ᠱᠠᠯᠨ ᠶᠢᠨ ᠬᠤᠳᠳᠤᠭ ᠭᠠᠴᠠᠭᠠᠨ ᠤ ᠱᠠᠭᠰᠢᠮ᠎ᠠ ᠬᠤᠪᠢᠷᠠᠯᠳᠠ
ᠨᠡᠶᠢᠲᠡᠯᠡᠭᠰᠡᠨ ᠴᠠᠭ᠄
2021/9/27
     ᠪᠠᠶᠠᠨ ᠨᠠᠮᠤᠷ ᠤᠨ ᠠᠯᠠᠱᠠ ᠨᠤᠳᠤᠭ ᠬᠤᠪᠢ ᠶᠢᠨ ᠭᠠᠳᠠᠨ᠎ᠠ ᠭᠤᠶᠤᠬᠠᠨ᠃      9 ᠰᠠᠷ᠎ᠠ ᠶᠢᠨ ᠡᠬᠢ ᠪᠠᠷ ᠪᠢᠳᠡ ᠠᠯᠠᠱᠠ ᠪᠠᠷᠠᠭᠤᠨ ᠬᠤᠰᠢᠭᠤᠨ ᠤ ᠮᠠᠨᠳᠤᠯ ᠰᠤᠮᠤ ᠶᠢᠨ ᠱᠠᠯᠨ ᠶᠢᠨ ᠬᠤᠳᠳᠤᠭ ᠭᠠᠴᠠᠭ᠎ᠠ ᠳᠤ ᠬᠦᠷᠴᠤ ᠰᠤᠷᠪᠤᠯᠵᠢᠯᠠᠬᠤ ᠳᠠᠭᠠᠨ᠂ ᠭᠤᠸᠠ ᠵᠢᠮᠢᠰ ᠡᠯᠪᠡᠭ ᠬᠤᠷᠢᠶᠠᠵᠤ ᠤᠷᠤᠯᠭ᠎ᠠ ᠨᠡᠮᠡᠭᠳᠡᠨ ᠠᠮᠢᠳᠤᠷᠠᠯ ᠴᠢᠨᠡᠭᠡᠯᠢᠭᠵᠢᠭᠰᠡᠨ ᠭᠠᠴᠠᠭᠠᠨ ᠤ ᠠᠷᠠᠳ ᠤᠨ ᠪᠠᠶᠠᠷ ᠪᠠᠶᠠᠰᠤᠯ ᠢ ᠲᠠᠭᠠᠨ ᠪᠠᠶᠠᠰᠬᠤ ᠶᠢᠨ ᠬᠠᠮᠳᠤ ᠭᠠᠴᠠᠭᠠᠨ ᠤ ᠠᠵᠤ ᠦᠢᠯᠡᠰ ᠢᠶᠠᠨ ᠬᠡᠷᠬᠢᠨ ᠬᠦᠭᠵᠢᠭᠦᠯᠵᠦ ᠵᠠᠯᠠᠭᠤᠴᠤᠳ ᠢᠶᠠᠨ ᠶᠠᠭᠠᠬᠢᠵᠤ ᠨᠤᠳᠤᠭ ᠲᠠᠭᠠᠨ ᠦᠯᠡᠳᠡᠭᠡᠵᠦ ᠨᠤᠳᠤᠭ ᠲᠠᠭᠠᠨ ᠳᠠᠳᠠᠵᠤ ᠠᠪᠴᠢᠷᠠᠶ᠎ᠠ ᠭᠡᠬᠦ ᠭᠠᠴᠠᠭᠠᠨ ᠤ ᠨᠠᠮ ᠤᠨ ᠡᠬᠦᠷ ᠤᠨ ᠱᠦᠵᠢ ᠶᠢᠨ ᠰᠠᠨᠠᠭᠠᠰᠢᠷᠠᠯ ᠢ ᠴᠤ ᠤᠢᠢᠯᠠᠭᠠᠵᠤ ᠶᠠᠪᠤᠯ᠎ᠠ᠃      ᠱᠠᠯᠨ ᠶᠢᠨ ᠬᠤᠳᠳᠤᠭ ᠭᠠᠴᠠᠭ᠎ᠠ ᠪᠤᠯ ᠲᠠᠷᠢᠶᠠᠯᠠᠬᠤ ᠪᠠᠷ ᠭᠤᠤᠯ ᠪᠤᠯᠭᠠᠭᠰᠠᠨ ᠭᠠᠴᠠᠭ᠎ᠠ᠂ 59 ᠡᠷᠦᠬᠡ ᠶᠢᠨ 160 ᠬᠦᠮᠦᠨ ᠠᠮᠠ ᠲᠠᠢ ᠪᠠᠶᠢᠵᠤ᠂ ᠪᠦᠬᠦᠳᠡᠭᠡᠷ ᠢᠶᠠᠨ ᠶᠠᠳᠠᠭᠤ ᠠᠴᠠ ᠠᠩᠬᠢᠵᠢᠷᠠᠵᠤ ᠴᠢᠨᠡᠭᠡᠯᠢᠭᠵᠢᠭᠰᠡᠨ ᠪᠠᠶᠢᠨ᠎ᠠ᠃ ᠪᠢᠳᠡ ᠭᠠᠴᠠᠭᠠᠨ ᠤ ᠨᠠᠮ ᠤᠨ ᠡᠬᠦᠷ ᠤᠨ ᠱᠦᠵᠢ ᠰᠢᠤᠢ ᠮᠢᠩ ᠸᠧᠨ ᠤ ᠳᠠᠭᠠᠭᠤᠯᠭ᠎ᠠ ᠪᠠᠷ ᠱᠠᠯᠨ ᠶᠢᠨ ᠬᠤᠳᠳᠤᠭ ᠭᠠᠴᠠᠭᠠᠨ ᠤ ᠡᠷᠳᠡᠨᠢ ᠰᠢᠰᠢ ᠶᠢᠨ ᠲᠠᠷᠢᠶ᠎ᠠ᠂ ᠠᠮᠳᠠᠳᠤ ᠬᠡᠮᠬᠡ ᠶᠢᠨ ᠲᠠᠷᠢᠶ᠎ᠠ ᠶᠢᠨ ᠵᠢᠷᠤᠭ ᠰᠡᠭᠦᠳᠡᠷ ᠢ ᠠᠪᠴᠤ ᠪᠠᠶᠢᠬᠤ ᠳᠤ ᠭᠤᠷᠪᠡᠨ ᠬᠦᠷᠳᠤᠳᠤ ᠮᠤᠲ᠋ᠤᠷ ᠢᠶᠠᠷ ᠲᠠᠷᠢᠶ᠎ᠠ ᠪᠠᠨ ᠦᠵᠡᠬᠦ ᠪᠠᠷ ᠶᠠᠪᠤᠬᠤ ᠬᠤᠶᠠᠷ ᠬᠦᠮᠦᠨ ᠲᠠᠢ ᠲᠠᠭᠠᠷᠠᠯᠳᠤᠵᠠᠢ᠃ ᠲᠡᠳᠡ ᠪᠤᠯ ᠱᠠᠯᠨ ᠶᠢᠨ ᠬᠤᠳᠳᠤᠭ ᠭᠠᠴᠠᠭ᠎ᠠ ᠶᠢᠨ ᠬᠦᠮᠦᠨ ᠪᠢᠰᠢ᠂ ᠭᠠᠨᠰᠤ ᠮᠤᠵᠢ ᠶᠢᠨ ᠮᠢᠨ ᠴᠢᠨ ᠰᠢᠶᠠᠨ ᠠᠴᠠ ᠲᠤᠰ ᠭᠠᠴᠠᠭᠠᠨ ᠤ ᠲᠠᠷᠢᠶ᠎ᠠ ᠶᠢ ᠳᠦᠷᠢᠶᠡᠰᠦᠯᠡᠨ ᠲᠠᠷᠢᠵᠤ ᠪᠠᠶᠢᠭ᠎ᠠ ᠬᠦᠮᠦᠨ ᠪᠤᠯᠬᠤ ᠶᠤᠮ᠃      ︽ᠮᠠᠨ ᠤ ᠠᠳᠡᠬᠢ ᠲᠠᠷᠢᠶᠠᠨ ᠭᠠᠵᠠᠷ ᠤᠨ 70% ᠶᠢ ᠪᠦᠷ ᠭᠠᠳᠠᠨᠠᠬᠢ ᠬᠦᠮᠦᠰ ᠳᠦᠷᠢᠶᠡᠰᠦᠯᠡᠨ ᠲᠠᠷᠢᠵᠤ ᠪᠤᠢ᠃ ᠨᠤᠳᠤᠭ ᠤᠨ ᠬᠦᠮᠦᠰ ᠵᠢᠭᠠᠬᠠᠨ ᠭᠤᠶᠤᠤ ᠲᠠᠷᠢᠵᠤ᠂ ᠬᠤᠨᠢ ᠲᠡᠵᠢᠭᠡᠭᠡᠳ ᠠᠮᠢᠳᠤᠷᠠᠳᠠᠭ᠃ ᠭᠤᠤᠯ ᠨᠢ ᠵᠠᠯᠠᠭᠤᠴᠤᠳ ᠪᠦᠷ ᠭᠠᠳᠠᠭᠰᠢ ᠭᠠᠷᠴᠤ᠂ ᠬᠦᠳᠡᠭᠡ ᠨᠤᠳᠤᠭ ᠲᠤ ᠦᠯᠡᠳᠡᠵᠦ ᠪᠠᠶᠢᠭ᠎ᠠ ᠠᠬᠠᠮᠠᠳ ᠨᠠᠰᠤᠳᠠᠶᠢᠴᠤᠳ ᠲᠠᠷᠢᠶ᠎ᠠ ᠲᠦᠮᠦᠰᠤ ᠪᠠᠨ ᠡᠳ᠋ᠯᠡᠬᠦ ᠲᠡᠩᠬᠡᠬᠡ ᠦᠭᠡᠢ ᠪᠤᠯᠤᠭᠰᠠᠨ ᠠᠴᠠ ᠪᠤᠯᠵᠠᠢ᠂ ᠭᠡᠶ᠎ᠠ ᠵᠠᠷᠢᠮ ᠨᠢ ᠪᠠᠰᠠ ᠦᠪᠡᠷ ᠢᠶᠠᠨ ᠲᠠᠷᠢᠵᠤ ᠪᠤᠢ︾ ᠭᠡᠵᠦ ᠰᠢᠤᠢ ᠮᠢᠩ ᠸᠧᠨ ᠶᠠᠷᠢᠬᠤ ᠳᠤ ᠬᠠᠷᠠᠮᠰᠠᠯ ᠤᠨ ᠦᠩᠭᠡ ᠴᠢᠷᠠᠢ ᠳᠤᠨᠢ ᠳᠤᠳᠤᠷᠠᠨ᠎ᠠ᠃ 1980 ᠤᠨ ᠳᠤ ᠲᠦᠷᠦᠭᠰᠡᠨ ᠲᠡᠷᠡ ᠪᠠᠷ ᠭᠠᠴᠠᠭᠠᠨ ᠳᠠᠭᠠᠨ ᠵᠠᠯᠠᠭᠤ ᠬᠦᠮᠦᠨ ᠤ ᠲᠤᠭᠠᠨ ᠳᠤ ᠤᠷᠤᠳᠠᠭ᠃      ᠰᠢᠤᠢ ᠮᠢᠩ ᠸᠧᠨ 2006 ᠤᠨ ᠳᠤ ᠱᠠᠯᠨ ᠶᠢᠨ ᠬᠤᠳᠳᠤᠭ ᠭᠠᠴᠠᠭ᠎ᠠ ᠶᠢᠨ ᠭᠠᠴᠠᠭᠠᠨ ᠳᠠᠷᠤᠭ᠎ᠠ ᠪᠠᠷ ᠰᠤᠩᠭᠤᠭᠳᠠᠨ᠂ 2015 ᠤᠨ ᠠᠴᠠ ᠭᠠᠴᠠᠭᠠᠨ ᠤ ᠨᠠᠮ ᠤᠨ ᠡᠬᠦᠷ ᠤᠨ ᠱᠦᠵᠢ ᠶᠢᠨ ᠲᠤᠰᠢᠶᠠᠯ ᠢ ᠡᠭᠦᠷᠭᠡᠯᠡᠪᠡ᠃ ᠲᠡᠷᠡ ᠪᠠᠷ ᠤᠷᠢᠳ ᠬᠤᠵᠢᠳ ᠭᠤᠶᠤᠤ ᠲᠠᠷᠢᠬᠤ ᠲᠦᠷᠦᠯ ᠵᠦᠢᠯ᠂ ᠵᠠᠭ ᠤᠨ ᠤᠢ ᠶᠢᠨ ᠦᠷ᠎ᠠ ᠠᠰᠢᠭ ᠢ ᠤᠨᠤᠴᠠᠳᠠᠢ ᠳᠡᠭᠡᠭᠰᠢᠯᠡᠭᠦᠯᠬᠦ ᠲᠦᠷᠦᠯ ᠵᠦᠢᠯ ᠵᠢᠴᠢ ᠶᠡᠷᠦᠩᠬᠡᠶᠢᠯᠡᠭᠰᠡᠨ ᠲᠡᠵᠢᠭᠡᠨ ᠦᠷᠡᠵᠢᠭᠦᠯᠬᠦ ᠲᠠᠯᠠᠪᠠᠢ ᠵᠡᠷᠭᠡ ᠲᠦᠷᠦᠯ ᠵᠦᠢᠯ ᠢ ᠭᠠᠴᠠᠭᠠᠨ ᠳᠠᠭᠠᠨ ᠠᠪᠴᠢᠷᠠᠵᠠᠢ᠃ ︽ᠤᠤᠯ ᠳᠠᠭᠠᠨ ᠮᠠᠨ ᠤ ᠠᠳᠡ ᠪᠦᠷ ᠡᠯᠡᠰᠦ ᠮᠠᠩᠬ᠎ᠠ ᠪᠠᠶᠢᠭᠰᠠᠨ᠂ ᠡᠳᠦᠷᠵᠢᠨ ᠰᠠᠯᠬᠢᠯᠠᠭᠠᠳ᠂ ᠭᠠᠴᠠᠭᠠᠨ ᠤ ᠠᠷᠠᠳ ᠤᠨ ᠬᠦᠮᠦᠨ ᠳᠤᠮᠳᠠᠴᠢ ᠶᠢᠨ ᠵᠢᠯ ᠤᠨ ᠤᠷᠤᠯᠭ᠎ᠠ 2000 ᠲᠦᠭᠦᠷᠢᠭ ᠴᠤ ᠬᠦᠷᠬᠦ ᠦᠭᠡᠢ ᠪᠠᠶᠢᠪᠠ᠃ ᠵᠠᠷᠢᠮ ᠳᠠᠭᠠᠨ ᠲᠠᠷᠢᠶ᠎ᠠ ᠲᠠᠷᠢᠭᠠᠳ ᠪᠡᠯᠡ ᠪᠠᠨ ᠴᠤ ᠤᠯᠵᠤ ᠳᠡᠶᠢᠯᠬᠦ ᠦᠭᠡᠢ ᠭᠠᠴᠢᠭᠳᠠᠵᠤ ᠪᠠᠶᠢᠭᠰᠠᠨ᠂ ᠰᠡᠭᠦᠯᠳᠡᠵᠦ ᠢᠷᠡᠭᠡᠳ ᠭᠠᠴᠠᠭᠠᠨ ᠠᠴᠠ ᠵᠠᠭ ᠲᠠᠷᠢᠬᠤ ᠲᠦᠷᠦᠯ ᠵᠦᠢᠯ ᠢ ᠤᠯᠵᠤ᠂ ᠪᠠᠰᠠ ᠬᠦᠮᠦᠨ ᠤ ᠬᠦᠴᠦ ᠪᠠᠷ ᠭᠤᠶᠤᠤ ᠳᠠᠷᠢᠭᠠᠳ ᠠᠮᠵᠢᠯᠳᠠ ᠤᠯᠤᠭᠰᠠᠨ ᠢᠶᠠᠷ ᠠᠳᠡᠬᠢ ᠤᠷᠭᠤᠮᠠᠯ ᠤᠨ ᠪᠦᠷᠬᠦᠴᠡ ᠰᠠᠶᠢᠵᠢᠷᠠᠭᠰᠠᠨ ᠪᠦᠭᠡᠳ ᠭᠠᠴᠠᠭᠠᠨ ᠤ ᠠᠷᠠᠳ ᠤᠨ ᠡᠷᠦᠬᠡ ᠳᠤᠮᠳᠠᠴᠢ ᠶᠢᠨ ᠵᠢᠯ ᠤᠨ ᠤᠷᠤᠯᠭ᠎ᠠ ᠲᠦᠮᠡᠨ ᠲᠦᠭᠦᠷᠢᠭ ᠤᠷᠴᠢᠮ ᠨᠡᠮᠡᠭᠳᠡᠯ᠎ᠠ︾ ᠭᠡᠵᠦ ᠰᠢᠤᠢ ᠮᠢᠩ ᠸᠧᠨ ᠬᠡᠯᠡᠨ᠎ᠠ᠃      ᠭᠤᠶᠤᠤ ᠠᠴᠠ ᠭᠠᠳᠠᠨ᠎ᠠ᠂ ᠱᠠᠯᠨ ᠶᠢᠨ ᠬᠤᠳᠳᠤᠭ ᠭᠠᠴᠠᠭ᠎ᠠ ᠶᠢᠨ ᠠᠷᠠᠳ ᠪᠠᠰᠠ ᠠᠮᠳᠠᠳᠤ ᠬᠡᠮᠬᠡ᠂ ᠡᠷᠳᠡᠨᠢ ᠰᠢᠰᠢ᠂ ᠨᠠᠷᠠᠨ ᠬᠤᠸᠠᠷ᠂ ᠴᠠᠷᠭᠠᠰᠤ ᠵᠡᠷᠭᠡ ᠶᠢ ᠲᠠᠷᠢᠵᠤ ᠪᠤᠢ᠃ ᠠᠳᠡᠬᠢ ᠶᠢᠨ ᠠᠮᠳᠠᠳᠤ ᠬᠡᠮᠭᠡ ᠠᠮᠳᠠᠯᠢᠭ ᠰᠠᠶᠢᠬᠠᠨ ᠪᠠᠶᠢᠵᠤ᠂ ᠪᠤᠯᠪᠠᠰᠤᠷᠠᠴᠢᠬᠠᠪᠠᠯ ᠠᠷᠠᠯᠵᠢᠶᠠᠴᠢᠨ ᠳᠠᠷᠦ᠋ᠢᠬᠠᠨ ᠢᠷᠡᠭᠡᠳ ᠲᠡᠭᠡᠭᠡᠭᠡᠳ ᠶᠠᠪᠤᠴᠢᠬᠠᠨ᠎ᠠ᠂ ᠪᠤᠷᠤᠯᠠᠭᠤᠯᠭ᠎ᠠ ᠶᠢᠨ ᠲᠠᠯ᠎ᠠ ᠪᠠᠷ ᠵᠤᠪᠠᠭ᠋ᠤ ᠶᠠᠭᠤᠮ᠎ᠠ ᠦᠭᠡᠢ᠃ ᠡᠷᠳᠡᠨᠢ ᠰᠢᠰᠢ᠂ ᠴᠠᠷᠭᠠᠰᠤ ᠵᠡᠷᠭᠡ ᠶᠢ ᠪᠤᠯ ᠲᠠᠵᠢᠬᠡᠪᠤᠷᠢ ᠶᠢᠨ ᠦᠢᠯᠡᠰ ᠲᠡᠭᠡᠨ ᠰᠢᠩᠭᠡᠭᠡᠴᠢᠬᠡᠨ᠎ᠠ᠃ ᠡᠯ᠎ᠠ ᠵᠦᠢᠯ ᠤᠨ ᠤᠷᠤᠯᠭ᠎ᠠ ᠨᠡᠶᠢᠯᠡᠭᠡᠳ ᠢᠷᠡᠬᠦ ᠪᠠᠷ ᠱᠠᠯᠨ ᠶᠢᠨ ᠬᠤᠳᠳᠤᠭ ᠭᠠᠴᠠᠭᠠᠨ ᠤ ᠠᠷᠠᠳ ᠤᠨ ᠬᠦᠮᠦᠨ ᠳᠤᠮᠳᠠᠴᠢ ᠶᠢᠨ ᠵᠢᠯ ᠤᠨ ᠤᠷᠤᠯᠭ᠎ᠠ ᠤᠳᠤ 2.2 ᠲᠦᠮᠡᠨ ᠲᠦᠭᠦᠷᠢᠭ ᠢ ᠲᠠᠪᠠᠵᠤ᠂ ᠵᠠᠷᠢᠮ ᠡᠷᠦᠬᠡ ᠶᠢᠨ ᠤᠷᠤᠯᠭ᠎ᠠ ᠬᠡᠳᠦᠨ ᠠᠷᠪᠠᠨ ᠲᠦᠮᠡᠨ ᠲᠦᠬᠦᠷᠢᠭ ᠲᠤ ᠬᠦᠷᠴᠤ ᠪᠤᠢ᠃      ᠪᠢᠳᠡᠨ ᠢ ᠬᠦᠷᠬᠦ ᠳᠤ ᠰᠢᠤᠢ ᠮᠢᠩ ᠸᠧᠨ ᠤ ᠠᠬ᠎ᠠ ᠰᠢᠤᠢ ᠮᠢᠩ ᠡᠤ ᠶᠠᠭ ᠬᠡᠳᠦᠨ ᠠᠵᠢᠯᠴᠢᠨ ᠬᠦᠯᠦᠰᠦᠯᠡᠨ ᠠᠮᠳᠠᠳᠤ ᠬᠡᠮᠬᠡ ᠪᠠᠨ ᠲᠡᠭᠦᠵᠦ ᠪᠠᠶᠢᠪᠠ᠃ ︽ᠮᠦᠳᠳᠤ ᠲᠤᠮᠤ ᠮᠠᠰᠢᠨ ᠲᠡᠷᠭᠡ ᠪᠠᠷ ᠢᠷᠡᠵᠤ 18 ᠳᠤᠨ ᠭᠤᠸᠠ ᠲᠡᠭᠡᠭᠡᠨ᠎ᠠ︾ ᠭᠡᠵᠦ ᠰᠢᠤᠢ ᠮᠢᠩ ᠡᠤ ᠶᠠᠭᠠᠷᠠᠯᠳᠠᠢ ᠠᠵᠢᠯᠯᠠᠬᠤ ᠶᠢᠨ ᠳᠠᠭᠠᠤ ᠶᠡᠭᠡ ᠪᠠᠶᠠᠷ ᠲᠠᠢ ᠶᠠᠷᠢᠵᠤ ᠪᠠᠶᠢᠯ᠎ᠠ᠃ ᠰᠢᠤᠢ ᠮᠢᠩ ᠡᠤ ᠨᠢᠳᠤᠨᠤᠨ 70 ᠮᠦ ᠠᠮᠳᠠᠳᠤ ᠬᠡᠮᠬᠡ ᠲᠠᠷᠢᠭᠠᠳ 40 ᠭᠠᠷᠤᠢ ᠲᠦᠮᠡᠨ ᠲᠦᠭᠦᠷᠢᠭ ᠤᠨ ᠤᠷᠤᠯᠭ᠎ᠠ ᠤᠯᠵᠠᠢ᠃ ᠡᠨᠡ ᠵᠢᠯ ᠠᠮᠳᠠᠳᠤ ᠬᠡᠮᠬᠡ ᠶᠢᠨ ᠦᠨ᠎ᠠ ᠵᠢᠭᠠᠬᠠᠨ ᠪᠠᠭᠤᠷᠠᠭᠰᠠᠨ ᠴᠤ 40 ᠮᠦ ᠠᠮᠳᠠᠳᠤ ᠬᠡᠮᠭᠡ ᠲᠠᠷᠢᠭᠰᠠᠨ ᠲᠡᠷᠡ ᠪᠠᠷ ᠮᠦᠨ ᠠᠷᠪᠡᠨ ᠬᠡᠳᠦᠨ ᠲᠦᠮᠡᠨ ᠲᠦᠭᠦᠷᠢᠭ ᠤᠨ ᠤᠷᠤᠯᠭ᠎ᠠ ᠤᠯᠴᠢᠬᠠᠨ᠎ᠠ᠃ ᠠᠮᠳᠠᠳᠤ ᠬᠡᠮᠬᠡ ᠠᠴᠠ ᠭᠠᠳᠠᠨ᠎ᠠ ᠰᠢᠤᠢ ᠮᠢᠩ ᠡᠤ ᠪᠠᠰᠠ ᠨᠠᠷᠠᠨ ᠬᠤᠸᠠᠷ᠂ ᠡᠷᠳᠡᠨᠢ ᠰᠢᠰᠢ᠂ ᠴᠠᠷᠭᠠᠰᠤ᠂ ᠭᠤᠶᠤᠤ ᠲᠠᠷᠢᠭᠰᠠᠨ ᠪᠠᠶᠢᠳᠠᠭ᠃      ᠨᠢᠭᠡ ᠪᠤᠳᠤᠪᠠᠯ ᠬᠤᠳᠠ ᠳᠤ ᠠᠮᠢᠳᠤᠷᠠᠬᠰᠠᠨ ᠮᠠᠨᠤᠰ ᠤᠨ ᠵᠢᠯ ᠤᠨ ᠤᠷᠤᠯᠭ᠎ᠠ ᠰᠠᠶ᠋ᠢ ᠬᠡᠳᠦᠢ ᠯᠡ ᠳ᠋ᠠ⁈ ᠵᠠᠯᠠᠭᠤᠴᠤᠳ ᠶᠠᠭᠠᠬᠢᠭᠠᠳ ᠬᠦᠳᠡᠭᠡ ᠬᠠᠷᠢᠬᠤ ᠳᠤᠷ᠎ᠠ ᠦᠭᠡᠢ ᠪᠤᠢ︖ ᠭᠡᠬᠦ ᠪᠤᠳᠤᠯ ᠳᠤ ᠬᠦᠲᠦᠯᠦᠭᠳᠡᠨ ᠰᠢᠤᠢ ᠮᠢᠩ ᠸᠧᠨ ᠢ ᠳᠠᠭᠠᠵᠤ 1994 ᠤᠨ ᠳᠤ ᠲᠦᠷᠦᠭᠰᠡᠨ ᠯᠢ ᠰᠢᠶᠤᠤ ᠶᠢᠨ ᠭᠡᠬᠦ ᠵᠠᠯᠠᠭᠤ ᠶᠢᠨ ᠭᠤᠶᠤᠤ ᠬᠤᠷᠢᠶᠠᠨ ᠬᠠᠳᠠᠭᠠᠯᠠᠬᠤ ᠬᠦᠮᠦᠷᠭᠡ ᠳᠤ ᠬᠦᠷᠪᠡ᠃      ᠱᠠᠯᠨ ᠶᠢᠨ ᠬᠤᠳᠳᠤᠭ ᠭᠠᠴᠠᠭ᠎ᠠ 2012 ᠤᠨ ᠳᠤ ᠵᠠᠭ ᠤᠨ ᠤᠢ ᠳᠤ ᠴᠠᠭᠠᠨ ᠭᠤᠶᠤᠤ ᠳᠠᠷᠢᠭᠠᠳ ᠠᠮᠵᠢᠯᠳᠠ ᠤᠯᠤᠭᠰᠠᠨ ᠳᠤ᠂ ᠶᠡᠭᠡ ᠰᠤᠷᠭᠠᠭᠤᠯᠢ ᠪᠠᠨ ᠲᠡᠭᠦᠰᠦᠭᠡᠳ ᠠᠶᠢᠮᠠᠭ ᠳᠡᠭᠡᠷ᠎ᠠ ᠪᠠᠨ ᠬᠡᠳᠦᠨ ᠵᠢᠯ ᠠᠵᠢᠯᠯᠠᠭᠰᠠᠨ ᠯᠢ ᠰᠢᠶᠤᠤ ᠶᠢᠨ ᠨᠤᠳᠤᠭ ᠲᠠᠭᠠᠨ ᠪᠤᠴᠠᠵᠠᠢ᠃ ᠯᠢ ᠰᠢᠶᠤᠤ ᠶᠢᠨ ᠤ ᠬᠢ ᠠᠩᠬ᠎ᠠ ᠡᠬᠢᠯᠡᠭᠡᠳ 100 ᠮᠦ ᠭᠤᠶᠤᠤ ᠲᠠᠢ ᠪᠠᠶᠢᠭᠰᠠᠨ᠂ 2016 ᠤᠨ ᠠᠴᠠ 1800 ᠮᠦ ᠪᠤᠯᠭᠠᠵᠦ᠂ ᠦᠪᠡᠷ ᠤᠨ ᠭᠤᠶᠤᠤ ᠠᠴᠠ ᠭᠠᠳᠠᠨ᠎ᠠ ᠪᠤᠰᠤᠳ ᠤᠨ ᠬᠢ ᠶᠢ ᠴᠤ ᠬᠤᠷᠢᠶᠠᠵᠤ ᠭᠠᠳᠠᠭᠰᠢ ᠪᠤᠷᠤᠯᠠᠭᠤᠯᠵᠤ ᠡᠬᠢᠯᠡᠵᠠᠢ᠃ ᠵᠠᠯᠠᠭᠤ ᠬᠦᠮᠦᠨ ᠪᠤᠯᠬᠤᠷ ᠵᠢᠷᠬᠢᠶ᠎ᠠ᠂ ᠴᠤᠤᠷᠢᠶ᠎ᠠ᠂ ᠪᠤᠰᠢᠭᠤ ᠭᠠᠷ᠂ ᠪᠦᠷᠭᠡ ᠵᠡᠷᠭᠡ ᠳᠠᠪᠴᠠᠩ ᠢᠶᠠᠷ ᠳᠠᠮᠵᠢᠨ ᠰᠦᠯᠵᠢᠶ᠎ᠠ ᠪᠠᠷ ᠪᠠᠷᠠᠭ᠎ᠠ ᠪᠠᠨ ᠲᠠᠨᠢᠯᠴᠠᠭᠤᠯᠤᠨ ᠬᠤᠳᠠᠯᠳᠤᠵᠤ᠂ ᠵᠢᠯ ᠤᠨ ᠤᠷᠤᠯᠭ᠎ᠠ ᠨᠢ ᠠᠷᠪᠠ ᠬᠤᠷᠢᠨ ᠲᠦᠮᠡᠨ ᠲᠦᠭᠦᠷᠢᠭ ᠲᠤ ᠬᠦᠷᠴᠤ ᠪᠤᠢ᠃      ︽ᠱᠠᠯᠨ ᠶᠢᠨ ᠬᠤᠳᠳᠤᠭ ᠭᠠᠴᠠᠭ᠎ᠠ ᠳᠤ ᠯᠢ ᠰᠢᠶᠤᠤ ᠶᠢᠨ ᠮᠡᠳᠦ ᠶᠢᠨ ᠵᠠᠯᠠᠭᠤᠰ ᠠᠷᠪᠢᠨ ᠪᠠᠶᠢᠨ᠎ᠠ ᠤᠤ︖︾ ᠭᠡᠵᠦ ᠠᠰᠠᠭᠤᠬᠤ ᠳᠤ ᠰᠢᠤᠢ ᠸᠧᠨ ᠮᠢᠩ᠄ ︽ᠮᠠᠨ ᠤ ᠭᠠᠴᠠᠭ᠎ᠠ ᠬᠤᠳᠠ ᠠᠴᠠ ᠬᠤᠯᠠ᠂ ᠰᠠᠭᠤᠷᠢ ᠲᠦᠬᠦᠭᠡᠷᠦᠮᠵᠢ ᠪᠠᠷᠤᠭᠳᠠᠢ᠂ ᠨᠦᠬᠦᠴᠡᠯ ᠠᠨᠠᠢ ᠵᠡᠷᠭᠡ ᠤᠯᠠᠨ ᠵᠦᠢᠯ ᠤᠨ ᠰᠢᠯᠳᠠᠭᠠᠨ ᠠᠴᠠ ᠪᠤᠯᠵᠤ ᠬᠠᠷᠢᠵᠤ ᠢᠷᠡᠬᠦ ᠰᠠᠨᠠᠭ᠎ᠠ ᠲᠠᠢ ᠪᠤᠯᠪᠠᠴᠤ ᠦᠨᠡᠨ ᠬᠠᠷᠢᠵᠤ ᠢᠷᠡᠭᠰᠡᠨ ᠵᠠᠯᠠᠭᠤᠰ ᠮᠠᠰᠢ ᠴᠦᠬᠡᠨ︾ ᠭᠡᠪᠡ᠃ ︽ᠵᠠᠯᠠᠭᠤᠴᠤᠳ ᠤᠨ ᠬᠠᠷᠢᠵᠤ ᠢᠷᠡᠬᠦ ᠶᠢ ᠶᠡᠭᠡ ᠬᠦᠰᠡᠳᠡᠭ ᠤᠤ︖︾ ᠭᠡᠵᠦ ᠠᠰᠠᠭᠤᠬᠤ ᠳᠤ᠂ ᠲᠡᠷᠡ᠄ ︽ᠶᠠᠷᠢᠶᠠᠨ ᠦᠭᠡᠢ᠂ ᠵᠠᠯᠠᠭᠤᠴᠤᠳ ᠤᠨ ᠦᠵᠡᠯ ᠪᠤᠳᠤᠯ ᠴᠢᠯᠦᠭᠡᠳᠠᠢ᠂ ᠵᠤᠷᠢᠭ ᠲᠠᠢ᠂ ᠬᠦᠳᠡᠭᠡ ᠳᠡᠭᠡᠨ ᠪᠤᠴᠠᠵᠤ ᠢᠷᠡᠪᠡᠯ ᠮᠠᠨ ᠤ ᠠᠳᠡ ᠠᠮᠢᠵᠢᠷᠠᠯ ᠤᠨ ᠬᠦᠴᠤᠨ ᠨᠡᠮᠡᠷᠢᠯᠡᠵᠦ᠂ ᠰᠢᠨ᠎ᠠ ᠰᠡᠳᠬᠢᠮᠵᠢ ᠶᠢ ᠠᠪᠴᠢᠷᠠᠵᠤ ᠳᠡᠶᠢᠯᠦᠨ᠎ᠠ︾ ᠭᠡᠪᠡ᠃     ︽ᠭᠠᠴᠠᠭᠠᠨ ᠤ ᠪᠠᠨ ᠢᠷᠡᠭᠡᠳᠦᠢ ᠶᠢᠨ ᠬᠦᠭᠵᠢᠯᠳᠡ ᠶᠢᠨ ᠲᠤᠬᠠᠢ ᠶᠠᠮᠠᠷ ᠲᠦᠯᠦᠪᠯᠡᠭᠡ ᠪᠠᠶᠢᠨ᠎ᠠ ᠪᠤᠢ︖︾ ᠭᠡᠵᠦ ᠠᠰᠠᠭᠤᠪᠡᠯ᠂ ︽ᠪᠢᠳᠡ ᠭᠤᠶᠤᠤ ᠬᠤᠷᠢᠶᠠᠨ ᠬᠠᠳᠠᠭᠠᠯᠠᠵᠤ ᠡᠳ᠋ᠰᠢᠭᠦᠯᠦᠨ ᠪᠤᠯᠪᠠᠰᠤᠷᠠᠭᠤᠯᠬᠤ᠂ ᠴᠠᠷᠭᠠᠰᠤ ᠬᠤᠷᠢᠶᠠᠨ ᠬᠠᠳᠠᠭᠠᠯᠠᠬᠤ᠂ ᠬᠦᠬᠡ ᠳᠠᠷᠤᠰᠢ ᠡᠳ᠋ᠰᠢᠭᠦᠯᠬᠦ ᠬᠢᠭᠡᠳ ᠡᠯ᠎ᠠ ᠵᠦᠢᠯ ᠤᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠭᠤᠸᠠ ᠵᠢᠮᠢᠰ ᠤᠨ ᠠᠷᠠᠯᠵᠢᠶ᠎ᠠ ᠶᠢ ᠪᠠᠭᠳᠠᠭᠠᠭᠰᠠᠨ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠢ ᠪᠦᠳᠦᠬᠡᠨ ᠪᠠᠶᠢᠭᠤᠯᠬᠤ ᠪᠠᠷ ᠲᠦᠯᠦᠪᠯᠡᠵᠦ ᠪᠤᠢ᠃ ᠡᠨᠡ ᠨᠢ ᠮᠦᠨ ᠠᠳᠡᠬᠢ ᠵᠠᠬ᠎ᠠ ᠳᠡᠯᠭᠡᠭᠦᠷ ᠢᠶᠠᠨ ᠰᠠᠶᠢᠳᠦᠷ ᠨᠡᠭᠡᠭᠡᠵᠦ᠂ ᠭᠠᠳᠠᠭᠰᠢ ᠭᠠᠷᠤᠭᠰᠠᠨ ᠵᠠᠯᠠᠭᠤᠴᠤᠳ ᠢᠶᠠᠨ ᠨᠤᠳᠤᠭ ᠲᠠᠭᠠᠨ ᠲᠠᠳᠠᠵᠤ ᠠᠪᠴᠢᠷᠠᠬᠤ ᠶᠢᠨ ᠲᠦᠯᠦᠭᠡ ᠶᠤᠮ᠃ ᠲᠦᠰᠦᠯ ᠢᠶᠠᠨ ᠨᠢᠭᠡᠨᠳᠡ ᠳᠡᠭᠡᠭᠰᠢ ᠲᠤᠰᠢᠶᠠᠴᠢᠬᠠᠭᠰᠠᠨ᠂ ᠪᠠᠷᠤᠭ 500 ᠲᠦᠮᠡᠨ ᠲᠦᠭᠦᠷᠢᠭ ᠤᠨ ᠪᠡᠯᠡ ᠮᠦᠩᠬᠦ ᠬᠡᠷᠡᠭᠰᠡᠨ᠎ᠠ ᠁︾ ᠭᠡᠵᠦ ᠰᠢᠤᠢ ᠮᠢᠩ ᠸᠧᠨ ᠬᠡᠯᠡᠨ᠎ᠠ᠃      ᠵᠠᠯᠠᠭᠤᠴᠤᠳ ᠪᠤᠯ ᠢᠷᠡᠭᠡᠳᠦᠢ᠂ ᠵᠠᠯᠠᠭᠤᠴᠤᠳ ᠪᠤᠯ ᠬᠦᠰᠡᠯ ᠡᠷᠡᠮᠡᠯᠵᠡᠯ ᠪᠢᠯᠡ᠃ ᠰᠢᠤᠢ ᠮᠢᠩ ᠸᠧᠨ ᠱᠦᠵᠢ ᠶᠢᠨ ᠬᠦᠰᠡᠨ ᠬᠦᠯᠢᠶᠡᠵᠦ ᠪᠠᠶᠢᠭ᠎ᠠ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠤ ᠠᠷᠠᠯᠵᠢᠶᠠᠨ ᠤ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠤᠨ ᠲᠦᠰᠦᠯ ᠡᠷᠳᠡᠭᠡᠨ ᠵᠦᠪᠰᠢᠶᠡᠷᠡᠭᠳᠡᠨ ᠨᠠᠶᠢᠳᠠᠪᠤᠷᠢᠵᠢᠭᠤᠯᠤᠭᠳᠠᠵᠤ᠂ ᠬᠦᠳᠡᠭᠡ ᠨᠤᠳᠤᠭ ᠢᠶᠠᠷ ᠯᠢ ᠰᠢᠶᠤᠤ ᠶᠢᠨ ᠮᠡᠳᠦ ᠶᠢᠨ ᠵᠠᠯᠠᠭᠤᠴᠤᠳ ᠨᠡᠩ ᠤᠯᠠᠰᠢᠷᠠᠬᠤ ᠶᠢ ᠬᠦᠰᠡᠨ ᠵᠦᠩᠨᠡᠵᠦ ᠪᠢᠳᠡ ᠱᠠᠯᠨ ᠶᠢᠨ ᠬᠤᠳᠳᠤᠭ ᠭᠠᠴᠠᠭ᠎ᠠ ᠠᠴᠠ ᠠᠶᠠᠷᠯᠠᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号