ᠳᠠᠶᠢᠴᠢᠨ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 63600 ᠴᠡᠷᠢᠭ ᠠᠩᠭᠢ ᠶᠢᠨ ᠪᠠᠲᠤᠯᠠᠭ᠎ᠠ ᠶᠢᠨ ᠬᠡᠯᠲᠡᠰ ᠤᠨ ᠳᠠᠷᠤᠭ᠎ᠠ ᠵᠦ ᠾᠧᠩ ᠴᠢᠶᠠᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2021/9/26
      9 ᠰᠠᠷ᠎ᠠ ᠶᠢᠨ 17 ᠤ ᠡᠳᠦᠷ᠂ ᠬᠤᠪᠢᠯᠭᠠᠨ ᠣᠩᠭᠤᠴᠠ ᠠᠷᠪᠠᠨ ᠬᠤᠶᠠᠳᠤᠭᠠᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠶᠢᠨ ᠪᠤᠴᠠᠬᠤ ᠦᠷᠦᠭᠡ ᠥᠪᠥᠷ ᠮᠣᠩᠭᠤᠯ ᠤᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠳ᠋ᠦᠡᠭᠹᠧᠩ ᠤᠨ ᠭᠠᠵᠠᠷᠳᠠᠬᠤ ᠴᠡᠭ ᠲᠤ ᠠᠮᠤᠷ ᠲᠦᠪᠰᠢᠨ ᠢᠶᠠᠷ ᠪᠠᠭᠤᠵᠤ᠂ ᠰᠠᠨᠰᠠᠷᠴᠢᠨ ᠤ ᠳᠤᠭᠤᠶᠢᠯᠠᠩ ᠢᠯᠠᠯᠲᠠ ᠲᠠᠢ ᠪᠠᠷ ᠪᠤᠴᠠᠵᠤ᠂ ᠨᠢᠰᠦᠯᠲᠡ ᠶᠢᠨ ᠡᠭᠦᠷᠭᠡ ᠲᠡᠭᠦᠰ ᠠᠮᠵᠢᠯᠲᠠ ᠤᠯᠪᠠ᠃ 9 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 63600 ᠴᠡᠷᠢᠭ ᠠᠩᠭᠢ ᠶᠢᠨ ᠪᠠᠲᠤᠯᠠᠭ᠎ᠠ ᠶᠢᠨ ᠬᠡᠯᠲᠡᠰ ᠤᠨ ᠳᠠᠷᠤᠭ᠎ᠠ ᠵᠦ ᠾᠧᠩ ᠴᠢᠶᠠᠩ ᠨᠠᠷ ᠮᠠᠨ ᠤ ᠠᠶᠢᠮᠠᠭ ᠲᠤ ᠠᠶᠢᠯᠴᠢᠯᠠᠨ ᠲᠣᠬᠤᠨᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠤᠨ ᠪᠦᠬᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠤᠪᠢᠯᠭᠠᠨ ᠣᠩᠭᠤᠴᠠ ᠠᠷᠪᠠᠨ ᠬᠤᠶᠠᠳᠤᠭᠠᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠶᠢᠨ ᠨᠢᠰᠦᠯᠲᠡ ᠶᠢ ᠪᠠᠲᠤᠯᠠᠬᠤ ᠡᠭᠦᠷᠭᠡ ᠶᠢ ᠬᠠᠪᠰᠤᠷᠤᠨ ᠪᠡᠶᠡᠯᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠵᠦ ᠾᠧᠩ ᠴᠢᠶᠠᠩ ᠨᠠᠷ ᠲᠠᠢ ᠠᠭᠤᠯᠵᠠᠭᠰᠠᠨ ᠪᠥᠭᠡᠳ ᠶᠠᠷᠢᠯᠴᠠᠵᠤ ᠰᠠᠨᠠᠯ ᠢᠶᠠᠨ ᠰᠣᠯᠢᠯᠴᠠᠪᠠ᠃
      ᠳᠠᠶᠢᠴᠢᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠵᠣ᠋ ᠾᠧᠩ ᠴᠢᠶᠠᠩ ᠨᠠᠷ ᠤᠨ ᠮᠠᠨ ᠤ ᠠᠶᠢᠮᠠᠭ ᠲᠤ ᠬᠦᠷᠴᠦ ᠪᠣᠯᠭᠤᠭᠠᠨ ᠲᠣᠬᠤᠨᠢᠭᠤᠯᠤᠭᠰᠠᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠬᠤᠪᠢᠯᠭᠠᠨ ᠣᠩᠭᠤᠴᠠ ᠠᠷᠪᠠᠨ ᠬᠤᠶᠠᠳᠤᠭᠠᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠶᠢᠨ ᠨᠢᠰᠦᠯᠲᠡ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠪᠡ᠃ ᠲᠡᠷᠡ᠂ ᠬᠤᠪᠢᠯᠭᠠᠨ ᠣᠩᠭᠤᠴᠠ ᠠᠷᠪᠠᠨ ᠬᠤᠶᠠᠳᠤᠭᠠᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠶᠢ ᠮᠠᠨ ᠤ ᠠᠶᠢᠮᠠᠭ ᠤᠨ ᠡᠵᠡᠨ᠎ᠡ ᠬᠤᠰᠢᠭᠤ ᠠᠴᠠ ᠠᠮᠵᠢᠯᠲᠠ ᠲᠠᠢ ᠬᠠᠷᠪᠤᠨ ᠭᠠᠷᠭᠠᠵᠤ᠂ ᠡᠵᠡᠨ᠎ᠡ ᠬᠤᠰᠢᠭᠤᠨ ᠤ  ᠳ᠋ᠦᠩᠹᠧᠩ ᠤᠨ ᠭᠠᠵᠠᠷᠳᠠᠬᠤ ᠴᠡᠭ ᠲᠤ ᠠᠮᠤᠷ ᠲᠦᠪᠰᠢᠨ ᠢᠶᠠᠷ ᠪᠠᠭᠤᠪᠠ᠃ ᠪᠢᠳᠡ ᠬᠢᠵᠠᠭᠠᠯᠠᠰᠢ ᠦᠭᠡᠢ ᠣᠮᠣᠭᠰᠢᠨ ᠪᠠᠭ᠋ᠠᠳᠤᠵᠤ᠂ ᠬᠠᠷᠪᠤᠯᠲᠠ ᠶᠢᠨ ᠡᠭᠦᠷᠭᠡ ᠶᠢᠨ ᠪᠠᠲᠤᠯᠠᠭ᠎ᠠ᠂ ᠪᠤᠴᠠᠬᠤ ᠦᠷᠦᠭᠡ ᠶᠢᠨ ᠡᠷᠢᠵᠦ ᠠᠪᠤᠷᠠᠬᠤ ᠳᠤ ᠣᠷᠣᠯᠴᠠᠭᠰᠠᠨ ᠳᠠᠭᠠᠨ ᠮᠠᠰᠢ ᠢᠷᠠᠭᠤ ᠠᠯᠳᠠᠷᠲᠠᠢ ᠪᠥᠭᠡᠳ ᠪᠠᠶᠠᠷᠯᠠᠵᠤ ᠪᠠᠶᠢᠨ᠎ᠠ ᠭᠡᠪᠡ᠃ ᠠᠯᠠᠱᠠ ᠠᠶᠢᠮᠠᠭ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠲᠠᠢ ᠶᠤᠮ᠂ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ ᠳᠤ ᠦᠢᠯᠡᠴᠢᠯᠡᠬᠦ ᠪᠣᠯ ᠪᠢᠳᠡᠨ ᠤ ᠡᠷᠬᠡᠪᠰᠢ ᠰᠠᠶᠢᠲᠤᠷ ᠬᠦᠢᠴᠡᠳᠬᠡᠬᠦ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠪᠢᠳᠡ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠴᠡᠷᠢᠭ ᠠᠩᠭᠢ ᠶᠢᠨ ᠬᠡᠷᠡᠭᠴᠡᠭᠡ ᠶᠢ ᠨᠢᠭᠡᠳᠦᠭᠡᠷ ᠰᠣᠩᠭᠤᠯᠲᠠ ᠪᠣᠯᠭᠠᠵᠤ᠂ ᠪᠥᠬᠦ ᠬᠦᠴᠦᠨ ᠢᠶᠠᠷ ᠢᠶᠠᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯᠤᠨ ᠡᠭᠦᠷᠭᠡ ᠬᠦᠢᠴᠡᠳᠬᠡᠬᠦ ᠳᠤ  ᠦᠢᠯᠡᠴᠢᠯᠡᠭᠡ ᠪᠠᠲᠤᠯᠠᠭ᠎ᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ ᠶᠢ ᠳᠡᠮᠵᠢᠨ᠎ᠡ ᠭᠡᠪᠡ᠃       ᠵᠦ ᠾᠧᠩ ᠴᠢᠶᠠᠩ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠲᠥᠯᠥᠭᠡᠯᠡᠨ ᠮᠠᠨ ᠤ ᠠᠶᠢᠮᠠᠭ ᠤᠨ ᠬᠤᠪᠢᠯᠭᠠᠨ ᠣᠩᠭᠤᠴᠠ ᠠᠷᠪᠠᠨ ᠬᠤᠶᠠᠳᠤᠭᠠᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠶᠢ ᠬᠠᠷᠪᠤᠬᠤ᠂ ᠪᠤᠴᠠᠬᠤ ᠥᠷᠥᠭᠡ ᠶᠢ ᠪᠤᠴᠠᠭᠠᠨ ᠠᠪᠬᠤ ᠡᠭᠦᠷᠭᠡ ᠳᠤ ᠬᠢᠭᠰᠡᠨ ᠪᠥᠬᠦ ᠲᠠᠯ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠪᠠ ᠭᠠᠷᠭᠠᠭᠰᠠᠨ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠲᠣᠰ ᠤᠳᠠᠭᠠᠨ ᠤ ᠬᠤᠪᠢᠯᠭᠠᠨ ᠣᠩᠭᠤᠴᠠ ᠠᠷᠪᠠᠨ ᠬᠤᠶᠠᠳᠤᠭᠠᠷ ᠤᠨ ᠰᠠᠨᠰᠠᠷᠴᠢᠨ ᠪᠣᠯ ᠠᠩᠬ᠎ᠠ ᠤᠳᠠᠭ᠎ᠠ ᠰᠠᠨᠰᠠᠷ ᠤᠨ ᠥᠷᠲᠡᠭᠡ ᠠᠴᠠ ᠭᠠᠵᠠᠷ ᠤᠨ ᠭᠠᠳᠠᠷᠭᠤ ᠳᠤ ᠪᠤᠴᠠᠵᠤ ᠪᠠᠶᠢᠭ᠎ᠠ ᠶᠤᠮ᠂ ᠪᠤᠴᠠᠬᠤ ᠥᠷᠥᠭᠡ ᠨᠢ ᠴᠦ ᠠᠩᠬ᠎ᠠ ᠤᠳᠠᠭ᠎ᠠ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠳ᠋ᠦᠩᠹᠧᠩ ᠤᠨ ᠭᠠᠵᠠᠷᠳᠠᠬᠤ ᠴᠡᠭ ᠲᠤ ᠪᠠᠭᠤᠵᠤ ᠪᠠᠶᠢᠭ᠎ᠠ ᠪᠣᠯᠬᠤᠷ ᠪᠤᠴᠠᠭᠠᠨ ᠠᠪᠴᠢᠷᠠᠬᠤ ᠡᠭᠦᠷᠭᠡ ᠬᠠᠲᠠᠭᠤ ᠪᠡᠷᠬᠡ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠡᠶ᠃ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠭᠰᠠᠨ ᠡᠷᠢᠵᠦ ᠠᠪᠤᠷᠬᠠᠤ ᠡᠭᠦᠷᠭᠡ ᠶᠢᠨ ᠵᠢᠯᠣᠭᠤᠳᠬᠤ ᠭᠠᠵᠠᠷ ᠤᠨ ᠡᠯ᠎ᠡ ᠵᠦᠢᠯ ᠤᠨ ᠠᠵᠢᠯ   ᠢ ᠥᠷᠨᠢᠭᠦᠯᠬᠦ ᠳᠤ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠰᠠᠨᠰᠠᠷᠴᠢᠨ ᠤ ᠬᠡᠷ ᠲᠡᠭᠡᠨ ᠪᠤᠴᠠᠬᠤ ᠶᠢ ᠤᠷᠤᠭᠰᠢᠲᠠᠶ ᠤᠭᠲᠤᠵᠤ᠂ ᠬᠤᠪᠢᠯᠭᠠᠨ ᠣᠩᠭᠤᠴᠠ ᠠᠷᠪᠠᠨ ᠬᠤᠶᠠᠳᠤᠭᠠᠷ  ᠭᠠᠵᠠᠷᠳᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠴᠢᠬᠤᠯᠠ ᠪᠠᠲᠤᠯᠠᠭ᠎ᠠ ᠬᠠᠩᠭᠠᠪᠠ᠃ ᠠᠯᠠᠱᠠ ᠠᠶᠢᠮᠠᠭ ᠬᠤᠶᠢᠰᠢᠳᠠ ᠶᠢᠨ ᠠᠵᠢᠯ ᠳᠤᠮᠳᠠ ᠪᠠᠨ ᠴᠡᠷᠢᠭ ᠠᠩᠭᠢ ᠪᠠ ᠣᠷᠣᠨ ᠨᠤᠲᠤᠭ ᠤᠨ ᠬᠠᠷᠢᠴᠠᠭ᠎ᠠ ᠪᠠᠨ ᠤᠯᠠᠮ ᠨᠢᠭᠲᠠᠷᠠᠭᠤᠯᠵᠤ᠂ ᠬᠠᠮᠲᠤ ᠪᠠᠷ ᠬᠠᠷᠪᠤᠯᠲᠠ ᠶᠢᠨ ᠡᠭᠦᠷᠭᠡ ᠳᠤ ᠦᠢᠯᠡᠴᠢᠯᠡᠭᠡ ᠪᠠᠲᠤᠯᠠᠭ᠎ᠠ ᠬᠠᠩᠭᠠᠵᠤ᠂ ᠮᠠᠨ ᠤ ᠤᠯᠤᠰ ᠤᠨ  ᠪᠠᠲᠤᠯᠠᠨ ᠬᠠᠮᠠᠭᠠᠯᠠᠯᠲᠠ ᠪᠠ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠠ᠃
      ᠠᠭᠤᠯᠵᠠᠯᠲᠠ ᠳᠤ᠂ ᠵᠦ ᠾᠧᠩ ᠴᠢᠶᠠᠩ 63600 ᠴᠡᠷᠢᠭ ᠠᠩᠭᠢ ᠶᠢ ᠲᠥᠯᠥᠭᠡᠯᠡᠨ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠬᠡᠮᠡᠷᠯᠢᠭ ᠲᠤᠭ ᠪᠡᠯᠡᠭᠯᠡᠪᠡ᠃       ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠶᠠᠩ ᠭᠦᠸᠧ ᠱᠦᠨ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠢ ᡁᠢ ᠭᠦᠸᠧ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号