︽ᠳᠥᠷᠪᠡᠨ ᠴᠠᠭ ᠬᠠᠭᠠᠰ︾ ᠬᠢᠴᠢᠶᠡᠯ ᠤᠨ ᠲᠠᠩᠬᠢᠮ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ  ᠬᠡᠦᠬᠡᠳ ᠤᠨ ᠰᠡᠳᠬᠢᠯ ᠳᠤ ᠰᠠᠴᠤᠨ᠎ᠠ
ᠨᠡᠶᠢᠲᠡᠯᠡᠭᠰᠡᠨ ᠴᠠᠭ᠄
2021/9/26
    ︽ᠪᠦᠯᠬᠦᠮᠳᠡᠨ ᠨᠢᠭᠡᠳᠬᠦ᠂ ᠡᠩᠬᠡ ᠲᠠᠶᠢᠪᠤᠩ ᠢ ᠡᠷᠬᠢᠮᠯᠡᠬᠦ᠂ ᠠᠵᠢᠯᠴᠢ ᠬᠥᠳᠡᠯᠮᠦᠷᠢᠴᠢ ᠡᠷᠡᠯᠬᠡᠭ ᠪᠠᠭᠠᠲᠤᠷᠯᠢᠭ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠦᠨᠳᠦᠰᠦᠲᠡᠨ ᠨᠦᠭᠦᠳ ᠡᠷᠬᠡ ᠲᠡᠭᠰᠢ᠂ ᠦᠨᠳᠦᠰᠦᠲᠡᠨ ᠨᠦᠭᠦᠳ ᠪᠦᠯᠬᠦᠮᠳᠡᠯ ᠲᠠᠢ᠂ ᠦᠨᠳᠦᠰᠦᠲᠡᠨ ᠨᠦᠭᠦᠳ ᠬᠠᠮᠲᠤ ᠪᠠᠷ ᠴᠡᠴᠡᠭᠯᠡᠨ ᠬᠥᠭᠵᠢᠨ᠎ᠠ︾᠃ ᠲᠠᠢ ᠯᠦᠩ ᠨᠡᠶᠢᠭᠡᠮ ᠲᠣᠭᠤᠷᠢᠭ ᠤᠨ ︽ᠲᠦᠷᠪᠡᠨ ᠴᠠᠭ ᠬᠠᠭᠠᠰ︾ ᠬᠠᠶᠢᠷ᠎ᠠ ᠬᠠᠯᠠᠮᠵᠢ ᠶᠢᠨ ᠬᠢᠴᠢᠶᠡᠯ ᠤᠨ ᠲᠠᠩᠬᠢᠮ ᠤᠨ ᠬᠡᠦᠬᠡᠳ ᠤᠳ ᠲᠠᠭᠤᠨ ᠨᠢᠭᠡᠲᠡᠢ ᠪᠠᠷ ᠦᠨᠳᠦᠰᠦᠲᠡᠨ ᠤ ᠪᠦᠯᠬᠦᠮᠳᠡᠯ ᠤᠨ ᠲᠤᠬᠠᠢ ᠮᠡᠳᠡᠯᠭᠡ ᠶᠢ ᠤᠩᠰᠢᠵᠤ ᠪᠠᠶᠢᠯ᠎ᠠ᠃ 2016 ᠣᠨ ᠠᠴᠠ ᠡᠬᠢᠯᠡᠨ᠂ ᠲᠠᠢ ᠯᠦᠩ ᠨᠡᠶᠢᠭᠡᠮ ᠲᠣᠭᠤᠷᠢᠭ ᠳᠠᠷᠤᠢ ᠦᠨᠳᠦᠰᠦᠲᠡᠨ ᠤ ᠪᠦᠯᠬᠦᠮᠳᠡᠯ ᠤᠨ ᠶᠡᠷᠦ ᠶᠢᠨ ᠮᠡᠳᠡᠯᠭᠡ ᠶᠢ ︽ᠲᠦᠷᠪᠡᠨ ᠴᠠᠭ ᠬᠠᠭᠠᠰ︾ ᠬᠠᠶᠢᠷ᠎ᠠ ᠬᠠᠯᠠᠮᠵᠢ ᠶᠢᠨ ᠬᠢᠴᠢᠶᠡᠯ ᠤᠨ ᠭᠤᠣᠯ ᠠᠭᠤᠯᠭ᠎ᠠ ᠪᠣᠯᠭᠠᠬᠤ ᠶᠢ ᠴᠢᠬᠤᠯᠠᠴᠢᠯᠠᠪᠠ᠃     ︽ᠮᠠᠨ ᠤ ᠳᠤ ᠣᠴᠢᠵᠤ ᠰᠦ ᠲᠠᠢ ᠴᠠᠢ ᠤᠤᠭᠤ᠂ ᠪᠢ ᠲᠠᠨ ᠤ ᠳᠤ ᠣᠴᠢᠵᠤ ᠮᠠᠨᠲᠠᠤ ᠢᠳᠡᠶ᠎ᠡ︾᠃ ᠠᠵᠢᠯ ᠠᠴᠠ ᠪᠠᠨ ᠠᠮᠠᠷᠠᠭᠰᠠᠨ ᠪᠠᠭᠰᠢ ᠵᠤᠤ ᠬᠤᠢ ᠴᠢᠨ ᠬᠡᠦᠬᠡᠳ ᠤᠳ ᠲᠤ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠶᠠᠷᠢᠵᠤ ᠥᠭᠭᠦᠨ᠎ᠡ᠃ ᠵᠤᠤ ᠬᠤᠢ ᠴᠢᠨ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠶᠠᠪᠤᠳᠠᠯ ᠳᠤ ᠬᠠᠯᠠᠭᠤᠨ ᠰᠡᠳᠬᠢᠯᠭᠡ ᠲᠠᠢ᠂ ᠲᠡᠷᠡ ᠬᠠᠶᠢᠷ᠎ᠠ ᠬᠠᠯᠠᠮᠵᠢ ᠶᠢᠨ ᠬᠢᠴᠢᠶᠡᠯ ᠡᠷᠬᠢᠯᠡᠵᠦ᠂ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠬᠡᠦᠬᠡᠳ ᠤᠨ ᠰᠡᠳᠬᠢᠯ ᠳᠤ ᠰᠠᠴᠤᠯ᠎ᠠ᠃     2009 ᠣᠨ ᠳᠤ ᠲᠠᠢ ᠯᠦᠩ ᠨᠡᠶᠢᠭᠡᠮ ᠲᠣᠭᠤᠷᠢᠭ ᠨᠢ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤ ᠶᠢᠨ ᠠᠩᠬᠠᠳᠠᠭᠴᠢ ᠮᠠᠯᠴᠢᠨ ᠲᠠᠷᠢᠶᠠᠴᠢᠨ ︵ᠰᠠᠭᠤᠭᠠᠯᠢ ᠠᠷᠠᠳ︶ ᠤ ᠦᠷ᠎ᠡ ᠬᠡᠦᠬᠡᠳ ᠤᠨ ᠠᠩᠬᠠᠳᠠᠭᠴᠢ ︽ᠳᠥᠷᠪᠡᠨ ᠴᠠᠭ ᠬᠠᠭᠠᠰ︾ ᠬᠢᠴᠢᠶᠡᠯ ᠤᠨ ᠲᠠᠩᠬᠢᠮ ᠪᠣᠯᠪᠠ᠃ ᠪᠠᠶᠢᠭᠤᠯᠤᠭᠳᠠᠭᠰᠠᠨ ᠠᠷᠪᠠᠨ ᠬᠤᠶᠠᠷ ᠵᠢᠯ ᠤᠨ ᠲᠤᠷᠰᠢ᠂ ᠬᠢᠴᠢᠶᠡᠯ ᠤᠨ ᠲᠠᠩᠬᠢᠮ ᠨᠢ ᠲᠥᠷᠥᠯ ᠵᠦᠢᠯ ᠯᠦᠭᠡ ᠵᠣᠯᠭᠠᠭᠤᠯᠬᠤ᠂ ᠲᠤᠰᠬᠠᠶ ᠮᠡᠷᠭᠡᠵᠢᠯ ᠯᠦᠭᠡ ᠵᠣᠯᠭᠠᠭᠤᠯᠬᠤ᠂ ᠬᠡᠷ ᠪᠦᠯᠢ ᠯᠦᠭᠡ ᠵᠣᠯᠭᠠᠭᠤᠯᠬᠤ᠂ ᠬᠠᠮᠢᠶᠠᠷᠤᠯᠲᠠ ᠯᠤᠭ᠎ᠠ ᠵᠣᠯᠭᠠᠭᠤᠯᠬᠤ ︽ᠳᠥᠷᠪᠡ ᠶᠢ ᠵᠣᠯᠭᠠᠭᠤᠯᠬᠤ︾ ᠵᠠᠭᠪᠤᠷ ᠢ ᠬᠡᠷᠡᠭᠵᠢᠭᠦᠯᠵᠦ᠂ ᠭᠤᠤᠯᠳᠠᠭᠤ ᠬᠡᠷ ᠲᠡᠭᠡᠨ ᠬᠤᠴᠣᠷᠤᠭᠰᠠᠨ ᠬᠡᠦᠬᠡᠳ ᠲᠤ ᠴᠢᠨᠠᠷ ᠰᠠᠶᠢᠲᠠᠶ ᠬᠠᠯᠠᠮᠵᠢᠯᠠᠨ ᠬᠠᠶᠢᠷᠠᠯᠠᠬᠤ ᠬᠥᠮᠦᠵᠢᠯ ᠬᠠᠩᠭᠠᠵᠤ᠂ ᠦᠢᠯᠡᠴᠢᠯᠡᠭᠡ ᠶᠢ ᠨᠠᠩ ᠬᠠᠯᠠᠭᠤᠨ ᠳᠤᠯᠠᠭᠠᠨ ᠪᠣᠯᠭᠠᠪᠠ᠃ ᠲᠠᠢ ᠯᠦᠩ ᠨᠡᠶᠢᠭᠡᠮ ᠲᠣᠭᠤᠷᠢᠭ ᠬᠡᠦᠬᠡᠳ ᠤᠳ ᠢ ᠰᠠᠶᠢᠨ ᠰᠠᠶᠢᠬᠠᠨ ᠰᠤᠷᠤᠯᠴᠠᠬᠤ ᠣᠷᠴᠢᠨ ᠲᠣᠭᠤᠷᠢᠨ ᠲᠠᠢ ᠪᠣᠯᠭᠠᠬᠤ ᠶᠢᠨ ᠲᠥᠯᠥᠭᠡ ᠬᠤᠰᠢᠭᠤᠨ ᠤ ᠡᠪᠯᠡᠯ ᠤᠨ ᠬᠤᠷᠢᠶ᠎ᠠ ᠲᠠᠢ ᠵᠣᠬᠢᠴᠠᠭᠤᠯᠤᠨ ᠰᠢᠷᠡᠭᠡ ᠰᠠᠨᠳᠠᠯᠢ ᠬᠠᠨᠳᠢᠪᠯᠠᠵᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠺᠣᠮᠫᠢᠦ᠋ᠲ᠋ᠧᠷ ᠬᠠᠨᠳᠢᠪᠯᠠᠵᠤ᠂ ᠬᠤᠶᠠᠳᠤᠭᠠᠷ ᠪᠦᠷᠢᠨ ᠪᠠᠭ᠎ᠠ ᠰᠤᠷᠭᠠᠭᠤᠯᠢ ᠶᠢᠨ ᠪᠠᠭᠰᠢ ᠨᠠᠷ ᠰᠠᠶᠢᠨ ᠳᠤᠷ᠎ᠠ ᠠᠴᠠ ᠪᠠᠨ ᠬᠢᠴᠢᠶᠡᠯ ᠣᠷᠣᠵᠤ᠂ ᠦᠨᠳᠦᠰᠦᠲᠡᠨ ᠤ ᠪᠦᠯᠬᠦᠮᠳᠡᠯ ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠶᠢ ᠬᠡᠦᠬᠡᠳ ᠤᠳ ᠤᠨ ᠪᠤᠳᠤᠯ ᠲᠠᠷᠢᠬᠢᠨ ᠳᠤ ᠠᠭᠤᠰᠬᠠᠵᠤ᠂ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠦᠨᠡᠨ ᠬᠦ ᠪᠠᠲᠤᠯᠠᠪᠠ᠃     2016 ᠣᠨ ᠠᠴᠠ ᠡᠬᠢᠯᠡᠨ ᠵᠢᠷᠭᠤᠭᠠᠨ ᠵᠢᠯ ᠳᠠᠷᠠᠭᠠᠯᠠᠨ ᠯᠠᠨᠵᠧᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠣᠶᠣᠯ ᠤᠨ ᠠᠵᠢᠯ ᠬᠢᠭᠰᠡᠳ ᠤᠨ ᠨᠡᠶᠢᠭᠡᠮᠯᠢᠭ ᠤᠨ ᠵᠠᠯᠠᠭᠤᠴᠤᠳ ᠤᠨ ᠲᠥᠯᠥᠪᠯᠡᠭᠡ ᠶᠢᠨ ᠲᠥᠷᠥᠯ ᠵᠦᠢᠯ ᠲᠠᠢ ᠬᠤᠯᠪᠣᠭᠠᠯᠠᠨ᠂ ᠮᠣᠩᠭᠤᠯ ᠬᠡᠯᠡᠨ ᠤ ᠪᠣᠯᠪᠠᠰᠤᠷᠠᠯ ᠤᠨ ᠠᠩᠭᠢ ᠶᠢ ᠡᠷᠬᠢᠯᠡᠵᠦ ᠂ ᠤᠯᠠᠮᠵᠢᠯᠠᠯᠲᠤ ᠦᠨᠳᠦᠰᠦᠲᠡᠨ ᠤ ᠰᠣᠶᠣᠯ ᠤᠨ ᠪᠣᠯᠪᠠᠰᠤᠷᠠᠯ ᠤᠨ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠵᠣᠬᠢᠬᠤ ᠨᠠᠰᠤᠨ ᠤ ᠬᠡᠦᠬᠡᠳ ᠤᠨ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠲᠤᠬᠠᠶ ᠲᠠᠨᠢᠨ ᠮᠡᠳᠡᠬᠦᠶ ᠶᠢᠨ ᠬᠡᠮᠵᠢᠶ᠎ᠡ ᠶᠢ ᠭᠦᠨᠵᠡᠭᠡᠶᠢᠷᠡᠭᠦᠯᠬᠦ ᠶᠢᠨ ᠬᠠᠮᠲᠤ ᠮᠣᠩᠭᠤᠯ ᠬᠤᠪᠴᠠᠰᠤ ᠵᠠᠰᠠᠯ ᠤᠨ ᠤᠷᠠᠨ ᠵᠢᠷᠤᠭ ᠤᠨ ᠠᠩᠭᠢ ᠶᠢ ᠡᠷᠬᠢᠯᠡᠵᠦ᠂ ᠬᠡᠦᠬᠡᠳ ᠤᠳ ᠲᠤ ᠮᠣᠩᠭᠤᠯ ᠬᠤᠪᠴᠠᠰᠤ ᠵᠠᠰᠠᠯ ᠢ ᠬᠡᠷᠬᠢᠨ ᠦᠢᠯᠡᠳᠬᠦ ᠶᠢ ᠲᠠᠶᠢᠯᠪᠤᠷᠢᠯᠠᠨ ᠥᠭᠴᠦ᠂ ᠦᠭᠡ ᠬᠡᠯᠡ ᠪᠠᠨ ᠬᠠᠷᠢᠯᠴᠠᠨ ᠰᠤᠷᠤᠯᠴᠠᠵᠤ᠂ ᠨᠠᠶᠢᠵᠠᠯᠠᠨ ᠨᠥᠬᠦᠷᠯᠡᠵᠦ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠢ ᠬᠦᠨᠳᠦᠳᠬᠡᠨ ᠰᠣᠨᠢᠷᠬᠠᠵᠤ᠂ ᠬᠡᠦᠬᠡᠳ ᠤᠳ ᠲᠤ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠳᠠᠷᠢᠬᠤ ᠶᠢ ᠦᠨᠡᠨ ᠬᠦ ᠪᠠᠲᠤᠯᠠᠪᠠ᠃     ᠡᠬᠦᠨ ᠠᠴᠠ ᠭᠠᠳᠠᠨ᠎ᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠬᠢᠯᠢ ᠶᠢᠨ ᠬᠠᠮᠠᠭᠠᠯᠠᠯᠲᠠ ᠶᠢᠨ ᠶᠡᠭᠡ ᠠᠩᠭᠢ ᠶᠢᠨ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠭᠠᠯ ᠰᠡᠷᠭᠡᠶᠢᠯᠡᠬᠦ ᠶᠡᠭᠡ ᠠᠩᠭᠢ ᠵᠡᠷᠭᠡ ᠶᠢ ᠦᠷᠭᠦᠯᠵᠢ ᠤᠷᠢᠵᠤ᠂ ᠦᠨᠳᠦᠰᠦᠲᠡᠨ ᠨᠦᠭᠦᠳ ᠤᠨ ᠪᠠᠭᠠᠴᠤᠳ ᠬᠡᠦᠬᠡᠳ ᠲᠤ ᠭᠠᠯ ᠰᠡᠷᠭᠡᠶᠢᠯᠡᠬᠦ ᠮᠡᠳᠡᠯᠭᠡ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ᠂ ᠴᠡᠷᠢᠭ ᠤᠨ ᠬᠤᠸᠠᠷᠠᠨ ᠤ ᠠᠮᠢᠳᠤᠷᠠᠯ᠂ ᠴᠡᠷᠢᠭ ᠠᠩᠭᠢ ᠶᠢᠨ ᠰᠢᠯᠢᠳᠡᠭ ᠤᠯᠠᠮᠵᠢᠯᠠᠯ ᠢ ᠲᠠᠶᠢᠯᠪᠤᠷᠢᠯᠠᠨ ᠥᠭᠴᠦ᠂ ᠬᠡᠦᠬᠡᠳ ᠤᠳ ᠤᠨ ᠬᠠᠷᠠᠭ᠎ᠠ ᠶᠢ ᠥᠷᠭᠡᠳᠬᠡᠪᠡ᠃ ︽ᠳᠥᠷᠪᠡᠨ ᠴᠠᠭ ᠬᠠᠭᠠᠰ︾ ᠬᠢᠴᠢᠶᠡᠯ ᠤᠨ ᠲᠠᠩᠬᠢᠮ ᠳᠤ ᠪᠠᠰᠠ ᠬᠠᠤᠯᠢ ᠪᠠᠷ ᠵᠠᠰᠠᠬᠤ ᠬᠢᠴᠢᠶᠡᠯ ᠤᠨ ᠲᠠᠩᠬᠢᠮ ᠭᠠᠷᠭᠠᠵᠤ᠂ ᠬᠡᠦᠬᠡᠳ ᠤᠨ ᠬᠠᠤᠯᠢ ᠴᠠᠭᠠᠵᠠ ᠶᠢᠨ ᠮᠡᠳᠡᠯᠭᠡ ᠶᠢ ᠨᠡᠮᠡᠭᠳᠡᠭᠦᠯᠵᠦ᠂ ᠬᠡᠦᠬᠡᠳ ᠲᠤ ᠲᠣᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠲᠠᠢ ᠪᠤᠯᠭᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号