ᠰᠢ ᠶᠢᠨ ᠫᠢᠩ ᠪᠦᠬᠦ ᠤᠯᠤᠰ ᠤᠨ ᠥᠷᠭᠡᠨ ᠤᠯᠠᠨ ᠲᠠᠷᠢᠶᠠᠴᠢᠨ ᠪᠣᠯᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠹᠷᠣᠨᠲ ᠳᠡᠭᠡᠷ᠎ᠡ ᠠᠵᠢᠯᠯᠠᠵᠤ ᠪᠠᠶᠢᠭ᠎ᠠ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠤᠬᠤᠨᠢᠭᠤᠯᠤᠯ ᠲᠡᠪᠰᠢᠭᠦᠯᠵᠦ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠵᠦ ᠥᠷᠭᠡᠨ ᠤᠯᠠᠨ ᠲᠠᠷᠢᠶᠠᠴᠢᠨ ᠤ ᠠᠮᠢᠳᠤᠷᠠᠯ ᠢ ᠡᠳᠦᠷ ᠠᠴᠠ ᠡᠳᠦᠷ ᠰᠠᠶᠢᠵᠢᠷᠠᠭᠤᠯᠬᠤ ᠬᠡᠷᠡᠭᠲᠡᠢ ᠬᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/9/24
     ᠳᠥᠷᠪᠡᠲᠡᠬᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠳᠤ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ᠂ ᠪᠥᠬᠦ ᠤᠯᠤᠰ ᠤᠨ ᠥᠷᠭᠡᠨ ᠣᠯᠠᠨ ᠲᠠᠷᠢᠶᠠᠴᠢᠨ ᠪᠣᠯᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠹᠷᠣᠨᠲ ᠳᠡᠭᠡᠷ᠎ᠡ ᠠᠵᠢᠯᠯᠠᠵᠤ ᠪᠠᠶᠢᠭ᠎ᠠ ᠨᠥᠬᠦᠳ ᠲᠤ ᠪᠠᠶᠠᠷ ‍ᠤᠨ‌ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠣᠬᠤᠨᠢᠭᠤᠯᠤᠯ ᠳᠡᠪᠰᠢᠭᠦᠯᠪᠡ᠃      ᠰᠢ ᠶᠢᠨ ᠫᠢᠩ᠂ ᠡᠨᠡ ᠵᠢᠯ ᠠᠴᠠ ᠨᠠᠭᠠᠰᠢ᠂ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠦᠶᠡᠷ ᠤᠰᠤᠲᠤᠯ ᠪᠠᠶᠢᠭᠠᠯᠢ ᠶᠢᠨ ᠭᠠᠮᠰᠢᠭ ᠵᠡᠷᠭᠡ ᠬᠦᠴᠢᠷᠳᠡᠯ ᠢ ᠢᠯᠠᠨ ᠳᠠᠪᠠᠵᠤ᠂ ᠠᠮᠤ ᠪᠤᠳᠠᠭ᠎ᠠ ᠪᠣᠯᠤᠨ ᠲᠠᠷᠢᠶᠠᠯᠠᠩ ᠤᠨ ᠦᠢᠯᠡᠳᠪᠦᠷᠢᠯᠡᠯ ᠡᠯᠪᠡᠭ ᠬᠤᠷᠢᠶᠠᠯᠲᠠ ᠣᠯᠵᠤ᠂ ᠬᠥᠳᠡᠭᠡ ᠲᠣᠰᠬᠤᠨ ᠡᠶ᠎ᠡ ᠵᠣᠬᠢᠴᠠᠩᠭᠤᠢ ᠲᠣᠭᠲᠠᠭᠤᠨ᠂ ᠲᠠᠷᠢᠶᠠᠴᠢᠳ ᠵᠣᠯ ᠵᠢᠷᠭᠠᠯ ᠲᠠᠢ ᠠᠮᠤᠷ ᠠᠮᠤᠭᠤᠯᠠᠩ ᠠᠮᠢᠲᠤᠷᠠᠵᠦ᠂ ᠰᠢᠨ᠎ᠡ ᠪᠠᠶᠢᠳᠠᠯ ᠢ ᠡᠭᠦᠳᠬᠦ᠂ ᠬᠤᠪᠢᠷᠠᠯᠲᠠ ᠶᠢ ᠠᠷᠭᠠᠴᠠᠭᠠᠬᠤ᠂ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ᠃ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠨ ᠳᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠭᠤᠣᠯᠳᠠᠯᠭ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠶᠢᠰᠢ ᠲᠡᠦᠬᠡᠲᠦ ᠴᠢᠨᠠᠷᠲᠠᠢ ᠪᠠᠷ ᠰᠢᠯᠵᠢᠪᠡ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠵᠦ᠂ ᠥᠷᠭᠡᠨ ᠤᠯᠠᠨ ᠲᠠᠷᠢᠶᠠᠴᠢᠨ ᠤ ᠠᠮᠢᠳᠤᠷᠠᠯ ᠢ ᠡᠳᠦᠷ ᠠᠴᠠ ᠡᠳᠦᠷ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号