠴᠢᠯᠡᠬᠡᠨ ᠤ ᠪᠠᠲᠤᠯᠠᠭ᠎ᠠ ᠶᠢᠨ ᠭᠦᠶ᠋ᠴᠡᠳᠬᠡᠬᠦ ᠪᠠᠶᠢᠭᠤᠯᠤᠮᠵᠢ ᠶᠢᠨ ᠠᠵᠢᠯᠲᠠᠨ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠵᠢᠴᠢ ᠲᠡᠭᠦᠨ ᠤ ᠠᠵᠢᠯᠲᠠᠨ᠂ ᠳᠠᠭᠠᠳᠬᠠᠯ ᠳᠤ ᠣᠷᠣᠯᠴᠠᠭᠰᠠᠳ ᠵᠡᠷᠭᠡ ᠭᠤᠤᠯ ᠴᠣᠭᠴᠠ ᠶᠢᠨ ᠲᠤᠬᠠᠶ ᠬᠠᠮᠢᠶ᠎ᠠ ᠪᠥᠬᠦᠶ ᠲᠣᠭᠲᠠᠭᠠᠯ ᠭᠠᠷᠭᠠᠵᠠᠶ᠃ ᠡᠭᠦᠨ ᠳᠤ᠂ ᠬᠤᠪᠢ ᠬᠥᠮᠦᠨ ᠡᠮᠴᠢᠯᠡᠬᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠵᠠᠷᠤᠯᠭ᠎ᠠ ᠶᠢ ᠮᠡᠬᠡᠯᠡᠨ ᠠᠪᠤᠭᠰᠠᠨ ᠪᠠᠶᠢᠪᠠᠯ᠂ ᠬᠠᠷᠠᠭᠠᠯᠵᠠᠬᠰᠠᠨ ᠰᠢᠢᠳᠬᠡᠯ ᠥᠭᠬᠦ ᠠᠴᠠ ᠭᠠᠳᠠᠨ᠎ᠠ ᠪᠠᠰᠠ ᠡᠮᠴᠢᠯᠡᠬᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠮᠡᠬᠡᠯᠡᠨ ᠠᠪᠤᠭᠰᠠᠨ ᠵᠣᠭᠤᠰ ᠤᠨ ᠲᠣᠭᠠᠨ ᠤ ᠬᠢᠨᠢ 2 ᠳᠠᠬᠢᠨ ᠠᠴᠠ ᠳᠡᠭᠡᠭᠰᠢ 5 ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃     ᠤᠯᠤᠰ ᠤᠨ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠬᠡᠨ ᠤ ᠪᠠᠲᠤᠯᠠᠭ᠎ᠠ ᠶᠢᠨ ᠬᠠᠤᠯᠢ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠤᠳ ᠢ ᠢᠵᠢ ᠪᠦᠷᠢᠳᠦᠭᠦᠯᠦᠨ ᠨᠡᠶᠢᠲᠡᠯᠡᠵᠦ᠂ ᠪᠠᠶ᠎ᠠ ᠪᠠᠨ ᠲᠠᠭᠠᠭᠠᠬᠰᠠᠨ ᠪᠦᠷᠢᠨ ᠲᠡᠬᠦᠯᠳᠡᠷ ᠡᠮᠴᠢᠯᠡᠬᠡᠨ ᠤ ᠪᠠᠲᠤᠯᠠᠭ᠎ᠠ ᠶᠢᠨ ᠬᠠᠤᠯᠢ ᠴᠠᠭᠠᠵᠠ ᠶᠢᠨ ᠰᠢᠰᠲ᠋ᠧᠮ ᠢ ᠪᠦᠷᠢᠯᠳᠦᠭᠦᠯᠬᠦ ᠪᠣᠯ ᠡᠮᠴᠢᠯᠡᠬᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠮ ᠡᠮᠨᠡᠯᠬᠡ ᠶᠢᠨ ᠪᠠᠲᠤᠯᠠᠭ᠎ᠠ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ ᠬᠡᠵᠤ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号