ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠲᠦᠷᠢᠮ
ᠨᠡᠶᠢᠲᠡᠯᠡᠭᠰᠡᠨ ᠴᠠᠭ᠄
2021/9/27
      ᠨᠢᠭᠡᠳᠦᠭᠡᠷ ᠪᠦᠯᠦᠭ ᠶᠡᠷᠦᠩᠬᠡᠢ ᠲᠦᠷᠢᠮ       ᠨᠢᠭᠡᠳᠦᠭᠡᠷ ᠵᠦᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠬᠤ ᠱᠤᠭᠤᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠰᠢᠨᠵᠢᠯᠡᠬᠦ ᠤᠬᠠᠭᠠᠨᠴᠢᠯᠠᠬᠤ᠂ ᠳᠦᠷᠢᠮᠵᠢᠬᠦ᠂ ᠵᠢᠷᠤᠮᠵᠢᠬᠤ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ ᠶᠢ ᠦᠨᠳᠦᠰᠦᠯᠡᠵᠦ᠂ ᠲᠤᠰ ᠲᠦᠷᠢᠮ ᠢ ᠲᠣᠭᠲᠠᠭᠠᠪᠠ᠃       ᠬᠤᠶᠠᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠬᠤ ᠠᠵᠢᠯ ᠪᠣᠯ ᠨᠠᠮ ᠤᠨ ᠵᠣᠬᠢᠶᠠᠨ ᠪᠠᠶᠢᠭᠤᠯᠬᠤ ᠰᠢᠰᠲ᠋ᠧᠮ ᠤᠨ ᠪᠠᠶᠢᠭᠤᠯᠤᠯᠲᠠ᠂ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ᠂ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠪᠠᠷ ᠭᠤᠣᠯ ᠠᠭᠤᠯᠭ᠎ᠠ ᠪᠠᠨ ᠪᠣᠯᠭᠠᠭᠰᠠᠨ ᠦᠢᠯᠡᠳᠦᠯᠭᠡ ᠶᠢᠨ ᠠᠵᠢᠯᠯᠠᠭ᠎ᠠ ᠮᠥᠨ᠂ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠡᠶᠡᠯᠡᠭᠦᠯᠬᠦ᠂ ᠨᠠᠮ ᠤᠨ ᠪᠦᠬᠦ ᠠᠵᠢᠯ ᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠮᠥᠨ᠂ ᠨᠠᠮ ᠠᠴᠠ ᠠᠷᠠᠳ ᠲᠦᠮᠡᠨ ᠢ ᠤᠳᠤᠷᠢᠳᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠢᠯᠠᠯᠲᠠ ᠶᠢ ᠲᠠᠰᠤᠷᠠᠯᠲᠠ ᠦᠭᠡᠢ ᠲᠡᠮᠡᠴᠡᠨ ᠤᠯᠤᠬᠰᠠᠨ ᠰᠢᠯᠢᠳᠡᠭ ᠤᠯᠠᠮᠵᠢᠯᠠᠯ ᠪᠠ ᠥᠪᠡᠷᠮᠢᠴᠡ ᠤᠨᠴᠠᠭᠠᠢ ᠳᠠᠪᠠᠭᠤᠯᠢᠭ ᠮᠥᠨ᠃       ᠭᠤᠷᠪᠠᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠬᠤ ᠠᠵᠢᠯ ᠨᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠦ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠲᠡᠷᠢᠭᠦᠨ ᠤ ᠴᠢᠨᠠᠷ ᠪᠠ ᠴᠡᠪᠡᠷ ᠴᠢᠨᠠᠷ ᠤᠨ ᠪᠠᠶᠢᠭᠤᠯᠤᠯᠲᠠ ᠪᠠᠷ ᠭᠤᠤᠯ ᠰᠢᠵᠢᠮ ᠪᠣᠯᠭᠠᠨ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠦ᠂ ᠵᠣᠬᠢᠶᠠᠨ ᠪᠠᠶᠢᠭᠤᠯᠬᠤ ᠰᠢᠰᠲ᠋ᠧᠮ ᠤᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠬᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠺᠠᠳ᠋ᠷ ᠢ ᠴᠢᠷᠮᠠᠶᠢᠨ ᠬᠦᠮᠦᠵᠢᠭᠦᠯᠵᠦ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠴᠢᠷᠮᠠᠶᠢᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠠ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃       ᠳᠥᠷᠪᠡᠳᠦᠭᠡᠷ ᠵᠦᠢᠯ ᠨᠠᠮ ᠤᠨ ᠵᠣᠬᠢᠶᠠᠨ ᠪᠠᠶᠢᠭᠤᠯᠬᠤ ᠠᠵᠢᠯ ᠳᠣᠣᠷᠠᠬᠢ ᠵᠠᠷᠴᠢᠮ ᠢ ᠵᠢᠷᠤᠮᠯᠠᠨ᠎ᠠ᠄       ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ︔       ︵ᠬᠤᠶᠠᠷ︶ ᠵᠣᠬᠢᠶᠠᠨ ᠪᠠᠶᠢᠭᠤᠯᠬᠤ ᠱᠤᠭᠤᠮ ᠤᠯᠤᠰ ᠲᠥᠷᠥ ᠶᠢᠨ ᠱᠤᠭᠤᠮ ᠳᠤ ᠦᠢᠯᠡᠴᠢᠯᠡᠬᠦ ᠶᠢ ᠪᠠᠷᠢᠮᠲᠠᠯᠠᠨ᠎ᠠ︔       ︵ᠭᠤᠷᠪᠠ︶ ᠠᠷᠠᠳᠴᠢᠯᠠᠯ ᠲᠥᠪᠯᠡᠷᠡᠯ ᠤᠨ ᠶᠤᠰᠤ ᠶᠢ ᠪᠠᠷᠢᠮᠲᠠᠯᠠᠨ᠎ᠠ︔       ︵ᠲᠦᠷᠪᠡ︶ ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠲᠠᠯᠠᠨ᠎ᠠ︔       ︵ᠲᠠᠪᠤ︶ ᠨᠠᠮ ᠺᠠᠳ᠋ᠷ ᠢ ᠬᠠᠮᠢᠶᠠᠷᠬᠤ᠂ ᠨᠠᠮ ᠴᠢᠳᠠᠪᠤᠷᠢᠲᠠᠨ ᠢ ᠬᠠᠮᠢᠶᠠᠷᠬᠤ ᠶᠢ ᠪᠠᠷᠢᠮᠲᠠᠯᠠᠨ᠎ᠠ︔       ︵ᠵᠢᠷᠭᠤᠭ᠎ᠠ︶ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ᠂ ᠡᠷᠳᠡᠮᠲᠡᠨ ᠴᠢᠳᠠᠪᠤᠷᠢᠳᠠᠨ ᠢ ᠬᠡᠷᠡᠭᠯᠡᠬᠦ ᠶᠢ ᠪᠠᠷᠢᠮᠲᠠᠯᠠᠨ᠎ᠠ︔       ︵ᠲᠤᠯᠤᠭ᠎ᠠ︶ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠠᠵᠢᠯ ᠢ ᠪᠦᠬᠦᠨ ᠢ ᠪᠦᠷᠬᠦᠬᠦᠯᠬᠦ ᠶᠢ ᠪᠠᠷᠢᠮᠲᠠᠯᠠᠨ᠎ᠠ︔       ︵ᠨᠠᠢᠮᠠ︶ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ᠂ ᠲᠥᠪ ᠭᠤᠣᠯᠴᠢ ᠪᠠᠶᠢᠬᠤ ᠶᠢ ᠪᠠᠷᠢᠮᠲᠠᠯᠠᠨ᠎ᠠ︔       ︵ᠶᠢᠰᠦ︶ ᠬᠠᠤᠯᠢ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠲᠦᠷᠢᠮᠵᠢᠩᠬᠦᠢ ᠪᠠᠶᠢᠬᠤ ᠶᠢ ᠪᠠᠷᠢᠮᠲᠠᠯᠠᠨ᠎ᠠ᠃       ᠬᠤᠶᠠᠳᠤᠭᠠᠷ ᠪᠦᠯᠦᠭ ᠤᠳᠤᠷᠢᠳᠬᠤ ᠪᠠᠶᠢᠭᠤᠯᠤᠮᠵᠢ ᠪᠠ ᠲᠤᠰᠢᠶᠠᠯ ᠬᠠᠷᠢᠭᠤᠴᠠᠯᠭ᠎ᠠ       ᠲᠠᠪᠤᠳᠤᠭᠠᠷ ᠵᠦᠢᠯ ᠵᠣᠬᠢᠶᠠᠨ ᠪᠠᠶᠢᠭᠤᠯᠬᠤ ᠠᠵᠢᠯ ᠨᠢ ᠨᠠᠮ ᠤᠨ ᠲᠥᠪ ᠬᠤᠷᠢᠶᠠᠠ ᠤ ᠲᠥᠪᠯᠡᠷᠡᠩᠭᠦᠢ ᠨᠢᠭᠡᠳᠦᠯᠲᠡᠢ ᠤᠳᠤᠷᠢᠲᠤᠯᠭ᠎ᠠ ᠶᠢ ᠭᠡᠷᠡᠭᠵᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠱᠠᠳᠤ ᠬᠤᠪᠢᠶᠠᠨ ᠲᠦᠷᠦᠯ ᠬᠤᠪᠢᠶᠠᠨ ᠤᠳᠤᠷᠢᠳᠴᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤᠰᠬᠠᠢ ᠬᠠᠷᠢᠭᠤᠴᠠᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠬᠤ ᠤᠳᠤᠷᠢᠳᠬᠤ ᠪᠠᠶᠢᠭᠤᠯᠤᠮᠵᠢ ᠶᠢ ᠬᠡᠷᠡᠭᠵᠢᠭᠦᠯᠦᠨ᠎ᠡ᠃       ᠨᠠᠮ ᠤᠨ ᠲᠥᠪ ᠬᠤᠷᠢᠶ᠎ᠠ ᠵᠢᠴᠢ ᠣᠷᠣᠨ ᠨᠤᠲᠤᠭ ᠤᠨ ᠨᠠᠮ ᠤᠨ ᠬᠤᠷᠢᠶ᠎ᠠ ᠵᠣᠬᠢᠶᠠᠨ ᠪᠠᠶᠢᠭᠤᠯᠬᠤ ᠬᠡᠯᠲᠡᠰ ᠭᠠᠷᠭᠠᠵᠤ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠷᠠᠳ ᠤᠨ ᠪᠦᠯᠬᠦᠮ᠂ ᠤᠯᠤᠰ ᠤᠨ ᠥᠮᠴᠢᠯᠡᠯᠳᠤ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠵᠣᠬᠢᠶᠠᠨ ᠪᠠᠶᠢᠭᠤᠯᠬᠤ ᠠᠵᠢᠯ ᠤᠨ ᠪᠠᠶᠢᠭᠤᠯᠤᠮᠵᠢ ᠪᠤᠶᠤ ᠲᠤᠰᠬᠠᠢ ᠲᠤᠰᠢᠶᠠᠯ ᠤᠨ ᠠᠵᠢᠯ ᠤᠨ ᠪᠠᠶᠢᠷᠢ ᠭᠠᠷᠭᠠᠵᠤ᠂ ᠵᠣᠬᠢᠶᠠᠨ ᠪᠠᠶᠢᠭᠤᠯᠬᠤ ᠠᠵᠢᠯ ᠢ ᠲᠤᠰᠬᠠᠶᠢᠯᠠᠨ ᠬᠠᠷᠢᠭᠤᠴᠠᠭᠤᠯᠤᠨ᠎ᠠ᠃       ᠲᠥᠪ ᠤᠨ ᠵᠣᠬᠢᠶᠠᠨ ᠪᠠᠶᠢᠭᠤᠯᠬᠤ ᠬᠡᠯᠲᠡᠰ ᠡᠯ᠎ᠡ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠠᠵᠢᠯ ᠢ ᠵᠢᠯᠣᠭᠤᠳᠴᠤ᠂ ᠳᠡᠭᠡᠳᠦ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠲᠤᠤᠷᠠᠳᠤ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠠᠵᠢᠯ ᠢ ᠵᠢᠯᠣᠭᠤᠳᠤᠨ᠎ᠠ᠃       ᠵᠢᠷᠭᠤᠳᠤᠭᠠᠷ ᠵᠦᠢᠯ ᠨᠠᠮ ᠤᠨ ᠲᠥᠪ ᠬᠤᠷᠢᠶ᠎ᠠ ᠠᠴᠠ ᠵᠣᠬᠢᠶᠠᠨ ᠪᠠᠶᠢᠭᠤᠯᠬᠤ ᠠᠵᠢᠯ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠵᠣᠬᠢᠶᠠᠨ ᠪᠠᠶᠢᠭᠤᠯᠬᠤ ᠠᠵᠢᠯ ᠤᠨ ᠨᠠᠮ ᠤᠨ ᠳᠣᠲᠣᠭᠠᠳᠤ ᠶᠢᠨ ᠴᠢᠬᠤᠯᠠ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠵᠤ᠂ ᠵᠣᠬᠢᠶᠠᠨ ᠪᠠᠶᠢᠭᠤᠯᠬᠤ ᠠᠵᠢᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠴᠢᠬᠤᠯᠠ ᠶᠡᠭᠡ ᠥᠭᠡᠷᠡᠴᠢᠯᠡᠯᠲᠡ᠂ ᠴᠢᠬᠤᠯᠠ ᠶᠡᠭᠡ ᠠᠷᠭ᠎ᠠ ᠬᠡᠮᠵᠢᠶ᠎ᠡ᠂ ᠴᠢᠬᠤᠯᠠ ᠶᠡᠭᠡ ᠬᠡᠷᠡᠭ ᠶᠠᠪᠤᠳᠠᠯ ᠳᠤ ᠰᠢᠢᠳᠪᠦᠷᠢᠲᠦ ᠪᠤᠳᠤᠯᠭ᠎ᠠ ᠲᠤᠭᠲᠠᠭᠠᠵᠦ᠂ ᠨᠠᠮ ᠤᠨ ᠵᠣᠬᠢᠶᠠᠨ ᠪᠠᠶᠢᠭᠤᠯᠬᠤ ᠰᠢᠰᠲ᠋ᠧᠮ ᠤᠨ ᠪᠠᠶᠢᠭᠤᠯᠤᠯᠲᠠ᠂ ᠺᠠᠳ᠋ᠷ ᠤᠨ ᠠᠵᠢᠯ᠂ ᠴᠢᠳᠠᠪᠤᠷᠢᠲᠠᠨ ᠤ ᠠᠵᠢᠯ ᠢ ᠪᠦᠬᠦ ᠲᠠᠯ᠎ᠠ ᠪᠠᠷ ᠤᠳᠤᠷᠢᠳᠴᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠺᠠᠳ᠋ᠷ ᠢ ᠲᠠᠨᠢᠯᠴᠠᠭᠤᠯᠵᠤ᠂ ᠨᠡᠷ᠎ᠡ ᠳᠤᠷᠠᠳᠴᠤ᠂ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠨ᠎ᠠ᠃      ᠨᠠᠮ ᠤᠨ ᠲᠥᠪ ᠬᠤᠷᠢᠶ᠎ᠠ ᠶᠡᠷᠦ ᠳᠡᠭᠡᠨ 5 ᠵᠢᠯ ᠳᠤ ᠨᠢᠭᠡ ᠤᠳᠠᠭ᠎ᠠ ᠪᠦᠬᠦ ᠤᠯᠤᠰ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠢ ᠬᠤᠷᠠᠯᠳᠤᠭᠤᠯᠵᠤ᠂ ᠨᠢᠭᠡ ᠭᠡᠰᠡᠭ ᠬᠤᠭᠤᠴᠠᠭᠠᠨ ᠤ ᠵᠣᠬᠢᠶᠠᠨ ᠪᠠᠶᠢᠭᠤᠯᠬᠤ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠨ᠎ᠠ᠃      ᠳᠣᠯᠣᠳᠤᠭᠠᠷ ᠵᠦᠢᠯ ᠣᠷᠣᠨ ᠨᠤᠲᠤᠭ ᠤᠨ ᠨᠠᠮ ᠤᠨ ᠬᠤᠷᠢᠶ᠎ᠠ ᠲᠤᠰ ᠭᠠᠵᠠᠷ ᠣᠷᠣᠨ ᠤ ᠪᠠᠨ ᠵᠣᠬᠢᠶᠠᠨ ᠪᠠᠶᠢᠭᠤᠯᠬᠤ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠤᠣᠯ ᠲᠤᠰᠢᠶᠠᠯ ᠬᠠᠷᠢᠭᠤᠴᠠᠯᠭ᠎ᠠ ᠪᠣᠯ᠄      ︵ᠨᠢᠭᠡ︶ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠬᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠵᠢᠴᠢ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠵᠢᠭᠠᠪᠤᠷᠢ ᠶᠢᠨ ᠱᠠᠭᠠᠷᠳᠠᠯᠭ᠎ᠠ ᠶᠢ ᠬᠡᠷᠡᠭᠵᠢᠭᠦᠯᠦᠨ᠂ ᠡᠷᠬᠡ ᠶᠢᠨ ᠬᠡᠪᠴᠢᠶ᠎ᠡ ᠶᠣᠰᠣᠭᠠᠷ ᠵᠣᠬᠢᠶᠠᠨ ᠪᠠᠶᠢᠭᠤᠯᠬᠤ ᠠᠵᠢᠯ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠵᠤ᠂ ᠲᠤᠰ ᠭᠠᠵᠠᠷ ᠣᠷᠣᠨ ᠤ ᠪᠠᠨ ᠵᠣᠬᠢᠶᠠᠨ ᠪᠠᠶᠢᠭᠤᠯᠬᠤ ᠠᠵᠢᠯ ᠤᠨ ᠴᠢᠬᠤᠯᠠ ᠶᠡᠭᠡ ᠤᠴᠢᠷ ᠶᠠᠪᠤᠲᠠᠯ ᠪᠠ ᠴᠢᠬᠤᠯᠠ ᠠᠵᠢᠯ ᠢ ᠰᠤᠳᠤᠯᠤᠨ ᠪᠠᠶᠢᠷᠢᠯᠠᠭᠤᠯᠤᠨ᠎ᠠ︔      ︵ᠬᠤᠶᠠᠷ︶ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠠᠷᠠᠳ ᠤᠨ ᠪᠦᠯᠬᠦᠮ ᠵᠡᠷᠭᠡ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠤᠳᠤᠷᠢᠳᠴᠤ᠂ ᠲᠤᠤᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠳᠠ ᠶᠢᠨ ᠠᠵᠢᠯ ᠥᠷᠨᠢᠭᠦᠯᠬᠦ ᠶᠢ ᠵᠢᠯᠣᠭᠤᠳᠬᠤ ᠪᠠ ᠱᠠᠯᠠᠪᠲᠠᠭᠤᠯᠤᠨ ᠪᠠᠶᠢᠴᠠᠭᠠᠨ᠎ᠠ︔      ︵ᠭᠤᠷᠪᠠ︶ ᠲᠤᠰ ᠭᠠᠵᠠᠷ ᠣᠷᠣᠨ ᠤ ᠪᠠᠨ ᠨᠠᠮ ᠤᠨ ᠵᠣᠬᠢᠶᠠᠨ ᠪᠠᠶᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠤᠳᠤᠷᠢᠳᠴᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ︔      ︵ᠲᠦᠷᠪᠡ︶ ᠺᠠᠳ᠋ᠷ ᠢ ᠬᠠᠮᠢᠶᠠᠷᠬᠤ ᠡᠷᠬᠡ ᠶᠢᠨ ᠬᠡᠪᠴᠢᠶ᠎ᠡ ᠶᠣᠰᠣᠭᠠᠷ ᠺᠠᠳ᠋ᠷ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠪᠠ ᠬᠠᠮᠢᠶᠠᠷᠴᠤ᠂ ᠣᠷᠣᠨ ᠨᠤᠲᠤᠭ ᠤᠨ ᠤᠯᠤᠰ ᠤᠨ ᠪᠠᠶᠢᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ᠂ ᠠᠷᠠᠳ ᠤᠨ ᠪᠦᠯᠬᠦᠮ᠂ ᠤᠯᠤᠰ ᠤᠨ ᠥᠮᠴᠢᠯᠡᠯᠳᠤ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠢ ᠳᠤ ᠴᠢᠬᠤᠯᠠ ᠺᠠᠳ᠋ᠷ ᠢ ᠲᠠᠨᠢᠯᠴᠠᠭᠤᠯᠤᠨ᠎ᠠ︔      ︵ᠲᠠᠪᠤ︶ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠵᠤ ᠪᠠᠶᠢᠭᠠᠳ ᠲᠣᠰ ᠭᠠᠵᠠᠷ ᠣᠷᠣᠨ ᠤ ᠴᠢᠳᠠᠪᠤᠷᠢᠲᠠᠨ ᠤ ᠠᠵᠢᠯ ᠳᠤ ᠬᠠᠮᠲᠤ ᠪᠠᠷ ᠣᠷᠣᠯᠴᠠᠬᠤ ᠶᠢ ᠠᠬᠢᠭᠤᠯᠤᠨ᠎ᠠ︔      ︵ᠵᠢᠷᠭᠤᠭ᠎ᠠ︶ ᠨᠠᠮ ᠤᠨ ᠲᠥᠪ ᠬᠤᠷᠢᠶ᠎ᠠ ᠵᠢᠴᠢ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠬᠰᠡᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠨᠠᠮ ᠤᠨ ᠤᠳᠤᠷᠢᠳᠬᠤ ᠳᠤᠭᠤᠶᠢᠯᠠᠩ ᠨᠢ ᠲᠤᠰ ᠨᠢᠭᠡᠴᠢ ᠶᠢᠨ ᠢᠶᠠᠨ ᠵᠣᠬᠢᠶᠠᠨ ᠪᠠᠶᠢᠭᠤᠯᠬᠤ ᠠᠵᠢᠯ ᠤᠨ ᠤᠳᠤᠷᠢᠳᠬᠤ ᠲᠤᠰᠢᠶᠠᠯ ᠬᠠᠷᠢᠭᠤᠴᠠᠯᠭ᠎ᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃      ᠨᠠᠢᠮᠠᠳᠤᠭᠠᠷ ᠵᠦᠢᠯ ᠲᠥᠪ ᠤᠨ ᠵᠣᠬᠢᠶᠠᠨ ᠪᠠᠶᠢᠭᠤᠯᠬᠤ ᠬᠡᠯᠲᠡᠰ ᠪᠠ ᠣᠷᠣᠨ ᠨᠤᠲᠤᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ᠄      ︵ᠨᠢᠭᠡ︶ ᠨᠠᠮ ᠤᠨ ᠲᠥᠪ ᠬᠤᠷᠢᠶ᠎ᠠ ᠵᠢᠴᠢ ᠲᠤᠰ ᠱᠠᠲᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠪᠣᠳᠠᠲᠠᠢ ᠬᠠᠷᠢᠭᠤᠴᠠᠵᠤ᠂ ᠡᠷᠬᠡ ᠶᠢᠨ ᠬᠡᠪᠴᠢᠶ᠎ᠠ ᠪᠠ ᠠᠵᠢᠯ ᠤᠨ ᠬᠤᠪᠢᠶᠠᠷᠢᠯᠠᠯ ᠶᠣᠰᠣᠭᠠᠷ ᠵᠣᠬᠢᠶᠠᠨ ᠪᠠᠶᠢᠭᠤᠯᠬᠤ ᠠᠵᠢᠯ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠨ ᠲᠤᠭᠤᠷᠪᠢᠵᠤ᠂ ᠵᠣᠬᠢᠶᠠᠨ ᠪᠠᠶᠢᠭᠤᠯᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔      ︵ᠬᠤᠶᠠᠷ︶ ᠵᠣᠬᠢᠶᠠᠨ ᠪᠠᠶᠢᠭᠤᠯᠬᠤ ᠠᠵᠢᠯ ᠤᠨ ᠴᠢᠬᠤᠯᠠ ᠤᠨᠤᠯ ᠪᠠ ᠦᠢᠯᠡᠳᠦᠯᠭᠡ ᠶᠢᠨ ᠠᠰᠠᠭᠤᠳᠠᠯ ᠢ ᠰᠤᠳᠤᠯᠵᠤ᠂ ᠲᠦᠷᠢᠮ ᠲᠣᠭᠲᠡᠴᠡ ᠶᠢ ᠲᠡᠭᠦᠯᠳᠡᠷᠵᠢᠭᠦᠯᠬᠦ ᠲᠤᠬᠠᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠴᠤ᠂ ᠨᠠᠮ ᠤᠨ ᠲᠥᠪ ᠬᠤᠷᠢᠶ᠎ᠠ ᠵᠢᠴᠢ ᠲᠤᠰ ᠱᠠᠲᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ︔      ︵ᠭᠤᠷᠪᠠ︶ ᠨᠠᠮ ᠤᠨ ᠵᠣᠬᠢᠶᠠᠨ ᠪᠠᠶᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ︔      ︵ᠲᠦᠷᠪᠡ︶ ᠺᠠᠳ᠋ᠷ ᠤᠨ ᠠᠵᠢᠯ ᠪᠠ ᠺᠠᠳ᠋ᠷ ᠤᠨ ᠡᠩᠨᠡᠭᠡ ᠶᠢ ᠨᠢᠭᠡᠳᠦᠯᠲᠡᠢ ᠬᠠᠮᠢᠶᠠᠷᠬᠤ ᠠᠵᠢᠯ ᠢ ᠬᠠᠷᠢᠭᠤᠴᠠᠵᠤ᠂ ᠺᠠᠳ᠋ᠷ ᠢ ᠬᠠᠮᠢᠶᠠᠷᠬᠤ ᠡᠷᠬᠡ ᠶᠢᠨ ᠬᠡᠪᠴᠢᠶ᠎ᠡ ᠪᠠ ᠠᠵᠢᠯ ᠤᠨ ᠬᠤᠪᠢᠶᠠᠷᠢᠯᠠᠯ ᠶᠣᠰᠣᠭᠠᠷ ᠤᠳᠤᠷᠢᠳᠬᠤ ᠪᠠᠭ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠣᠳᠠᠲᠠᠢ ᠠᠵᠢᠯ ᠢ ᠬᠠᠷᠢᠭᠤᠴᠠᠨ᠎ᠠ︔      ︵ᠲᠠᠪᠤ︶ ᠴᠢᠳᠠᠪᠤᠷᠢᠲᠠᠨ ᠤ ᠠᠵᠢᠯ ᠢ ᠵᠢᠯᠣᠭᠤᠳᠤᠨ ᠵᠣᠬᠢᠴᠠᠭᠤᠯᠬᠤ ᠪᠠ ᠴᠢᠳᠠᠪᠤᠷᠢᠲᠠᠨ ᠲᠠᠢ ᠬᠠᠷᠢᠯᠴᠠᠵᠦ ᠦᠢᠯᠡᠴᠢᠯᠡᠬᠦ ᠶᠢ ᠬᠠᠷᠢᠭᠤᠴᠠᠨ᠎ᠠ︔      ︵ᠵᠢᠷᠭᠤᠭ᠎ᠠ︶ ᠠᠯᠪᠠᠲᠠᠨ ᠤ ᠠᠵᠢᠯ ᠤᠨ ᠨᠢᠭᠡᠳᠦᠯᠲᠡᠶ ᠬᠠᠮᠢᠶᠠᠷᠤᠯᠲᠠ ᠶᠢ ᠬᠠᠷᠢᠭᠤᠴᠠᠨ᠎ᠠ︔      ︵ᠳᠣᠯᠤᠭ᠎ᠠ︶ ᠠᠵᠢᠯ ᠠᠴᠠ ᠪᠠᠨ ᠲᠠᠷᠬᠠᠯᠠᠭᠲᠠᠭᠰᠠᠠ ᠪᠠ ᠠᠵᠢᠯ ᠠᠴᠠ ᠪᠠᠨ ᠠᠮᠠᠷᠠᠬᠰᠠᠨ ᠺᠠᠳ᠋ᠷ ᠤᠨ ᠠᠵᠢᠯ ᠤᠨ ᠨᠢᠭᠡᠳᠦᠯᠲᠡᠶ ᠬᠠᠮᠢᠶᠠᠷᠤᠯᠲᠠ ᠶᠢ ᠬᠠᠷᠢᠭᠤᠴᠠᠨ᠎ᠠ︔      ︵ᠨᠠᠢᠮᠠ︶ ᠪᠠᠶᠢᠭᠤᠯᠤᠮᠵᠢ  ᠶᠢᠨ ᠣᠷᠣᠨ ᠲᠣᠭᠠᠨ  ᠤ ᠵᠥᠪᠯᠡᠯ  ᠤᠨ ᠠᠯᠪᠠᠨ ᠭᠡᠷ  ᠢ ᠨᠢᠭᠡᠳᠦᠯᠲᠡᠶ ᠬᠠᠮᠢᠶᠠᠷᠤᠨ᠎ᠠ︔      ︵ᠶᠢᠰᠦ︶ ᠨᠠᠮ ᠤᠨ ᠲᠥᠪ ᠬᠤᠷᠢᠶ᠎ᠠ ᠵᠢᠴᠢ ᠲᠤᠰ ᠱᠠᠲᠤᠨ ᠤ ᠨᠠᠮ ᠤᠨ ᠬᠤᠷᠢᠶ᠎ᠠ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠭᠤᠷᠪᠠᠳᠤᠭᠠᠷ ᠪᠦᠯᠦᠭ ᠨᠠᠮ ᠤᠨ ᠵᠣᠬᠢᠶᠠᠨ ᠪᠠᠶᠢᠭᠤᠯᠬᠤ ᠰᠢᠰᠲ᠋ᠧᠮ ᠤᠨ ᠪᠠᠶᠢᠭᠤᠯᠤᠯᠲᠠ      ᠶᠢᠰᠦᠳᠦᠭᠡᠷ ᠵᠦᠢᠯ ᠮᠠᠷᠺᠰ ᠤᠨ ᠦᠵᠡᠯ ᠤᠨ ᠨᠠᠮ ᠪᠠᠶᠢᠭᠤᠯᠬᠤ ᠵᠠᠷᠴᠢᠮ ᠢ ᠪᠠᠷᠢᠮᠲᠠᠯᠠᠵᠤ᠂ ᠨᠠᠮ ᠤᠨ ᠲᠥᠪᠯᠡᠷᠡᠩᠭᠦᠢ ᠨᠢᠭᠡᠳᠦᠯᠲᠡᠢ ᠵᠣᠬᠢᠶᠠᠨ ᠪᠠᠶᠢᠭᠤᠯᠬᠤ ᠲᠦᠷᠢᠮ ᠢ ᠪᠦᠷᠢᠨᠰᠢᠬᠦᠯᠤᠨ ᠬᠠᠮᠠᠭᠠᠯᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠡᠷᠴᠢᠮᠳᠠᠢ ᠵᠣᠬᠢᠶᠠᠨ ᠪᠠᠶᠢᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠠᠵᠢᠯ ᠤᠨ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠦᠳᠦᠯᠦᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠢ ᠤᠷᠢᠶᠠᠯᠠᠬᠤ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠤᠨ᠎ᠠ᠃      ᠠᠷᠪᠠᠳᠤᠭᠠᠷ ᠵᠦᠢᠯ ᠨᠠᠮ ᠤᠨ ᠲᠦᠷᠢᠮ ᠤᠨ ᠲᠣᠭᠲᠠᠭᠠᠯ ᠶᠣᠰᠣᠭᠠᠷ ᠨᠠᠮ ᠤᠨ ᠡᠯ᠎ᠡ ᠱᠠᠲᠤᠨ ᠤ ᠡᠯ᠎ᠡ ᠲᠦᠷᠦᠯ  ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠪᠦᠷᠢᠠᠰᠢᠭᠦᠯᠵᠦ᠂ ᠨᠠᠮ ᠤᠨ ᠲᠥᠪ ᠬᠤᠷᠢᠶᠠᠠ ᠤ ᠵᠣᠬᠢᠶᠠᠨ ᠪᠠᠶᠢᠭᠤᠯᠤᠯᠲᠠ᠂ ᠣᠷᠣᠨ ᠨᠤᠲᠤᠭ  ᠤᠨ ᠵᠣᠬᠢᠶᠠᠨ ᠪᠠᠶᠢᠭᠤᠯᠤᠯᠲᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ  ᠶᠢ ᠪᠠᠭᠲᠠᠭᠠᠭᠰᠠᠨ᠂ ᠨᠠᠮ  ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠨᠠᠮ ᠤᠨ ᠠᠵᠢᠯ ᠤᠨ ᠪᠠᠶᠢᠭᠤᠯᠭ᠎ᠠ᠂ ᠨᠠᠮ  ᠤᠨ ᠤᠳᠤᠷᠢᠳᠬᠤ ᠳᠤᠭᠤᠶᠢᠯᠠᠩ  ᠢ ᠬᠠᠮᠤᠷᠴᠤ᠂ ᠱᠠᠳᠤ ᠱᠠᠳᠤ  ᠪᠠᠷ ᠡᠴᠦᠰ ᠲᠤᠨᠢ ᠲᠤᠯᠳᠠᠯ᠎ᠠ ᠂ ᠪᠦᠬᠦ ᠲᠠᠯ᠎ᠠ  ᠶᠢᠨ ᠦᠷᠭᠡᠡ ᠲᠡᠯᠭᠡᠷᠡᠩᠭᠦᠢ ᠨᠢᠭᠲᠠ ᠴᠢᠩᠭ᠎ᠠ ᠵᠣᠬᠢᠶᠠᠨ ᠪᠠᠶᠢᠭᠤᠯᠬᠤ ᠪᠦᠲᠦᠴᠡ  ᠶᠢ ᠪᠦᠷᠢᠯᠲᠦᠭᠦᠯᠦᠨ᠎ᠠ᠃      ᠪᠠᠶᠢᠳᠠᠯ ᠡᠭᠦᠷᠭᠡ ᠶᠢᠨ ᠬᠥᠭᠵᠢᠯᠲᠡ ᠬᠤᠪᠢᠷᠠᠯᠲᠠ ᠳᠤ ᠵᠣᠬᠢᠴᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠴᠠᠭ ᠲᠤᠬᠠᠢ ᠳᠤᠨᠢ ᠲᠤᠬᠢᠷᠠᠭᠤᠯᠤᠨ ᠰᠢᠯᠢᠳᠡᠭᠵᠢᠭᠦᠯᠦᠨ᠎ᠡ᠃ ᠶᠠᠮᠠᠷ ᠨᠢᠭᠡᠨ ᠡᠭᠦᠷᠭᠡ ᠶᠢ ᠭᠦᠢᠴᠡᠳᠬᠡᠬᠦ ᠶᠢᠨ ᠲᠥᠯᠥᠭᠡ ᠲᠦᠷ ᠴᠠᠭ ᠪᠠᠶᠢᠭᠤᠯᠤᠭᠰᠠᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ ᠪᠣᠯᠤᠨ᠎ᠠ᠃ ᠠᠰᠲᠠᠭᠠᠨ ᠲᠣᠭᠲᠠᠭᠠᠯ ᠲᠠᠢ ᠠᠴᠠ ᠪᠤᠰᠤᠳ ᠢ ᠨᠢ᠂ ᠡᠩ ᠤᠨ ᠪᠠᠶᠢᠳᠠᠯ ᠳᠤ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠶᠠᠯᠠᠭᠳᠠᠬᠤ ᠬᠠᠷᠢᠴᠠᠭ᠎ᠠ ᠶᠢ ᠵᠢᠷᠤᠮᠵᠢᠭᠤᠯᠤᠨ ᠰᠢᠯᠤᠭᠤᠳᠬᠠᠨ᠎ᠠ᠃      ᠠᠷᠪᠠᠨ ᠨᠢᠭᠡᠳᠦᠭᠡᠷ ᠵᠦᠢᠯ ᠨᠠᠮ ᠤᠨ ᠲᠥᠪ ᠬᠤᠷᠢᠶ᠎ᠠ᠂ ᠲᠥᠪ ᠤᠨ ᠤᠯᠤᠰ ᠲᠦᠷᠦ ᠶᠢᠨ ᠲᠣᠪᠴᠢᠶ᠎ᠠ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠪᠣᠯ ᠨᠠᠮ ᠤᠨ ᠵᠣᠬᠢᠶᠠᠨ ᠪᠠᠶᠢᠭᠤᠯᠬᠤ ᠰᠢᠰᠲ᠋ᠧᠮ ᠤᠨ ᠶᠡᠭᠡ ᠲᠠᠷᠢᠬᠢ ᠪᠠ ᠲᠥᠪ ᠮᠠᠳᠠᠷᠠᠯ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠠᠬᠢᠭᠤᠯᠬᠤ ᠳᠤᠮᠳᠠ ᠴᠢᠭᠯᠡᠯ ᠢ ᠡᠵᠡᠮᠳᠡᠵᠦ᠂ ᠶᠡᠭᠡ ᠲᠠᠯ᠎ᠠ ᠶᠢ ᠪᠣᠳᠣᠯᠬᠢᠯᠠᠨ᠂ ᠲᠦᠷᠦ ᠶᠢᠨ ᠪᠤᠳᠤᠯᠭ᠎ᠠ ᠲᠣᠭᠲᠠᠭᠠᠵᠤ᠂ ᠥᠭᠡᠷᠡᠴᠢᠯᠡᠯᠲᠡ ᠶᠢ ᠠᠬᠢᠭᠤᠯᠤᠨ᠎ᠠ᠃ ᠨᠠᠮ ᠤᠨ ᠤᠳᠤᠷᠢᠳᠬᠤ ᠲᠦᠷᠢᠮ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠠᠵᠢᠯ ᠳᠠᠬᠢ ᠤᠳᠤᠷᠢᠳᠬᠤ ᠪᠠᠶᠢᠭᠤᠯᠤᠮᠵᠢ ᠶᠢ ᠪᠦᠷᠢᠨᠰᠢᠬᠦᠯᠤᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠲᠣᠭᠲᠡᠴᠡ ᠶᠢ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃      ᠠᠷᠪᠠᠨ ᠬᠤᠶᠠᠳᠤᠭᠠᠷ ᠵᠦᠢᠯ ᠨᠠᠮ ᠤᠨ ᠣᠷᠣᠨ ᠨᠤᠲᠤᠭ ᠤᠨ ᠬᠤᠷᠢᠶ᠎ᠠ ᠲᠤᠰ ᠭᠠᠵᠠᠷ ᠣᠷᠣᠨ ᠳᠠᠭᠠᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠦᠢᠯᠡᠳᠦᠯ ᠢᠶᠠᠨ ᠪᠠᠳᠠᠷᠠᠭᠤᠯᠵᠤ ᠂ ᠲᠤᠰ ᠭᠠᠵᠠᠷ ᠣᠷᠣᠨ ᠤ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠤᠳᠤᠷᠢᠳᠤᠨ᠂ ᠲᠤᠰ ᠭᠠᠵᠠᠷ ᠣᠷᠣᠨ ᠤ ᠪᠠᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠠᠷᠢᠭᠤᠴᠠᠵᠤ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠳᠠ ᠶᠢ ᠪᠠᠲᠤᠯᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠳᠠᠢ᠃ ᠨᠠᠮ ᠤᠨ ᠣᠷᠣᠨ ᠨᠤᠲᠤᠭ ᠤᠨ ᠵᠣᠬᠢᠶᠠᠨ ᠪᠠᠶᠢᠭᠤᠯᠬᠤ ᠠᠵᠢᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠬᠡᠷᠡᠭ ᠵᠥᠪᠯᠡᠵᠦ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠬᠦᠯᠵᠤ᠂ ᠪᠦᠬᠦᠯᠢ ᠴᠣᠭᠴᠠ ᠶᠢᠨ ᠴᠢᠳᠠᠮᠵᠢ ᠶᠢ ᠴᠢᠩᠭᠠᠳᠬᠠᠵᠤ᠂ ᠤᠳᠤᠷᠢᠳᠬᠤ ᠲᠦᠪᠰᠢᠨ ᠢᠶᠠᠨ ᠳᠡᠭᠡᠭᠰᠢᠯᠡᠭᠦᠯᠵᠦ᠂ ᠨᠠᠮ ᠤᠨ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠲᠥᠪ ᠬᠤᠷᠢᠶᠠᠨ ᠤ ᠵᠢᠯᠤᠭᠤᠳᠤᠯᠭ᠎ᠠ ᠶᠢ ᠳᠠᠭᠠᠬᠤ᠂ ᠬᠠᠮᠢᠶᠠᠷᠤᠯᠲᠠ ᠴᠢᠩᠭ᠎ᠠ᠂ ᠬᠢᠨᠠᠯᠲᠠ ᠡᠷᠴᠢᠮᠳᠠᠢ᠂ ᠤᠳᠤᠷᠢᠳᠬᠤ ᠪᠠᠭ ᠪᠦᠯᠬᠦᠮᠳᠡᠯ ᠲᠠᠢ᠂ ᠵᠠᠩ ᠰᠤᠷᠲᠠᠯ ᠴᠡᠪᠡᠷ ᠪᠠᠳᠤ ᠴᠢᠩᠭ᠎ᠠ ᠵᠣᠬᠢᠶᠠᠨ ᠪᠠᠶᠢᠭᠤᠯᠤᠯᠲᠠ ᠪᠣᠯᠭᠠᠨ ᠪᠠᠶᠢᠭᠤᠯᠬᠤ ᠬᠡᠷᠡᠭᠳᠠᠢ᠃      ᠠᠷᠪᠠᠨ ᠭᠤᠷᠪᠠᠳᠤᠭᠠᠷ ᠵᠦᠢᠯ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯ ᠨᠡᠶᠢᠭᠡᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠳᠠᠬᠢ ᠨᠠᠮ ᠤᠨ ᠲᠡᠶᠢᠴᠢᠠ ᠪᠠᠬᠢᠯᠡᠯᠲᠡ ᠮᠥᠨ᠂ ᠨᠠᠮ ᠤᠨ ᠪᠦᠬᠦ ᠠᠵᠢᠯ ᠪᠠ ᠲᠡᠶᠢᠴᠢᠠ ᠬᠦᠴᠦᠨ ᠤ ᠰᠠᠭᠤᠷᠢ ᠮᠥᠨ᠃ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠵᠣᠬᠢᠶᠠᠨ ᠪᠠᠶᠢᠭᠤᠯᠬᠤ ᠬᠦᠴᠦᠨ ᠢ ᠴᠢᠩᠭᠠᠳᠬᠠᠬᠤ ᠪᠠᠷ ᠭᠤᠤᠯᠳᠠᠯᠭ᠎ᠠ ᠪᠣᠯᠭᠠᠵᠤ᠂ ᠠᠵᠤ ᠠᠬᠤᠶᠢᠯᠠᠯ᠂ ᠬᠥᠳᠡᠭᠡ ᠲᠣᠰᠬᠤᠨ᠂ ᠪᠠᠶᠢᠭᠤᠯᠭ᠎ᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠳᠠ ᠶᠢ ᠶᠡᠭᠡ ᠪᠠᠷ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠪᠠ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢ ᠰᠢᠯᠢᠳᠡᠭ ᠢ ᠰᠤᠩᠭᠤᠨ ᠬᠦᠴᠦᠷᠬᠡᠭ ᠢ ᠲᠣᠬᠢᠷᠠᠭᠤᠯᠵᠤ᠂ ᠡᠯ᠎ᠡ ᠬᠦᠷᠢᠶ᠎ᠠ ᠴᠠᠷᠠᠭ᠎ᠠ ᠶᠢᠨ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠨᠠᠮ ᠤᠨ ᠵᠣᠷᠢᠯᠲᠠ  ᠶᠢ ᠤᠬᠠᠭᠤᠯᠬᠤ᠂ ᠨᠠᠮ  ᠤᠨ ᠲᠣᠭᠲᠠᠭᠠᠯ  ᠢ ᠲᠤᠭᠤᠰᠢᠯᠠᠭᠤᠯᠬᠤ᠂ ᠦᠨᠳᠦᠰᠦᠨ ᠱᠠᠲᠤᠨ ᠤ ᠵᠠᠰᠠᠯᠲᠠ  ᠶᠢ ᠤᠳᠤᠷᠢᠳᠬᠤ᠂ ᠣᠯᠠᠨ ᠲᠦᠮᠡᠨ  ᠢ ᠪᠦᠯᠬᠦᠮᠳᠡᠭᠦᠯᠦᠨ ᠳᠠᠶᠢᠴᠢᠯᠠᠬᠤ᠂ ᠥᠭᠡᠷᠡᠴᠢᠯᠡᠯᠲᠡ ᠬᠥᠭᠵᠢᠯᠲᠡ  ᠶᠢ ᠠᠬᠢᠭᠤᠯᠬᠤ ᠪᠠᠲᠤ ᠴᠢᠩᠭ᠎ᠠ ᠳᠠᠶᠢᠴᠢᠨ ᠪᠠᠬᠢᠯᠡᠯᠲᠡ  ᠪᠣᠯᠭᠠᠨ ᠪᠠᠶᠢᠭᠤᠯᠬᠤ ᠬᠡᠷᠡᠭᠳᠠᠢ᠃      ᠨᠠᠮ ᠤᠨ ᠡᠭᠦᠷ ᠪᠣᠯ ᠨᠠᠮ ᠤᠨ ᠰᠠᠭᠤᠷᠢ ᠵᠣᠬᠢᠶᠠᠨ ᠪᠠᠶᠢᠭᠤᠯᠤᠯᠲᠠ ᠮᠥᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠦᠨᠳᠦᠰᠦᠨ ᠨᠢᠭᠡᠴᠢ ᠮᠥᠨ᠃ ᠨᠠᠮ ᠤᠨ ᠡᠭᠦᠷ ᠤᠨ ᠪᠠᠷᠢᠮᠵᠢᠶᠠᠵᠢᠭᠰᠠᠨ ᠵᠢᠷᠤᠮᠵᠢᠭᠰᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠨ ᠠᠵᠢᠯ ᠢ ᠴᠢᠩᠭᠠᠳᠬᠠᠵᠤ᠂ ᠦᠨᠳᠦᠰᠦᠨ ᠲᠦᠷᠢᠮ ᠢ ᠲᠡᠭᠦᠯᠳᠡᠷᠵᠢᠭᠦᠯᠵᠦ᠂ ᠦᠨᠳᠦᠰᠦᠨ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠡᠭᠦᠷ ᠠᠴᠠ ᠨᠠᠮ ᠤᠨ ᠭᠡᠰᠢᠭᠦᠨ ᠢ ᠰᠢᠭᠤᠳ ᠬᠥᠮᠦᠵᠢᠭᠦᠯᠬᠦ᠂ ᠨᠠᠮ ᠤᠨ ᠭᠡᠰᠢᠭᠦᠨ ᠢ ᠰᠢᠭᠤᠳ ᠬᠠᠮᠢᠶᠠᠷᠬᠤ᠂ ᠨᠠᠮ ᠤᠨ ᠭᠡᠰᠢᠭᠦᠨ ᠳᠤ ᠬᠢᠨᠠᠯᠲᠠ ᠲᠠᠯᠪᠢᠬᠤ ᠪᠠ ᠤᠯᠠᠨ ᠲᠦᠮᠡᠨ ᠢ ᠵᠣᠬᠢᠶᠠᠨ ᠪᠠᠶᠢᠭᠤᠯᠬᠤ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠨᠢᠭᠲᠠᠷᠠᠭᠤᠯᠬᠤ᠂ ᠤᠯᠠᠨ ᠲᠦᠮᠡᠨ ᠳᠤ ᠦᠢᠯᠡᠴᠢᠯᠡᠬᠦ ᠲᠤᠰᠢᠶᠠᠯ ᠬᠠᠷᠢᠭᠤᠴᠠᠯᠭ᠎ᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠳᠠᠢ᠃ ᠨᠠᠮ ᠤᠨ ᠭᠡᠰᠢᠭᠦᠨ ᠤ ᠲᠤᠭ᠎ᠠ ᠨᠢ ᠨᠡᠯᠢᠶᠡᠳ ᠤᠯᠡᠠ ᠪᠤᠶᠤ ᠨᠠᠮ ᠤᠨ ᠭᠡᠰᠢᠭᠦᠨ ᠤ ᠠᠵᠢᠯᠯᠠᠵᠤ ᠪᠠᠶᠢᠭ᠎ᠠ ᠭᠠᠵᠠᠷ᠂ ᠰᠠᠭᠤᠵᠤ ᠪᠠᠶᠢᠭ᠎ᠠ ᠭᠠᠵᠠᠷ ᠨᠢ ᠨᠡᠯᠢᠶᠡᠳ ᠲᠠᠷᠠᠬᠠᠢ ᠪᠤᠲᠠᠷᠬᠠᠢ ᠪᠠᠶᠢᠳᠠᠭ ᠨᠠᠮ ᠤᠨ ᠡᠭᠦᠷ ᠨᠢ ᠵᠤᠬᠢᠶᠠᠨ ᠪᠠᠶᠢᠭᠤᠯᠤᠯᠳᠠ ᠶᠢᠨ ᠠᠵᠢᠯᠯᠠᠭ᠎ᠠ ᠥᠷᠨᠢᠭᠦᠯᠬᠦ ᠳᠤ ᠲᠦᠬᠦᠮ ᠪᠠᠶᠢᠬᠤ ᠵᠠᠷᠴᠢᠮ ᠶᠣᠰᠣᠭᠠᠷ ᠨᠠᠮ ᠤᠨ ᠳᠤᠭᠤᠶᠢᠯᠠᠩ ᠤᠳ ᠢ ᠬᠤᠪᠢᠶᠠᠬᠤ ᠬᠡᠷᠡᠭᠲᠡᠢ᠃      ᠠᠷᠪᠠᠨ ᠳᠥᠷᠪᠡᠳᠦᠭᠡᠷ ᠵᠦᠢᠯ ᠨᠠᠮ ᠤᠨ ᠤᠳᠤᠷᠢᠳᠬᠤ ᠳᠤᠭᠤᠶᠢᠯᠠᠩ ᠲᠤᠰ ᠨᠢᠭᠡᠴᠢ ᠳᠡᠭᠡᠨ ᠤᠳᠤᠷᠢᠳᠬᠤ ᠦᠢᠯᠡᠳᠦᠯ ᠪᠠᠳᠠᠷᠠᠭᠤᠯᠵᠤ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠳᠠ ᠶᠢ ᠪᠠᠲᠤᠯᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠳᠠᠢ᠃ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠠᠵᠢᠯ ᠤᠨ ᠲᠦᠷᠢᠮ ᠪᠠ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠤᠨ᠂ ᠨᠠᠮ ᠤᠨ ᠪᠠᠶᠢᠭᠤᠯᠤᠯᠲᠠ ᠶᠢᠨ ᠠᠵᠢᠯ ᠢ ᠲᠤᠬᠠᠶᠢᠯᠠᠭᠰᠠᠨ ᠠᠵᠢᠯ ᠲᠠᠢ ᠬᠠᠮᠲᠤ ᠳᠤᠨᠢ ᠲᠥᠰᠦᠪᠯᠡᠬᠦ᠂ ᠬᠠᠮᠲᠤ ᠳᠤᠨᠢ ᠪᠠᠶᠢᠷᠢᠯᠠᠭᠤᠯᠬᠤ᠂ ᠬᠠᠮᠲᠤ ᠳᠤᠨᠢ ᠠᠬᠢᠭᠤᠯᠬᠤ᠂ ᠬᠠᠮᠲᠤ ᠳᠤᠨᠢ ᠬᠢᠨᠠᠨ ᠰᠢᠯᠭᠠᠬᠤ ᠶᠢ ᠪᠠᠷᠢᠮᠲᠠᠯᠠᠵᠤ᠂ ᠲᠤᠰ ᠨᠢᠭᠡᠴᠢ ᠶᠢᠨ ᠢᠶᠠᠨ ᠤᠳᠤᠷᠢᠳᠬᠤ ᠪᠠᠭ ᠤᠨ ᠬᠠᠤᠯᠢ ᠶᠣᠰᠣᠭᠠᠷ ᠲᠦᠷᠢᠮ ᠶᠣᠰᠣᠭᠠᠷ ᠨᠠᠮ ᠤᠨ ᠤᠳᠤᠷᠢᠳᠬᠤ ᠳᠤᠭᠤᠶᠢᠯᠠᠩ ᠤᠨ ᠰᠢᠢᠳᠪᠦᠷᠢᠲᠦ ᠪᠤᠳᠤᠯᠭ᠎ᠠ ᠶᠢ ᠴᠠᠭ ᠲᠤᠬᠠᠢ ᠳᠤᠨᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠠᠬᠢᠭᠤᠯᠵᠤ᠂ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠰ ᠨᠢᠭᠡᠴᠢ ᠳᠡᠭᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠳᠠᠢ᠃      ᠠᠷᠪᠠᠨ ᠲᠠᠪᠤᠳᠤᠭᠠᠷ ᠵᠦᠢᠯ ᠢᠲᠡᠭᠡᠯ ᠵᠣᠷᠢᠭ ᠨᠢ ᠪᠠᠲᠤ ᠴᠢᠩᠭ᠎ᠠ᠂ ᠤᠯᠤᠰ ᠲᠦᠷᠦ ᠶᠢᠨ ᠲᠠᠯ᠎ᠠ ᠪᠠᠷ ᠨᠠᠶᠢᠳᠠᠪᠤᠷᠢᠲᠠᠢ᠂ ᠪᠦᠲᠦᠴᠡ ᠨᠢ ᠵᠦᠢ ᠵᠣᠬᠢᠰᠲᠠᠢ᠂ ᠬᠡᠪ ᠪᠤᠯᠪᠠᠰᠤᠷᠠᠯ ᠨᠢ ᠰᠢᠯᠢᠳᠡᠭ ᠰᠡᠶᠢᠠ᠂ ᠰᠠᠬᠢᠯᠭ᠎ᠠ ᠪᠠᠳᠤ ᠨᠢ ᠴᠢᠩᠭ᠎ᠠ᠂ ᠦᠢᠯᠡᠳᠦᠯ ᠨᠢ ᠲᠤᠪᠦ᠋ᠢᠮ᠎ᠠ ᠨᠠᠮ ᠤᠨ ᠭᠡᠰᠢᠭᠦᠨ ᠤ ᠡᠩᠨᠡᠭᠡ ᠶᠢ ᠪᠠᠶᠢᠭᠤᠯᠬᠤ ᠶᠢᠨ ᠲᠤᠭᠤᠷᠢᠨ ᠳᠤ᠂ ᠨᠠᠮ ᠤᠨ ᠭᠡᠰᠢᠭᠦᠨ ᠢ ᠬᠦᠮᠦᠵᠢᠬᠦᠯᠬᠦ ᠪᠠ ᠨᠠᠮ ᠤᠨ ᠭᠡᠰᠢᠭᠦᠨ ᠤ ᠬᠦᠮᠦᠵᠢᠯ᠂ ᠬᠠᠮᠢᠶᠠᠷᠤᠯᠳᠠ᠂ ᠬᠢᠨᠠᠯᠳᠠ᠂ ᠦᠢᠯᠡᠴᠢᠯᠡᠬᠡᠨ ᠤ ᠠᠵᠢᠯ ᠢ ᠰᠠᠶᠢᠲᠤᠷ ᠬᠢᠬᠦ ᠬᠡᠷᠡᠭᠳᠠᠢ᠃      ᠨᠠᠮ ᠤᠨ ᠭᠡᠰᠢᠭᠦᠨ ᠢ ᠬᠦᠮᠦᠵᠢᠬᠦᠯᠬᠦ ᠳᠡᠭᠡᠨ ᠶᠡᠷᠦᠩᠬᠡᠢ ᠲᠤᠭ᠎ᠠ ᠶᠢ ᠬᠢᠵᠠᠭᠠᠷᠯᠠᠬᠤ᠂ ᠪᠦᠲᠦᠴᠡ ᠶᠢ ᠰᠢᠯᠢᠳᠡᠭᠵᠢᠭᠦᠯᠬᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠦᠢᠯᠡᠳᠦᠯ ᠢ ᠪᠠᠳᠠᠷᠠᠭᠤᠯᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ ᠳᠤ ᠲᠠᠯᠪᠢᠵᠤ᠂ ᠳᠡᠰ ᠳᠠᠷᠠᠭᠠᠯᠠᠯ ᠢ ᠴᠢᠩᠳᠠᠯᠠᠨ᠂ ᠪᠣᠭᠤᠮᠲᠠ ᠶᠢ ᠴᠢᠩᠭ᠎ᠠ ᠰᠠᠬᠢᠵᠤ᠂ ᠰᠢᠨ᠎ᠡ ᠪᠠᠷ ᠬᠦᠮᠦᠵᠢᠬᠦᠯᠦᠭᠰᠡᠨ ᠨᠠᠮ ᠤᠨ ᠭᠡᠰᠢᠭᠦᠨ ᠤ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠢ᠃ ᠨᠠᠮ ᠳᠤ ᠣᠷᠣᠬᠤ ᠢᠳᠡᠪᠬᠢᠲᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠮᠦᠵᠢᠬᠦᠯᠵᠤ ᠪᠠᠶᠢᠭ᠎ᠠ ᠡᠲᠡᠭᠡᠳ᠂ ᠪᠡᠯᠡᠳᠬᠡᠯ ᠨᠠᠮ ᠤᠨ ᠭᠡᠰᠢᠭᠦᠨ ᠢ ᠬᠥᠮᠦᠵᠢᠭᠦᠯᠬᠦ ᠶᠢ ᠴᠢᠩᠭᠠᠳᠬᠠᠬᠤ ᠬᠡᠷᠡᠭᠳᠠᠢ᠃      ᠨᠠᠮ ᠤᠨ ᠭᠡᠰᠢᠭᠦᠨ ᠤ ᠬᠥᠮᠦᠵᠢᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠳᠣᠲᠣᠭᠠᠳᠤ ᠶᠢᠨ ᠲᠥᠪᠯᠡᠷᠡᠩᠭᠦᠢ ᠬᠥᠮᠦᠵᠢᠯ ᠪᠠ ᠨᠠᠮ ᠤᠨ ᠭᠡᠰᠢᠭᠦᠨ ᠤ ᠪᠠᠶᠢᠩᠭᠤ ᠶᠢᠨ ᠴᠢᠨᠠᠷᠲᠠᠢ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠣᠬᠢᠶᠠᠨ ᠪᠠᠶᠢᠭᠤᠯᠤᠯᠲᠠ ᠶᠢᠨ ᠪᠣᠯᠪᠠᠰᠤᠷᠠᠯ ᠬᠦᠷᠳᠡᠬᠡᠬᠦ ᠪᠠ ᠬᠤᠪᠢ ᠬᠥᠮᠦᠨ ᠤ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠨᠠᠮ ᠤᠨ ᠭᠡᠰᠢᠭᠦᠳ ᠤᠨ ᠤᠭ ᠰᠠᠨᠠᠭ᠎ᠠ ᠪᠠᠨ ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠥᠬᠦᠷᠡᠰᠢ ᠦᠭᠡᠢ ᠲᠡᠮᠡᠴᠡᠬᠦ ᠶᠢ ᠬᠦᠳᠦᠯᠦᠨ ᠵᠢᠯᠤᠭᠤᠳᠬᠤ ᠬᠡᠷᠡᠭᠲᠡᠢ᠃      ᠨᠠᠮ ᠤᠨ ᠭᠡᠰᠢᠭᠦᠨ ᠤ ᠬᠠᠮᠢᠶᠠᠷᠤᠯᠲᠠ ᠳᠤ ᠨᠠᠮ ᠤᠨ ᠬᠠᠷᠢᠶ᠎ᠠ ᠶᠢᠨ ᠬᠠᠮᠢᠶᠠᠷᠤᠯᠲᠠ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭᠠᠨ ᠤ ᠬᠠᠮᠢᠶᠠᠷᠤᠯᠲᠠ᠂ ᠨᠠᠮ ᠤᠨ ᠰᠦᠢᠳᠬᠡᠯ ᠬᠤᠷᠢᠶᠠᠵᠤ ᠬᠡᠷᠡᠭᠯᠡᠬᠦ ᠬᠠᠮᠢᠶᠠᠷᠤᠯᠲᠠ᠂ ᠡᠳᠦᠷ ᠲᠤᠳᠤᠮ ᠤᠨ ᠬᠢᠨᠠᠯᠲᠠ᠂ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠯᠲᠡ ᠵᠡᠷᠭᠡ ᠠᠵᠢᠯ ᠢ ᠴᠢᠩᠭ᠎ᠠ ᠰᠠᠶᠢᠲᠤᠷ ᠬᠢᠵᠦ᠂ ᠨᠡᠭᠦᠳᠡᠯ ᠨᠠᠮ ᠤᠨ ᠭᠡᠰᠢᠭᠦᠨ ᠤ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠠᠳᠠᠯᠢ ᠪᠤᠰᠤ ᠬᠦᠮᠦᠰ ᠤᠨ ᠨᠠᠮ ᠤᠨ ᠭᠡᠰᠢᠭᠦᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠭᠡᠰᠢᠬᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠵᠤᠬᠢᠶᠠᠨ ᠪᠠᠶᠢᠭᠤᠯᠵᠤ ᠬᠦᠳᠦᠯᠦᠨ ᠵᠢᠯᠤᠭᠤᠳᠬᠤ ᠬᠡᠷᠡᠭᠳᠠᠢ᠃      ᠨᠠᠮ ᠤᠨ ᠳᠣᠲᠣᠭᠠᠳᠤ ᠶᠢᠨ ᠤᠷᠮᠠᠰᠢᠭᠤᠯᠤᠨ ᠬᠠᠯᠠᠮᠵᠢᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠨᠠᠮ ᠤᠨ ᠭᠡᠰᠢᠭᠦᠨ ᠤ ᠠᠷᠠᠳᠴᠢᠯᠠᠯ ᠤᠨ ᠡᠷᠬᠡ ᠶᠢ ᠪᠠᠲᠤᠯᠠᠵᠤ᠂ ᠨᠠᠮ ᠤᠨ ᠳᠣᠲᠣᠭᠠᠳᠤ ᠳᠤ ᠬᠥᠬᠢᠭᠦᠯᠵᠤ ᠰᠠᠶᠢᠰᠢᠶᠠᠬᠤ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠳ ᠢ ᠬᠠᠯᠠᠮᠵᠢᠯᠠᠨ ᠬᠠᠶᠢᠷᠠᠯᠠᠬᠤ ᠪᠠ ᠨᠡᠮ ᠤᠨ ᠬᠡᠰᠢᠬᠦᠳ ᠲᠤ ᠦᠢᠯᠡᠴᠢᠯᠡᠬᠦ ᠠᠵᠢᠯ ᠢ ᠰᠠᠶᠢᠲᠤᠷ ᠬᠢᠬᠦ ᠬᠡᠷᠡᠭᠳᠠᠢ᠃      ᠠᠷᠪᠠᠨ ᠵᠢᠷᠭᠤᠳᠤᠭᠠᠷ ᠵᠦᠢᠯ ᠠᠷᠠᠳᠴᠢᠯᠠᠯ ᠲᠥᠪᠯᠡᠷᠡᠯ ᠤᠨ ᠶᠤᠰᠤ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠬᠥᠭᠵᠢᠭᠦᠯᠬᠦ ᠪᠠ ᠲᠥᠪᠯᠡᠷᠡᠯ ᠢ ᠵᠦᠪ ᠬᠡᠷᠡᠭᠵᠢᠭᠦᠯᠬᠦ ᠬᠤᠯᠪᠣᠭᠳᠠᠯ ᠪᠦᠬᠦᠢ ᠳᠦᠷᠢᠮ ᠢ ᠲᠡᠭᠦᠯᠳᠡᠷᠵᠢᠭᠦᠯᠬᠦ ᠬᠡᠷᠡᠭᠳᠠᠢ᠃ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠰᠣᠩᠭᠤᠭᠤᠯᠢ ᠶᠢᠨ ᠲᠦᠷᠢᠮ ᠢ ᠲᠡᠭᠦᠯᠳᠡᠷᠵᠢᠭᠦᠯᠵᠦ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠤᠨ ᠬᠤᠭᠤᠴᠠᠭᠠᠨ ᠤ ᠲᠦᠷᠢᠮ ᠪᠠ ᠨᠠᠮ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠤᠨ ᠬᠤᠭᠤᠴᠠᠭ᠎ᠠ ᠵᠡᠷᠭᠡ ᠲᠦᠷᠢᠮ ᠢ ᠨᠠᠶᠢᠳᠠᠪᠤᠷᠢᠵᠢᠭᠤᠯᠬᠤ ᠬᠡᠷᠡᠭᠳᠠᠢ᠃ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ᠂ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠵᠡᠷᠭᠡ ᠶᠢ ᠪᠠᠭᠲᠠᠭᠠᠭᠰᠠᠨ ᠪᠦᠷᠢᠨ ᠪᠦᠲᠦᠨ ᠵᠣᠬᠢᠶᠠᠨ ᠪᠠᠶᠢᠭᠤᠯᠬᠤ ᠲᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠦᠷᠢᠮ ᠢ ᠲᠡᠭᠦᠯᠳᠡᠷᠵᠢᠭᠦᠯᠬᠦ ᠬᠡᠷᠡᠭᠳᠠᠢ᠃      ᠠᠷᠪᠠᠨ ᠳᠣᠯᠣᠳᠤᠭᠠᠷ ᠵᠦᠢᠯ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ ᠴᠢᠩᠭ᠎ᠠ ᠬᠡᠷᠡᠭᠵᠢᠭᠦᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠳᠦᠷᠢᠮ ᠢ ᠪᠠᠷᠢᠮᠳᠠᠯᠠᠨ ᠲᠡᠭᠦᠯᠳᠡᠷᠵᠢᠭᠦᠯᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷ᠂ ᠰᠡᠳᠬᠢᠯ ᠤᠨ ᠦᠭᠡ ᠪᠠᠨ ᠶᠠᠷᠢᠯᠴᠠᠬᠤ᠂ ᠠᠷᠠᠳᠴᠢᠯᠠᠯ ᠢᠶᠠᠷ ᠨᠠᠮ ᠤᠨ ᠭᠡᠰᠢᠭᠦᠨ ᠢ ᠦᠨᠡᠯᠡᠬᠦ ᠵᠡᠷᠭᠡ ᠳᠦᠷᠢᠮ ᠢ ᠪᠦᠷᠢᠨᠰᠢᠭᠦᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠳᠠᠪᠬᠤᠷ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠳᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠦᠬᠡᠳᠡᠷᠭᠡᠭ ᠡᠷᠡᠭᠦᠯ ᠤᠯᠤᠰ ᠲᠦᠷᠦ ᠶᠢᠨ ᠰᠣᠶᠣᠯ ᠢ ᠬᠥᠭᠵᠢᠭᠦᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠪᠠᠶᠢᠩᠭᠤ᠂ ᠬᠢᠨᠠᠮᠠᠭᠠᠶ᠂ ᠲᠥᠪ ᠴᠢᠩᠭ᠎ᠠ ᠪᠠᠶᠢᠬᠤ ᠶᠢ ᠪᠠᠳᠤᠯᠠᠵᠤ᠂ ᠤᠯᠤᠰ ᠲᠥᠷᠥ ᠶᠢᠨ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠡᠶᠢᠴᠢᠠ ᠴᠢᠨᠠᠷ ᠢ ᠲᠠᠰᠤᠷᠠᠯᠳᠠ ᠦᠭᠡᠢ ᠴᠢᠩᠭᠠᠳᠬᠠᠵᠤ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠳᠠᠢ᠃      ᠠᠷᠪᠠᠨ ᠨᠠᠢᠮᠠᠳᠤᠭᠠᠷ ᠵᠦᠢᠯ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠪᠦᠬᠦ ᠨᠠᠮ ᠤᠨ ᠭᠡᠰᠢᠭᠦᠨ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠭᠡᠰᠢᠭᠦᠨ ᠬᠤᠪᠢ ᠬᠦᠮᠦᠨ ᠨᠠᠮ ᠤᠨ ᠵᠣᠬᠢᠶᠠᠨ ᠪᠠᠶᠢᠭᠤᠯᠤᠯᠲᠠ ᠶᠢ ᠲᠠᠭᠠᠬᠤ᠂ ᠴᠥᠭᠡᠩᠬᠢ ᠨᠢ ᠣᠯᠠᠩᠬᠢ ᠪᠠᠨ ᠲᠠᠭᠠᠬᠤ᠂ ᠲᠤᠤᠷᠠᠳᠤ ᠱᠠᠲᠤᠨ ᠤ ᠵᠣᠬᠢᠶᠠᠨ ᠪᠠᠶᠢᠭᠤᠯᠤᠯᠲᠠ ᠨᠢ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠪᠠᠨ ᠲᠠᠭᠠᠬᠤ᠂ ᠪᠦᠬᠦ ᠨᠠᠮ ᠤᠨ ᠡᠯ᠎ᠡ ᠵᠣᠬᠢᠶᠠᠨ ᠪᠠᠶᠢᠭᠤᠯᠤᠯᠲᠠ ᠪᠣᠯᠤᠨ ᠪᠦᠬᠦ ᠨᠠᠮ ᠤᠨ ᠭᠡᠰᠢᠭᠦᠨ ᠨᠢ ᠨᠠᠮ ᠤᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠲᠥᠪ ᠬᠤᠷᠢᠶ᠎ᠠ ᠶᠢ ᠲᠠᠭᠠᠬᠤ ᠶᠢ ᠪᠠᠷᠢᠮᠲᠠᠯᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠢ ᠥᠷᠨᠢᠭᠦᠯᠦᠨ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠠᠬᠢᠯᠭ᠎ᠠ ᠪᠠᠲᠤ ᠶᠢᠨ ᠡᠷᠬᠡ ᠰᠦᠷᠲᠦ ᠴᠢᠨᠠᠷ ᠪᠠ ᠬᠦᠯᠢᠶᠡᠰᠦᠯᠡᠬᠦ ᠬᠦᠴᠦᠨ ᠢ ᠳᠡᠭᠡᠭᠰᠢᠯᠡᠭᠦᠯᠦᠨ᠂ ᠵᠠᠷᠯᠢᠭ ᠪᠠᠶᠢᠪᠠᠰᠤ ᠡᠷᠬᠡᠪᠰᠢ ᠬᠡᠷᠡᠭᠵᠢᠬᠦᠯᠬᠦ᠂ ᠴᠠᠭᠠᠵᠠ ᠪᠠᠶᠢᠪᠠᠰᠦ ᠵᠠᠪᠠᠯ ᠵᠢᠷᠤᠮᠯᠠᠬᠤ᠂ ᠰᠠᠬᠢᠯᠭ᠎ᠠ ᠪᠠᠲᠤ ᠶᠢ ᠵᠠᠪᠠᠯ ᠴᠢᠩᠭ᠎ᠠ ᠬᠡᠷᠡᠭᠵᠢᠭᠦᠯᠬᠦ᠂ ᠰᠠᠬᠢᠯᠭ᠎ᠠ ᠪᠠᠲᠤ ᠶᠢ ᠵᠥᠷᠢᠴᠡᠪᠡᠯ ᠵᠠᠪᠠᠯ ᠨᠡᠬᠡᠮᠵᠢᠯᠡᠬᠦ ᠶᠢ ᠪᠡᠶᠡᠯᠡᠭᠦᠯᠬᠦ ᠬᠡᠷᠡᠭᠳᠠᠢ᠃      ᠳᠥᠷᠪᠡᠳᠦᠭᠡᠷ ᠪᠦᠯᠦᠭ ᠺᠠᠳ᠋ᠷ ᠤᠨ ᠠᠵᠢᠯ      ᠠᠷᠪᠠ ᠶᠢᠰᠦᠳᠦᠭᠡᠷ ᠵᠦᠢᠯ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠮᠢᠭ᠎ᠠ ᠠᠴᠠ ᠢᠷᠡᠭᠰᠡᠨ ᠴᠤ ᠬᠠᠮᠢᠶ᠎ᠠ ᠦᠭᠡᠢ ᠡᠷᠳᠡᠮᠲᠡᠨ ᠴᠢᠳᠠᠪᠤᠷᠢᠳᠠᠨ ᠢ ᠬᠡᠷᠡᠭᠯᠡᠬᠦ ᠶᠢ ᠪᠠᠷᠢᠮᠲᠠᠯᠠᠵᠤ᠂ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠬᠥᠮᠦᠨ ᠢ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ᠂ ᠺᠠᠳ᠋ᠷ ᠤᠨ ᠬᠡᠪ ᠪᠤᠯᠪᠠᠰᠤᠷᠠᠯ ᠢ ᠬᠥᠮᠦᠵᠢᠭᠦᠯᠬᠦ᠂ ᠪᠠᠶᠢᠳᠠᠯ ᠢ ᠣᠶᠢᠯᠠᠭᠠᠵᠤ ᠬᠥᠮᠦᠨ ᠢ ᠲᠠᠨᠢᠬᠤ᠂ ᠰᠤᠩᠭᠤᠨ ᠳᠡᠪᠰᠢᠭᠦᠯᠵᠦ ᠬᠡᠷᠡᠭᠯᠡᠬᠦ᠂ ᠴᠢᠩᠭ᠎ᠠ ᠬᠠᠮᠢᠶᠠᠷᠬᠤ᠂ ᠵᠦᠪ ᠢᠶᠠᠷ ᠤᠷᠮᠠᠰᠢᠭᠤᠯᠬᠤ ᠰᠢᠰᠲ᠋ᠧᠮ ᠤᠨ ᠪᠠᠶᠢᠭᠤᠯᠤᠯᠳᠠ ᠶᠢ ᠨᠢᠭᠡᠳᠦᠯᠳᠠᠢ ᠲᠦᠯᠦᠪᠵᠢᠭᠦᠯᠵᠤ᠂ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠤ᠂ ᠨᠠᠮ ᠵᠠᠰᠠᠭ ᠤᠨ ᠪᠠᠶᠢᠭᠤᠯᠭ᠎ᠠ᠂ ᠠᠷᠠᠳ ᠤᠨ ᠪᠦᠯᠬᠦᠮ᠂ ᠤᠯᠤᠰ ᠤᠨ ᠥᠮᠴᠢᠯᠡᠯᠳᠤ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ ᠲᠠᠢ ᠥᠨᠳᠥᠷ ᠬᠡᠪ ᠪᠤᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠳᠠᠢ᠃      ᠬᠤᠷᠢᠳᠤᠭᠠᠷ ᠵᠦᠢᠯ ᠺᠠᠳ᠋ᠷ ᠤᠨ ᠠᠵᠢᠯ ᠳᠤ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ ᠱᠠᠳᠤ ᠬᠤᠪᠢᠶᠠᠨ ᠲᠦᠷᠦᠯ ᠬᠤᠪᠢᠶᠠᠨ ᠬᠠᠮᠢᠶᠠᠷᠬᠤ ᠪᠠᠶᠢᠭᠤᠯᠤᠮᠵᠢ ᠶᠢ ᠬᠡᠷᠡᠭᠵᠢᠭᠦᠯᠦᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ ᠲᠡᠭᠦᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠺᠠᠳ᠋ᠷ ᠤᠨ ᠠᠵᠢᠯ ᠤᠨ ᠨᠢᠭᠡᠳᠦᠯᠲᠡᠢ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠠᠵᠢᠯ ᠶᠠᠪᠤᠳᠠᠯ ᠤᠨ ᠡᠷᠬᠡ ᠶᠢᠨ ᠬᠤᠪᠢᠶᠠᠷᠢᠯᠠᠯ᠂ ᠠᠵᠢᠯ ᠲᠥᠷᠥᠯ ᠤᠨ ᠬᠦᠷᠢᠶ᠎ᠠ ᠴᠠᠷᠠᠭᠠᠨ ᠤ ᠰᠢᠨᠵᠢ ᠴᠢᠨᠠᠷ ᠤᠨ ᠣᠨᠴᠠᠯᠢᠭ᠂ ᠪᠠᠶᠢᠭᠤᠯᠤᠮᠵᠢ ᠶᠢᠨ ᠲᠤᠬᠢᠷᠠᠭᠤᠯᠤᠯᠳᠠ ᠪᠠ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠡᠩᠨᠡᠭᠡᠨ ᠤ ᠪᠠᠶᠢᠭᠤᠯᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠺᠠᠳ᠋ᠷ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ᠂ ᠬᠦᠷᠢᠶ᠎ᠠ ᠬᠡᠪᠴᠢᠶ᠎ᠡ᠂ ᠡᠷᠬᠡ ᠶᠢᠨ ᠬᠡᠪᠴᠢᠶ᠎ᠠ᠂ ᠬᠡᠯᠪᠡᠷᠢ ᠪᠠ ᠲᠠᠷᠠᠭᠠᠯᠠᠯ ᠢ ᠵᠦᠶ ᠵᠣᠬᠢᠰᠲᠠᠶ ᠲᠣᠭᠲᠠᠭᠠᠵᠤ᠂ ᠺᠠᠳ᠋ᠷ ᠤᠨ ᠳᠠᠪᠬᠤᠷ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃      ᠬᠤᠷᠢᠨ ᠨᠢᠭᠡᠳᠦᠭᠡᠷ ᠵᠦᠢᠯ ᠤᠳᠤᠷᠢᠳᠬᠤ ᠪᠠᠭ ᠤᠨ ᠪᠠᠶᠢᠭᠤᠯᠤᠯᠲᠠ ᠨᠢ ᠡᠷᠬᠡᠪᠰᠢ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠳᠤ ᠲᠠᠯᠪᠢᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠵᠢᠭᠦᠯᠦᠨ ᠪᠦᠬᠦᠯᠢ ᠴᠣᠭᠴᠠ ᠪᠠᠷ ᠠᠬᠢᠭᠤᠯᠬᠤ ᠶᠢ ᠪᠠᠷᠢᠮᠳᠠᠯᠠᠵᠤ᠂ ᠲᠥᠷᠥᠯ ᠬᠤᠪᠢᠶᠠᠨ ᠵᠢᠯᠣᠭᠤᠳᠴᠤ᠂ ᠤᠨᠢᠨ ᠲᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠳᠠᠯᠠᠵᠤ᠂ ᠠᠷᠠᠳᠴᠢᠯᠠᠯ ᠲᠥᠪᠯᠡᠷᠡᠯ ᠤᠨ ᠶᠤᠰᠤ ᠶᠢ ᠴᠢᠩᠭ᠎ᠠ ᠬᠡᠷᠡᠭᠵᠢᠭᠦᠯᠵᠤ᠂ ᠣᠨᠣᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠤ᠂ ᠪᠠᠭ ᠤᠨ ᠪᠦᠲᠦᠴᠡ ᠶᠢ ᠰᠢᠯᠢᠳᠡᠭᠵᠢᠭᠦᠯᠵᠤ᠂ ᠪᠦᠬᠦᠯᠢ ᠴᠣᠭᠴᠠ ᠶᠢᠨ ᠴᠢᠳᠠᠮᠵᠢ ᠶᠢ ᠴᠢᠩᠭᠠᠷᠠᠭᠤᠯᠵᠤ᠂ ᠪᠠᠭ ᠤᠨ ᠲᠣᠭᠲᠠᠭᠤᠨ ᠢ ᠪᠠᠲᠤᠯᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠢᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠬᠦᠴᠦᠨ ᠢᠶᠠᠨ ᠴᠢᠩᠭᠠᠷᠠᠭᠤᠯᠵᠦ᠂ ᠴᠢᠷᠮᠠᠶᠢᠵᠤ ᠪᠠᠶᠢᠭᠠᠳ ᠡᠯ᠎ᠡ ᠱᠠᠲᠤᠨ ᠤ ᠤᠳᠤᠷᠢᠳᠬᠤ ᠪᠠᠭ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠬᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠲᠤ ᠴᠢᠩᠭ᠎ᠠ ᠤᠳᠤᠷᠢᠳᠬᠤ ᠬᠠᠮᠲᠤ ᠪᠤᠯᠭᠠᠨ ᠳᠠᠪᠳᠠᠨ ᠪᠤᠯᠪᠠᠰᠤᠷᠠᠭᠤᠯᠬᠤ ᠬᠡᠷᠡᠭᠳᠠᠢ᠃      ᠬᠤᠷᠢᠨ ᠬᠤᠶᠠᠳᠤᠭᠠᠷ ᠵᠦᠢᠯ ᠡᠬᠢᠨ ᠠᠴᠠ ᠨᠢ ᠬᠥᠮᠦᠵᠢᠭᠦᠯᠬᠦ᠂ ᠮᠥᠷᠳᠡᠨ ᠬᠥᠮᠦᠵᠢᠭᠦᠯᠬᠦ᠂ ᠪᠦᠬᠦ ᠶᠠᠪᠤᠴᠠ ᠳᠤ ᠬᠥᠮᠦᠵᠢᠭᠦᠯᠬᠦ ᠬᠡᠪ ᠪᠤᠯᠪᠠᠰᠤᠷᠠᠯ ᠤᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠤᠯᠤᠰ ᠲᠦᠷᠦ ᠶᠢᠨ ᠬᠡᠪ ᠪᠤᠯᠪᠠᠰᠤᠷᠠᠯ ᠢ ᠲᠤᠪᠤᠶᠢᠯᠭᠠᠨ᠂ ᠲᠦᠷᠦᠯ ᠬᠤᠪᠢᠶᠠᠨ ᠲᠡᠰ ᠬᠤᠪᠢᠶᠠᠬᠤ ᠶᠢ ᠴᠢᠬᠤᠯᠠᠴᠢᠯᠠᠵᠤ᠂ ᠦᠵᠡᠯ ᠰᠠᠨᠠᠭᠠᠨ ᠤ ᠳᠠᠪᠲᠠᠯᠲᠠ᠂ ᠤᠯᠤᠰ ᠲᠦᠷᠦ ᠶᠢᠨ ᠳᠠᠪᠲᠠᠯᠲᠠ᠂ ᠦᠢᠯᠡᠳᠦᠯᠭᠡ ᠶᠢᠨ ᠳᠠᠪᠲᠠᠯᠲᠠ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠂ ᠦᠵᠡᠯ ᠰᠠᠨᠠᠭ᠎ᠠ ᠤᠨᠤᠯ ᠢᠶᠠᠷ ᠵᠡᠪᠰᠡᠭᠯᠡᠬᠦ᠂ ᠬᠦᠰᠡᠯᠡᠩ ᠢᠲᠡᠭᠡᠯ ᠵᠣᠷᠢᠭ ᠤᠨ ᠬᠥᠮᠦᠵᠢᠯ᠂ ᠮᠡᠳᠡᠯᠭᠡ ᠶᠢᠨ ᠪᠦᠲᠦᠴᠡ ᠶᠢᠨ ᠰᠠᠶᠢᠵᠢᠷᠠᠯᠲᠠ᠂ ᠴᠢᠳᠠᠪᠤᠷᠢ ᠶᠢᠨ ᠬᠡᠪ ᠪᠤᠯᠪᠠᠰᠤᠷᠠᠯ ᠤᠨ ᠳᠡᠭᠡᠭᠰᠢᠯᠡᠯᠲᠡ ᠶᠢ ᠺᠠᠳ᠋ᠷ ᠤᠨ ᠦᠰᠦᠨ ᠪᠤᠶᠢᠵᠢᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠳᠠᠢ᠃ ᠦᠨᠳᠦᠰᠦᠨ ᠱᠠᠲᠤᠨ ᠤ ᠡᠮᠦᠨ᠎ᠡ ᠹᠷᠣᠨᠲ ᠪᠣᠯᠤᠨ ᠬᠦᠴᠢᠷ ᠪᠡᠷᠬᠡᠰᠢᠶᠡᠯ ᠲᠠᠢ ᠭᠠᠵᠠᠷ ᠣᠷᠣᠨ ᠳᠤ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ ᠶᠢ ᠴᠢᠬᠤᠯᠠᠴᠢᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠨᠢ ᠴᠢᠩᠭᠠᠳᠬᠠᠵᠤ᠂ ᠵᠠᠰᠠᠯᠲᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠥᠷᠭᠡᠨ ᠤᠯᠠᠨ ᠺᠠᠳ᠋ᠷ ᠤᠨ ᠤᠯᠤᠰ ᠲᠦᠷᠦ ᠶᠢᠨ ᠬᠡᠪ ᠪᠣᠯᠪᠠᠰᠤᠷᠠᠯ᠂ ᠤᠨᠤᠯ ᠤᠨ ᠲᠦᠪᠰᠢᠨ᠂ ᠲᠤᠰᠬᠠᠢ ᠮᠡᠷᠭᠡᠵᠢᠯ ᠤᠨ ᠲᠦᠪᠰᠢᠨ᠂ ᠦᠢᠯᠡᠳᠦᠯᠭᠡ ᠶᠢᠨ ᠴᠢᠳᠠᠪᠤᠷᠢ ᠶᠢ ᠴᠠᠭ ᠦᠶ᠎ᠡ ᠶᠢᠨ ᠬᠥᠭᠵᠢᠯᠲᠡ ᠶᠢᠨ ᠠᠯᠬᠤᠭ᠎ᠠ ᠶᠢ ᠲᠠᠭᠠᠵᠤ ᠠᠮᠵᠢᠭᠤᠯᠬᠤ ᠬᠡᠷᠡᠭᠲᠡᠢ᠃      ᠬᠤᠷᠢᠨ ᠭᠤᠷᠪᠠᠳᠤᠭᠠᠷ ᠵᠦᠢᠯ ᠡᠳᠦᠷ ᠲᠤᠳᠤᠮ ᠤᠨ ᠬᠢᠨᠠᠨ ᠰᠢᠯᠭᠠᠬᠤ᠂ ᠲᠦᠷᠦᠯ ᠬᠤᠪᠢᠶᠠᠵᠦ ᠬᠢᠨᠠᠨ ᠰᠢᠯᠭᠠᠬᠤ᠂ ᠤᠢᠢᠷ᠎ᠠ ᠵᠠᠢ ᠠᠴᠠ ᠬᠢᠨᠠᠨ ᠰᠢᠯᠭᠠᠬᠤ ᠶᠠᠪᠤᠳᠠᠯ ᠢ ᠮᠡᠳᠡᠵᠤ ᠬᠥᠮᠦᠨ ᠢ ᠲᠠᠨᠢᠬᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠵᠠᠰᠠᠭ ᠤᠨ ᠠᠵᠢᠯ ᠤᠨ ᠪᠦᠲᠦᠮᠵᠢ ᠶᠢᠨ ᠵᠥᠪ ᠦᠵᠡᠯᠲᠡ ᠶᠢ ᠪᠠᠷᠢᠮᠲᠠᠯᠠᠵᠤ᠂ ᠰᠢᠯᠢᠳᠡᠭ ᠪᠠ ᠮᠠᠭᠤ ᠶᠢ ᠢᠯᠭᠠᠬᠤ᠂ ᠰᠢᠯᠢᠳᠡᠭ ᠢ ᠨᠢ ᠱᠠᠩᠨᠠᠵᠤ ᠮᠠᠭᠤ ᠶᠢ ᠨᠢ ᠲᠣᠷᠭᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠬᠤ᠂ ᠬᠥᠭᠵᠢᠯᠲᠡ ᠶᠢ ᠠᠬᠢᠭᠤᠯᠬᠤ ᠪᠠᠷ ᠦᠨᠳᠦᠰᠦᠨ ᠡᠭᠦᠷᠭᠡ ᠪᠠᠨ ᠪᠣᠯᠭᠠᠵᠤ᠂ ᠬᠢᠨᠠᠨ ᠰᠢᠯᠭᠠᠬᠤ ᠠᠭᠤᠯᠭ᠎ᠠ ᠪᠠ ᠬᠢᠨᠠᠨ ᠰᠢᠯᠭᠠᠬᠤ ᠭᠦᠢᠴᠡᠳᠬᠡᠬᠦ ᠲᠤᠭ᠎ᠠ ᠶᠢᠨ ᠰᠢᠰᠲ᠋ᠧᠮ ᠢ ᠰᠢᠯᠢᠳᠡᠭᠵᠢᠭᠦᠯᠦᠨ᠂ ᠬᠢᠨᠠᠨ ᠰᠢᠯᠭᠠᠬᠤ ᠬᠡᠯᠪᠡᠷᠢ ᠪᠠ ᠠᠷᠭ᠎ᠠ ᠶᠢ ᠲᠡᠭᠦᠯᠳᠡᠷᠵᠢᠭᠦᠯᠵᠦ᠂ ᠡᠩ ᠤᠨ ᠦᠶ᠎ᠡ ᠶᠢᠨ ᠬᠢᠨᠠᠨ ᠰᠢᠯᠭᠠᠬᠤ᠂ ᠣᠨ ᠤ ᠬᠢᠨᠠᠨ ᠰᠢᠯᠭᠠᠬᠤ᠂ ᠲᠤᠰᠬᠠᠢ ᠵᠦᠢᠯ ᠤᠨ ᠬᠢᠨᠠᠨ ᠰᠢᠯᠭᠠᠬᠤ᠂ ᠲᠤᠰᠢᠶᠠᠯ ᠤᠨ ᠬᠤᠭᠤᠴᠠᠭᠠᠨ ᠤ ᠬᠢᠨᠠᠨ ᠰᠢᠯᠭᠠᠬᠤ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠺᠠᠳ᠋ᠷ ᠢ ᠪᠦᠬᠦ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠣᠶᠢᠯᠠᠭᠠᠵᠤ᠂ ᠺᠠᠳ᠋ᠷ ᠤᠨ ᠴᠢᠬᠤᠯᠠ ᠶᠡᠭᠡ ᠡᠭᠦᠷᠭᠡ᠂ ᠴᠢᠬᠤᠯᠠ ᠶᠡᠭᠡ ᠲᠡᠮᠡᠴᠡᠯ ᠤᠨ ᠨᠢᠭᠡᠳᠦᠭᠡᠷ ᠹᠷᠣᠨᠲ ᠲᠠᠬᠢ ᠢᠯᠡᠷᠡᠯ ᠢ ᠠᠩᠬᠠᠷᠤᠨ ᠡᠵᠡᠮᠰᠢᠬᠦ ᠬᠡᠷᠡᠭᠳᠠᠢ᠃ ᠬᠢᠨᠠᠨ ᠰᠢᠯᠭᠠᠭᠰᠠᠨ ᠦᠷ᠎ᠡ ᠳ᠋ᠦᠩ ᠢ ᠬᠡᠷᠡᠭᠯᠡᠬᠦ ᠶᠢ ᠴᠢᠩᠭᠠᠳᠬᠠᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠺᠠᠳ᠋ᠷ ᠢ ᠰᠤᠩᠭᠤᠨ ᠳᠡᠪᠰᠢᠭᠦᠯᠵᠦ ᠬᠡᠷᠡᠭᠯᠡᠬᠦ᠂ ᠬᠥᠮᠦᠵᠢᠭᠦᠯᠬᠦ᠂ ᠬᠠᠮᠢᠶᠠᠷᠴᠤ ᠬᠢᠨᠠᠯᠲᠠ ᠲᠠᠯᠪᠢᠬᠤ᠂ ᠤᠷᠮᠠᠰᠢᠭᠤᠯᠵᠤ ᠬᠦᠯᠢᠶᠡᠰᠦᠯᠡᠬᠦ᠂ ᠬᠠᠷᠢᠭᠤᠴᠠᠯᠭ᠎ᠠ ᠲᠤᠯᠭᠠᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠯᠦᠭᠡ ᠤᠶᠠᠯᠳᠤᠭᠤᠯᠵᠤ᠂ ᠰᠠᠶᠢᠨ ᠨᠢ ᠲᠠᠪᠰᠢᠵᠤ᠂ ᠰᠢᠯᠢᠳᠡᠭ ᠨᠢ ᠱᠠᠩᠨᠠᠬᠳᠠᠵᠤ᠂ ᠶᠡᠷᠦᠮᠳᠡᠭ ᠨᠢ ᠪᠠᠭᠤᠵᠤ᠂ ᠠᠳᠠᠬ ᠨᠢ ᠰᠢᠭᠰᠢᠭᠳᠡᠬᠦ ᠵᠥᠪ ᠤᠳᠤᠷᠢᠳᠤᠮᠵᠢ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠳᠠᠢ᠃      ᠬᠤᠷᠢᠨ ᠳᠥᠷᠪᠡᠳᠦᠭᠡᠷ ᠵᠦᠢᠯ ᠮᠣᠷᠠᠯ ᠢ ᠲᠡᠷᠢᠭᠦᠨ ᠳᠤ ᠲᠠᠯᠪᠢᠬᠤ᠂ ᠡᠷᠳᠡᠮᠲᠡᠨ ᠴᠢᠳᠠᠪᠤᠷᠢᠳᠠᠨ ᠢ ᠬᠡᠷᠡᠭᠯᠡᠬᠦ᠂ ᠵᠤᠬᠢᠰᠳᠡᠢ ᠬᠦᠮᠦᠨ ᠢ ᠵᠤᠬᠢᠰᠳᠠᠢ ᠪᠠᠶᠢᠷᠢ ᠳᠤ ᠲᠤᠮᠢᠯᠠᠬᠤ ᠰᠣᠩᠭᠤᠨ ᠲᠠᠪᠰᠢᠬᠦᠯᠵᠤ ᠬᠡᠷᠡᠭᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠ ᠪᠣᠭᠤᠮᠲᠠ ᠶᠢ ᠰᠠᠬᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠥᠷᠥ ᠶᠢᠨ ᠪᠠᠷᠢᠮᠵᠢᠶ᠎ᠠ ᠶᠢ ᠲᠡᠷᠢᠭᠦᠨ ᠳᠤ ᠲᠠᠯᠪᠢᠵᠤ᠂ ᠤᠯᠤᠰ ᠲᠥᠷᠥ ᠶᠢᠨ ᠪᠣᠭᠤᠮᠲᠠ᠂ ᠵᠠᠩ ᠰᠤᠷᠲᠠᠯ ᠤᠨ ᠪᠣᠭᠤᠮᠲᠠ᠂ ᠴᠢᠳᠠᠪᠤᠷᠢ ᠶᠢᠨ ᠪᠣᠭᠤᠮᠲᠠ᠂ ᠰᠤᠷᠲᠠᠯ ᠤᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ ᠰᠠᠬᠢᠵᠤ᠂ ᠺᠠᠳ᠋ᠷ ᠢ ᠰᠤᠩᠭᠤᠨ ᠳᠡᠪᠰᠢᠭᠦᠯᠵᠦ ᠬᠡᠷᠡᠭᠯᠡᠬᠦ ᠵᠠᠷᠴᠢᠮ᠂ ᠨᠥᠬᠦᠴᠡᠯ᠂ ᠳᠡᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠺᠠᠳ᠋ᠷ ᠤᠨ ᠲᠤᠰᠢᠶᠠᠯ ᠤᠨ ᠬᠤᠭᠤᠴᠠᠭ᠎ᠠ᠂ ᠲᠤᠰᠢᠶᠠᠯ ᠳᠤ ᠲᠤᠮᠢᠯᠠᠬᠤ ᠳᠤ ᠤᠨᠴᠠᠭᠠᠢ ᠬᠠᠷᠢᠴᠠᠭ᠎ᠠ ᠠᠴᠠ ᠵᠠᠶᠢᠯᠠᠭᠤᠯᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠤ᠂ ᠦᠨᠳᠦᠰᠦᠨ ᠱᠠᠲᠤ ᠶᠢ ᠴᠢᠬᠤᠯᠠᠴᠢᠯᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠡᠭᠦᠷᠭᠡᠯᠡᠯ ᠢ ᠡᠷᠬᠢᠮᠯᠡᠨ ᠡᠭᠦᠷᠭᠡᠯᠡᠯ ᠢ ᠴᠢᠬᠤᠯᠠᠴᠢᠯᠠᠬᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠤᠯᠭᠠᠵᠤ᠂ ᠺᠠᠳ᠋ᠷ ᠢ ᠬᠢᠨᠠᠨ ᠪᠠᠶᠢᠴᠠᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠤ᠂ ᠨᠠᠷᠢᠨ ᠣᠨᠤᠴᠠᠳᠠᠢ ᠰᠢᠨᠵᠢᠯᠡᠬᠦ ᠤᠬᠠᠭᠠᠨᠴᠢ ᠪᠠᠷ ᠬᠥᠮᠦᠨ ᠰᠣᠩᠭᠤᠵᠤ ᠬᠥᠮᠦᠨ ᠬᠡᠷᠡᠭᠯᠡᠵᠤ᠂ ᠨᠠᠮ ᠪᠠ ᠠᠷᠠᠳ ᠲᠦᠮᠡᠨ ᠳᠤ ᠬᠡᠷᠡᠭᠴᠡᠭᠡ ᠲᠠᠢ ᠰᠠᠶᠢᠨ ᠺᠠᠳ᠋ᠷ ᠢ ᠦᠨᠡᠨ ᠬᠦ ᠰᠣᠩᠭᠤᠨ ᠬᠡᠷᠡᠭᠯᠡᠬᠦ ᠬᠡᠷᠡᠭᠳᠠᠢ᠃ ᠺᠠᠳ᠋ᠷ ᠢ ᠰᠤᠩᠭᠤᠨ ᠳᠡᠪᠰᠢᠭᠦᠯᠵᠦ ᠬᠡᠷᠡᠭᠯᠡᠬᠦ ᠠᠵᠢᠯ ᠤᠨ ᠪᠦᠬᠦ ᠶᠠᠪᠤᠴᠠ ᠳᠤ ᠬᠢᠨᠠᠯᠳᠠ ᠲᠠᠯᠪᠢᠬᠤ ᠶᠢ ᠴᠢᠩᠭᠠᠳᠬᠠᠵᠤ᠂ ᠰᠤᠷᠳᠠᠯ ᠴᠢᠭᠡᠴᠢ ᠤᠪᠤᠷ ᠲᠦᠪ ᠬᠥᠮᠦᠨ ᠰᠣᠩᠭᠤᠵᠤ ᠬᠥᠮᠦᠨ ᠬᠡᠷᠡᠭᠯᠡᠬᠦ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠳᠠᠢ᠃      ᠬᠥᠮᠦᠨ ᠰᠣᠩᠭᠤᠵᠤ ᠬᠥᠮᠦᠨ ᠬᠡᠷᠡᠭᠯᠡᠬᠦ ᠬᠠᠷᠠᠭᠠᠰᠤ ᠶᠢ ᠥᠷᠭᠡᠳᠬᠡᠵᠦ᠂ ᠣᠷᠣᠨ ᠨᠤᠲᠤᠭ ᠬᠢᠭᠡᠳ ᠰᠠᠯᠠᠭ᠎ᠠ ᠮᠥᠴᠢᠷ ᠤᠨ ᠬᠤᠭᠤᠷᠣᠨᠳᠣᠬᠢ᠂ ᠭᠠᠵᠠᠷ ᠣᠷᠣᠨ ᠤ ᠬᠤᠭᠤᠷᠣᠨᠳᠣᠬᠢ᠂ ᠰᠠᠯᠠᠭ᠎ᠠ ᠮᠥᠴᠢᠷ ᠤᠨ ᠬᠤᠭᠤᠷᠣᠨᠳᠣᠬᠢ᠂ ᠨᠠᠮ ᠵᠠᠰᠠᠭ ᠤᠨ ᠪᠠᠶᠢᠭᠤᠯᠭ᠎ᠠ ᠬᠢᠭᠡᠳ ᠤᠯᠤᠰ ᠤᠨ ᠥᠮᠴᠢᠯᠡᠯᠳᠤ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠢ ᠵᠢᠴᠢ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ ᠺᠠᠳ᠋ᠷ ᠤᠨ ᠰᠣᠯᠢᠯᠴᠠᠭ᠎ᠠ ᠶᠢ ᠠᠬᠢᠭᠤᠯᠵᠤ᠂ ᠲᠤᠰᠠᠯᠠᠨ ᠲᠣᠮᠢᠯᠠᠬᠤ᠂ ᠲᠦᠷ ᠴᠠᠭ ᠲᠤᠰᠢᠶᠠᠯ ᠡᠭᠦᠷᠭᠡᠯᠡᠭᠦᠯᠬᠦ ᠵᠡᠷᠭᠡ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠺᠠᠳ᠋ᠷ ᠢ ᠰᠤᠩᠭᠤᠨ ᠲᠤᠮᠢᠯᠠᠬᠤ ᠶᠢ ᠳᠡᠮᠵᠢᠬᠦ ᠡᠷᠴᠢᠮ ᠢ ᠴᠢᠩᠭᠠᠷᠠᠭᠤᠯᠬᠤ ᠬᠡᠷᠡᠭᠳᠠᠢ᠃      ᠬᠤᠷᠢᠨ ᠲᠠᠪᠤᠳᠤᠭᠠᠷ ᠵᠦᠢᠯ ᠦᠵᠡᠯ ᠰᠠᠨᠠᠭ᠎ᠠ ᠶᠢ ᠬᠠᠮᠢᠶᠠᠷᠬᠤ᠂ ᠠᠵᠢᠯ ᠢ ᠬᠠᠮᠢᠶᠠᠷᠬᠤ᠂ ᠰᠤᠷᠲᠠᠯ ᠢ ᠬᠠᠮᠢᠶᠠᠷᠬᠤ᠂ ᠰᠠᠬᠢᠯᠭ᠎ᠠ ᠪᠠᠲᠤ ᠶᠢ ᠬᠠᠮᠢᠶᠠᠷᠬᠤ ᠴᠢᠩᠭ᠎ᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠤᠳᠤᠷᠢᠳᠬᠤ ᠺᠠᠳ᠋ᠷᠴᠤᠳ ᠢᠯᠠᠩᠭᠤᠶ᠎ᠠ ᠨᠠᠮ ᠵᠠᠰᠠᠭ ᠤᠨ ᠵᠢᠩᠬᠢᠨᠢ ᠲᠤᠰᠢᠶᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠺᠠᠳ᠋ᠷᠴᠤᠳ ᠤᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠠᠷᠢᠮᠵᠢᠶ᠎ᠠ ᠶᠢ ᠵᠢᠷᠤᠮᠯᠠᠨ ᠰᠠᠬᠢᠬᠤ ᠵᠡᠷᠭᠡ ᠪᠠᠶᠢᠳᠠᠯ ᠳᠤ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠲᠤᠪᠤᠶᠢᠯᠭᠠᠨ᠎ᠠ᠃ ᠡᠷᠲᠡ ᠠᠴᠠ ᠠᠳᠬᠤᠵᠤ ᠪᠠᠭ᠎ᠠ ᠠᠴᠠ ᠠᠳᠬᠤᠵᠤ ᠪᠠᠶᠢᠩᠭᠤ ᠠᠳᠬᠤᠬᠤ ᠶᠢ ᠪᠠᠷᠢᠮᠲᠠᠯᠠᠵᠤ᠂ ᠡᠳᠦᠷ ᠲᠤᠳᠤᠮ ᠤᠨ ᠬᠠᠮᠢᠶᠠᠷᠤᠯᠲᠠ ᠪᠣᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠥᠷᠭᠡᠨ ᠤᠯᠠᠨ ᠺᠠᠳ᠋ᠷ ᠤᠨ ᠲᠦᠷᠢᠮ ᠲᠤᠬᠳᠠᠭᠠᠯ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠬᠡ ᠪᠠᠨ ᠬᠡᠷᠡᠭᠵᠢᠭᠦᠯᠵᠦ᠂ ᠠᠵᠢᠯ ᠢᠶᠠᠨ ᠥᠷᠨᠢᠭᠦᠯᠬᠦ ᠶᠢ ᠠᠬᠢᠭᠤᠯᠬᠤ ᠬᠡᠷᠡᠭᠲᠡᠢ᠃      ᠬᠤᠷᠢᠨ ᠵᠢᠷᠭᠤᠳᠤᠭᠠᠷ ᠵᠦᠢᠯ ᠪᠣᠳᠠᠲᠠᠢ ᠠᠵᠢᠯᠯᠠᠬᠤ ᠶᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠬᠦ ᠶᠢ ᠳᠠᠶᠢᠴᠢᠯᠠᠬᠤ᠂ ᠡᠷᠴᠢ ᠵᠣᠷᠢᠭ ᠢᠶᠠᠨ ᠬᠥᠪᠴᠢᠯᠡᠬᠦ ᠵᠥᠪ ᠲᠠᠯ᠎ᠠ ᠶᠢᠨ ᠤᠷᠮᠠᠰᠢᠭᠤᠯᠤᠨ ᠵᠣᠷᠢᠭᠵᠢᠭᠤᠯᠬᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠤᠨ ᠵᠣᠷᠢᠭᠵᠢᠭᠤᠯᠬᠤ ᠪᠠ ᠬᠦᠯᠢᠶᠡᠰᠦᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠳᠠᠭᠠᠨ ᠴᠢᠳᠠᠮᠠᠭᠠᠢ ᠺᠠᠳ᠋ᠷ ᠢ ᠤᠷᠮᠠᠰᠢᠭᠤᠯᠤᠨ ᠬᠠᠮᠠᠭᠠᠯᠠᠬᠤ ᠪᠠᠨ ᠴᠢᠩᠭᠠᠳᠬᠠᠵᠤ᠂ ᠬᠥᠮᠦᠨ ᠬᠡᠷᠡᠭᠯᠡᠬᠦ ᠵᠥᠪ ᠤᠳᠤᠷᠢᠳᠤᠮᠵᠢ ᠪᠠᠷ ᠠᠵᠢᠯ ᠬᠢᠵᠦ ᠦᠢᠯᠡᠰ ᠪᠤᠰᠬᠠᠬᠤ ᠤᠳᠤᠷᠢᠳᠤᠮᠵᠢ ᠶᠢ ᠬᠦᠳᠦᠯᠦᠨ ᠵᠢᠯᠣᠭᠤᠳᠤᠨ᠎ᠠ᠃ ᠬᠠᠷᠢᠭᠤᠴᠠᠯᠭ᠎ᠠ ᠲᠤᠯᠭᠠᠬᠳᠠᠬᠰᠠᠨ ᠪᠠ ᠰᠢᠢᠳᠬᠡᠯ ᠣᠯᠤᠭᠰᠠᠨ ᠺᠠᠳ᠋ᠷ ᠲᠤ ᠵᠥᠪ ᠢᠶᠠᠷ ᠬᠠᠨᠳᠤᠵᠤ᠂ ᠵᠦᠢ ᠵᠣᠬᠢᠰᠲᠠᠢ ᠬᠡᠷᠡᠭᠯᠡᠵᠦ᠂ ᠭᠦᠳᠬᠡᠭᠳᠡᠭᠰᠡᠨ ᠺᠠᠳ᠋ᠷ ᠤᠨ ᠶᠠᠪᠤᠳᠠᠯ ᠢ ᠲᠤᠲᠤᠷᠬᠠᠢᠢᠯᠠᠵᠤ ᠨᠡᠷ᠎ᠡ ᠲᠦᠷᠦ ᠶᠢ ᠨᠢ ᠰᠡᠷᠭᠦᠭᠡᠵᠦ ᠦᠭᠬᠦ ᠲᠦᠷᠢᠮ ᠢ ᠲᠡᠭᠦᠯᠳᠡᠷᠵᠢᠭᠦᠯᠵᠦ᠂ ᠬᠥᠬᠢᠭᠦᠯᠦᠨ ᠰᠠᠶᠢᠰᠢᠶᠠᠵᠤ ᠱᠠᠩᠨᠠᠬᠤ ᠲᠦᠷᠢᠮ ᠢ ᠪᠦᠷᠢᠨᠰᠢᠬᠦᠯᠵᠤ᠂ ᠺᠠᠳ᠋ᠷ ᠤᠨ ᠴᠠᠯᠢᠩ᠂ ᠠᠰᠠᠷᠠᠮᠵᠢ ᠪᠠ ᠳᠠᠭᠠᠳᠬᠠᠯ ᠤᠨ ᠲᠦᠷᠢᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠺᠠᠳ᠋ᠷ ᠤᠨ ᠪᠡᠶ᠎ᠡ ᠰᠡᠳᠬᠢᠴᠡ ᠶᠢᠨ ᠡᠷᠡᠭᠦᠯ ᠮᠠᠨᠳᠤ ᠶᠢ ᠬᠠᠯᠠᠮᠵᠢᠯᠠᠨ ᠬᠠᠶᠢᠷᠠᠯᠠᠵᠤ᠂ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠶᠠᠳᠠᠭᠤ ᠬᠦᠴᠢᠷᠳᠡᠯᠲᠡᠢ ᠨᠦᠬᠦᠴᠡᠯ ᠨᠢ ᠬᠠᠲᠠᠭᠤᠵᠢᠯᠲᠠᠢ ᠭᠠᠵᠠᠷ ᠣᠷᠣᠨ ᠤ ᠺᠠᠳ᠋ᠷ ᠲᠤ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠬᠡᠯᠪᠠᠶᠢᠯᠬᠡᠬᠦ ᠡᠷᠴᠢᠮ ᠢᠶᠠᠨ ᠴᠢᠩᠭᠠᠷᠠᠭᠤᠯᠵᠤ᠂ ᠥᠷᠭᠡᠨ ᠤᠯᠠᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠳᠤ ᠴᠢᠨᠡᠷ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠢ᠃      ᠬᠤᠷᠢᠨ ᠳᠣᠯᠣᠳᠤᠭᠠᠷ ᠵᠦᠢᠯ ᠨᠠᠮ ᠪᠠ ᠤᠯᠤᠰ ᠤᠨ ᠠᠵᠢᠯ ᠦᠢᠯᠡᠰ ᠤᠨ ᠠᠯᠤᠰ ᠭᠡᠳᠤ ᠶᠢᠨ ᠬᠥᠭᠵᠢᠯᠲᠡ ᠶᠢᠨ ᠬᠡᠷᠡᠭᠴᠡᠭᠡ ᠠᠴᠠ ᠡᠬᠦᠰᠴᠤ᠂ ᠢᠷᠡᠯᠳᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠬᠡᠯᠪᠡᠷᠢ ᠶᠢ ᠰᠠᠶᠢᠵᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠡᠯ᠎ᠡ ᠹᠷᠣᠨᠲ᠂ ᠡᠯ᠎ᠡ ᠬᠦᠷᠢᠶ᠎ᠡ ᠴᠠᠷᠠᠭ᠎ᠠ᠂ ᠡᠯ᠎ᠡ ᠠᠵᠢᠯ ᠲᠦᠷᠦᠯ ᠠᠴᠠ ᠰᠢᠯᠢᠳᠡᠭ ᠵᠠᠯᠠᠭᠤ ᠺᠠᠳ᠋ᠷ ᠢ ᠢᠯᠡᠷᠡᠭᠦᠯᠦᠨ ᠰᠣᠩᠭᠤᠨ ᠳᠡᠪᠰᠢᠭᠦᠯᠵᠦ᠂ ᠦᠰᠦᠨ ᠪᠤᠶᠢᠵᠢᠯᠳᠠ ᠶᠢᠨ ᠠᠷᠭ᠎ᠠ ᠵᠠᠮ ᠢ ᠰᠢᠯᠢᠳᠡᠭᠵᠢᠭᠦᠯᠦᠨ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠭᠰᠡᠨ᠂ ᠤᠷᠳᠤ ᠬᠤᠭᠤᠴᠠᠭ᠎ᠠ ᠪᠠᠷ ᠠᠩᠬᠠᠷᠤᠯ ᠲᠠᠯᠪᠢᠬᠤ ᠺᠠᠳ᠋ᠷ ᠤᠨ ᠪᠠᠶᠢᠩᠭᠤᠵᠢᠬᠰᠠᠨ ᠬᠥᠮᠦᠵᠢᠭᠦᠯᠦᠨ ᠪᠣᠯᠪᠠᠰᠤᠷᠠᠭᠤᠯᠬᠤ ᠲᠣᠭᠲᠠᠴᠠ ᠶᠢ ᠪᠠᠶᠢᠭᠤᠯᠵᠤ᠂ ᠴᠠᠭ ᠲᠤᠨᠢ ᠲᠤᠬᠢᠷᠠᠭᠤᠯᠤᠨ ᠬᠡᠷᠡᠭᠯᠡᠬᠦ᠂ ᠬᠥᠳᠡᠯᠦᠩᠭᠦᠢ ᠪᠠᠷ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠂ ᠰᠢᠯᠢᠳᠡᠭ ᠵᠠᠯᠠᠭᠤ ᠺᠠᠳ᠋ᠷ ᠤᠨ ᠴᠣᠯᠭᠤᠷᠠᠨ ᠭᠠᠷᠬᠤ ᠶᠢ ᠠᠬᠢᠭᠤᠯᠬᠤ ᠲᠦᠷᠢᠮ ᠠᠷᠭ᠎ᠠ ᠬᠡᠮᠵᠢ᠊ ᠡᠶ᠎ᠡ ᠶᠢ ᠪᠦᠷᠢᠨᠰᠢᠬᠦᠯᠵᠤ᠂ ᠵᠠᠯᠠᠭᠤ ᠺᠠᠳ᠋ᠷᠴᠤᠳ ᠤᠨ ᠦᠵᠡᠯ ᠰᠠᠨᠠᠭ᠎ᠠ ᠤᠨᠤᠯ ᠢᠶᠠᠷ ᠵᠡᠪᠰᠡᠭᠯᠡᠬᠦ ᠪᠠ ᠦᠨᠳᠦᠰᠦᠨ ᠱᠠᠲᠤᠨ ᠤ ᠦᠢᠯᠡᠳᠦᠯᠭᠡ ᠶᠢᠨ ᠳᠠᠪᠲᠠᠯᠲᠠ ᠪᠠᠨ ᠴᠢᠩᠭᠠᠳᠬᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠡᠯ᠎ᠡ ᠨᠠᠰᠤᠨ ᠤ ᠦᠶ᠎ᠠ ᠶᠢᠨ ᠺᠠᠳ᠋ᠷ ᠢ ᠰᠠᠶᠢᠲᠤᠷ ᠬᠡᠷᠡᠭᠯᠡᠵᠦ᠂ ᠺᠠᠳ᠋ᠷ ᠤᠨ ᠡᠩᠨᠡᠭᠡᠨ ᠤ ᠱᠠᠲᠤᠯᠢᠭ ᠪᠦᠲᠦᠴᠡ ᠶᠢ ᠰᠢᠯᠢᠳᠡᠭᠵᠢᠭᠦᠯᠦᠨ᠎ᠡ᠃ ᠡᠮᠡᠭᠲᠡᠢ ᠺᠠᠳ᠋ᠷ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠠ ᠨᠠᠮ ᠤᠨ ᠭᠠᠳᠠᠨᠠᠬᠢ ᠺᠠᠳ᠋ᠷ ᠢ ᠬᠥᠮᠦᠵᠢᠭᠦᠯᠵᠦ ᠰᠣᠩᠭᠤᠨ ᠳᠡᠪᠰᠢᠭᠦᠯᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠡ᠃      ᠬᠤᠷᠢᠨ ᠨᠠᠢᠮᠠᠳᠤᠭᠠᠷ ᠵᠦᠢᠯ ᠠᠯᠪᠠᠲᠠᠨ ᠤ ᠡᠩᠨᠡᠭᠡ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠴᠢᠩᠭᠠᠳᠬᠠᠵᠤ᠂ ᠨᠢᠭᠡᠳᠦᠯᠲᠡᠶ ᠵᠢᠷᠤᠮᠵᠢᠭᠰᠠᠨ ᠥᠨᠳᠥᠷ ᠦᠷ᠎ᠡ ᠪᠦᠲᠦᠮᠵᠢᠲᠡᠶ ᠠᠯᠪᠠᠲᠠᠨ ᠤ ᠠᠵᠢᠯ ᠤᠨ ᠤᠳᠤᠷᠢᠳᠬᠤ ᠪᠠᠶᠢᠭᠤᠯᠤᠮᠵᠢ ᠶᠢ ᠪᠦᠷᠢᠨᠰᠢᠭᠦᠯᠦᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠠᠯᠪᠠᠲᠠᠨ ᠤ ᠳᠦᠷᠢᠮ ᠢ ᠲᠡᠭᠦᠯᠳᠡᠷᠵᠢᠭᠦᠯᠦᠨ᠂ ᠲᠤᠰᠢᠶᠠᠯ ᠬᠢᠭᠡᠳ ᠲᠤᠰᠢᠶᠠᠯ ᠤᠨ ᠳᠡᠰ ᠢ ᠵᠡᠷᠭᠡᠴᠡᠭᠦᠯᠬᠦ᠂ ᠡᠯᠰᠡᠨ ᠬᠡᠷᠡᠭᠯᠡᠵᠦ ᠰᠣᠯᠢᠯᠴᠠᠬᠤ᠂ ᠬᠢᠨᠠᠨ ᠰᠢᠯᠭᠠᠵᠤ ᠱᠠᠩᠨᠠᠵᠤ ᠲᠣᠷᠭᠠᠬᠤ᠂ ᠪᠣᠯᠪᠠᠰᠤᠷᠠᠯ ᠬᠦᠷᠳᠡᠬᠡᠵᠤ ᠬᠢᠨᠠᠯᠲᠠ ᠲᠠᠯᠪᠢᠬᠤ ᠵᠡᠷᠭᠡ ᠳᠦᠷᠢᠮ ᠢ ᠪᠦᠷᠢᠨᠰᠢᠭᠦᠯᠵᠦ᠂ ᠵᠢᠷᠤᠮᠵᠢᠭᠰᠠᠨ ᠪᠦᠷᠢᠨ ᠲᠥᠬᠦᠷ ᠠᠯᠪᠠᠲᠠᠨ ᠤ ᠬᠠᠮᠢᠶᠠᠷᠤᠯᠲᠠ ᠶᠢᠨ ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠨ᠂ ᠠᠯᠪᠠᠲᠠᠨ ᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠪᠦᠲᠦᠮᠵᠢᠲᠤ ᠲᠣᠭᠲᠠᠴᠠ ᠶᠢ ᠪᠦᠷᠢᠨᠰᠢᠭᠦᠯᠦᠨ᠎ᠡ᠃ ᠠᠯᠪᠠᠲᠠᠨ ᠢ ᠲᠥᠷᠥᠯ ᠬᠤᠪᠢᠶᠠᠨ ᠬᠠᠮᠢᠶᠠᠷᠬᠤ ᠶᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠬᠦᠴᠦᠨ ᠴᠢᠳᠠᠪᠤᠷᠢ ᠪᠣᠯᠤᠨ ᠰᠢᠨᠵᠢᠯᠡᠬᠦ ᠤᠬᠠᠭᠠᠨᠴᠢᠯᠠᠯᠳᠠ ᠶᠢᠨ ᠲᠦᠪᠰᠢᠨ ᠢ ᠳᠡᠭᠡᠭᠰᠢᠯᠡᠭᠦᠯᠦᠨ᠎ᠡ᠃      ᠬᠤᠷᠢ ᠶᠢᠰᠦᠳᠦᠭᠡᠷ ᠵᠦᠢᠯ ᠺᠠᠳ᠋ᠷ ᠤᠨ ᠠᠵᠢᠯ ᠠᠴᠠ ᠪᠠᠨ ᠠᠮᠠᠷᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠠᠴᠠ ᠪᠠᠨ ᠲᠠᠷᠬᠠᠯᠠᠬᠳᠠᠵᠤ ᠠᠵᠢᠯ ᠠᠴᠠ ᠪᠠᠨ ᠠᠮᠠᠷᠠᠬᠰᠠᠨ ᠺᠠᠳ᠋ᠷ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠪᠣᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠤᠬᠴᠠᠯᠠᠯᠳᠠ ᠶᠢ ᠴᠢᠩᠭᠠᠳᠬᠠᠵᠤ᠂ ᠠᠵᠢᠯ ᠠᠴᠠ ᠪᠠᠨ ᠲᠠᠷᠬᠠᠯᠠᠬᠳᠠᠵᠤ ᠠᠵᠢᠯ ᠠᠴᠠ ᠪᠠᠨ ᠠᠮᠠᠷᠠᠬᠰᠠᠨ ᠺᠠᠳ᠋ᠷ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠲᠡᠭᠦᠯᠳᠡᠷᠵᠢᠭᠦᠯᠬᠦ ᠪᠠ ᠰᠢᠨ᠎ᠡ ᠶᠢ ᠡᠭᠦᠳᠴᠦ᠂ ᠠᠵᠢᠯ ᠠᠴᠠ ᠪᠠᠨ ᠲᠠᠷᠬᠠᠯᠠᠬᠳᠠᠵᠤ ᠠᠵᠢᠯ ᠠᠴᠠ ᠪᠠᠨ ᠠᠮᠠᠷᠠᠬᠰᠠᠨ ᠺᠠᠳ᠋ᠷ ᠤᠨ ᠦᠢᠯᠡᠳᠦᠯ ᠢᠶᠠᠨ ᠪᠠᠳᠠᠷᠠᠭᠤᠯᠬᠤ ᠶᠢ ᠵᠣᠬᠢᠶᠠᠨ ᠪᠠᠶᠢᠭᠤᠯᠵᠦ ᠬᠥᠲᠥᠯᠥᠨ ᠵᠢᠯᠣᠭᠤᠳᠤᠨ᠎ᠠ᠃      ᠭᠤᠴᠢᠳᠤᠭᠠᠷ ᠵᠦᠢᠯ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ ᠢ ᠨᠢᠭᠡᠳᠦᠯᠲᠡᠶ ᠬᠠᠮᠢᠶᠠᠷᠬᠤ ᠠᠵᠢᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠤᠳᠤᠷᠢᠳᠤᠯᠭ᠎ᠠ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠬᠦ ᠬᠤᠯᠪᠤᠬᠳᠠᠯ ᠪᠥᠬᠦᠶ ᠠᠵᠢᠯ ᠢ ᠰᠠᠶᠢᠲᠤᠷ ᠬᠢᠵᠦ᠂ ᠺᠠᠳ᠋ᠷ ᠪᠣᠯᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠦ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠬᠢᠬᠡᠳ ᠺᠠᠳ᠋ᠷ ᠤᠨ ᠬᠠᠮᠢᠶᠠᠷᠤᠯᠲᠠ ᠶᠢ ᠣᠷᠭᠠᠨᠢᠭ ᠢᠶᠠᠷ ᠵᠣᠯᠭᠠᠯᠴᠠᠭᠤᠯᠬᠤ ᠶᠢ ᠪᠠᠲᠤᠯᠠᠬᠤ ᠬᠡᠷᠡᠭᠲᠡᠶ᠃      ᠲᠠᠪᠤᠳᠤᠭᠠᠷ ᠪᠦᠯᠦᠭ ᠴᠢᠳᠠᠪᠤᠷᠢᠲᠠᠨ ᠤ ᠠᠵᠢᠯ      ᠭᠤᠴᠢᠨ ᠨᠢᠭᠡᠳᠦᠭᠡᠷ ᠵᠦᠢᠯ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠴᠢᠳᠠᠪᠤᠷᠢᠲᠠᠨ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠵᠢᠮ᠎ᠡ ᠶᠣᠰᠣ ᠪᠠ ᠴᠢᠳᠠᠪᠤᠷᠢᠲᠠᠨ ᠤ ᠦᠰᠦᠨ ᠪᠤᠶᠢᠵᠢᠯᠳᠠ ᠶᠢᠨ ᠵᠢᠮ᠎ᠡ ᠶᠣᠰᠣ ᠶᠢ ᠵᠢᠷᠤᠮᠯᠠᠵᠤ᠂ ᠴᠢᠳᠠᠪᠤᠷᠢᠲᠠᠨ ᠤ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠦᠵᠡᠯ ᠰᠠᠨᠠᠭ᠎ᠠ ᠣᠶᠢᠯᠠᠭᠠᠭᠳᠠᠬᠤᠨ ᠪᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠰᠢᠨᠵᠢᠯᠡᠬᠦ ᠤᠬᠠᠭᠠᠨᠴᠢ ᠵᠢᠷᠤᠮᠵᠢᠬᠰᠡᠨ᠂ ᠨᠡᠭᠡᠭᠡᠯᠲᠡ ᠲᠠᠢ ᠪᠠᠭᠲᠠᠭᠠᠮᠵᠢᠲᠠᠶ᠂ ᠠᠵᠢᠯᠯᠠᠭᠠᠨ ᠨᠢ ᠥᠨᠳᠥᠷ ᠪᠦᠲᠦᠮᠵᠢᠲᠡᠶ ᠴᠢᠳᠠᠪᠤᠷᠢᠲᠠᠨ ᠤ ᠬᠥᠭᠵᠢᠯᠲᠡ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠴᠢᠳᠠᠪᠤᠷᠢᠲᠠᠨ ᠢ ᠪᠥᠬᠦ ᠲᠠᠯ᠎ᠠ ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠶᠢᠲᠤᠷ ᠬᠡᠷᠡᠭᠯᠡᠵᠦ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠦᠭᠰᠡᠨ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠬᠦᠴᠦᠯᠡᠨ ᠲᠥᠪᠯᠡᠷᠡᠭᠦᠯᠵᠦ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠦᠭᠵᠢᠯᠲᠡ ᠶᠢᠨ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃      ᠭᠤᠴᠢᠨ ᠬᠤᠶᠠᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠴᠢᠳᠠᠪᠤᠷᠢᠲᠠᠨ ᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠦᠷᠦᠭᠦᠯᠡᠨ ᠶᠡᠷᠦᠩᠬᠡᠢ ᠳᠤᠨᠢ ᠠᠳᠬᠤᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠬᠰᠠᠨ᠂ ᠬᠥᠮᠦᠨ ᠬᠡᠷᠡᠭᠯᠡᠬᠦ ᠨᠢᠭᠡᠴᠢ ᠭᠤᠤᠯ ᠴᠣᠭᠴᠠ  ᠶᠢᠨ ᠦᠢᠯᠡᠳᠦᠯ  ᠢᠶᠠᠨ ᠪᠠᠳᠠᠷᠠᠭᠤᠯᠤᠬᠰᠠᠨ᠂ ᠨᠡᠶᠢᠭᠡᠮ  ᠤᠨ ᠬᠦᠴᠦᠨ ᠥᠷᠭᠡᠨ  ᠢᠶᠠᠷ ᠣᠷᠣᠯᠴᠠᠬᠰᠠᠨ ᠨᠠᠮ  ᠠᠴᠠ ᠴᠢᠳᠠᠪᠤᠷᠢᠲᠠᠨ  ᠢ ᠬᠠᠮᠢᠶᠠᠷᠬᠤ ᠠᠵᠢᠯ ᠤᠨ ᠪᠠᠶᠢᠷᠢᠰᠢᠯ  ᠢ ᠪᠤᠢ ᠪᠣᠯᠭᠠᠨ᠎ᠠ᠃      ᠨᠠᠮ ᠤᠨ ᠲᠥᠪ ᠬᠤᠷᠢᠶ᠎ᠠ ᠠᠴᠠ ᠲᠥᠪ ᠤᠨ ᠴᠢᠳᠠᠪᠤᠷᠢᠲᠠᠨ ᠤ ᠠᠵᠢᠯ ᠤᠨ ᠵᠣᠬᠢᠴᠠᠭᠤᠯᠬᠤ ᠳᠤᠭᠤᠶᠢᠯᠠᠩ ᠢ ᠪᠠᠶᠢᠭᠤᠯᠵᠤ᠂ ᠪᠦᠬᠦ ᠤᠯᠤᠰ ᠤᠨ ᠴᠢᠳᠠᠪᠤᠷᠢᠲᠠᠨ ᠤ ᠠᠵᠢᠯ ᠪᠣᠯᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ ᠬᠤᠷᠸ᠎ᠠ ᠵᠢᠯᠤᠭᠤᠳᠤᠯᠭ᠎ᠠ ᠬᠢᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠲᠦᠷᠦ ᠶᠢᠨ ᠪᠤᠳᠤᠯᠭ᠎ᠠ ᠶᠢᠨ ᠰᠢᠨ᠎ᠡ ᠶᠢ ᠡᠭᠦᠳᠴᠦ᠂ ᠭᠤᠣᠯᠳᠠᠯᠭ᠎ᠠ ᠲᠠᠢ ᠠᠬᠢᠭᠤᠯᠵᠤ᠂ ᠱᠠᠯᠠᠪᠳᠠᠭᠤᠯᠤᠨ ᠪᠠᠶᠢᠴᠠᠭᠠᠨ᠎ᠠ᠃ ᠲᠥᠪ ᠤᠨ ᠴᠢᠳᠠᠪᠤᠷᠢᠲᠠᠨ ᠤ ᠠᠵᠢᠯ ᠢ ᠵᠣᠬᠢᠴᠠᠭᠤᠯᠬᠤ ᠳᠤᠭᠤᠶᠢᠯᠠᠩ ᠤᠨ ᠳᠣᠣᠷ᠎ᠠ ᠪᠠᠨ ᠠᠯᠪᠠᠨ ᠭᠡᠷ ᠲᠤᠬᠢᠷᠠᠭᠤᠯᠵᠦ᠂ ᠲᠥᠪ ᠤᠨ ᠴᠢᠳᠠᠪᠤᠷᠢᠲᠠᠨ ᠤ ᠠᠵᠢᠯ ᠢ ᠵᠣᠬᠢᠴᠠᠭᠤᠯᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ ᠰᠢᠶ᠋ᠳᠪᠦᠷᠢᠯᠡᠨ᠎ᠡ᠃ ᠲᠥᠪ ᠤᠨ ᠴᠢᠳᠠᠪᠤᠷᠢᠲᠠᠨ ᠤ ᠠᠵᠢᠯ ᠢ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠢ ᠲᠥᠪ ᠤᠨ ᠵᠣᠬᠢᠶᠠᠨ ᠪᠠᠶᠢᠭᠤᠯᠬᠤ ᠬᠡᠯᠲᠡᠰ ᠲᠤ ᠪᠠᠶᠢᠭᠤᠯᠤᠨ᠎ᠠ᠃      ᠣᠷᠣᠨ ᠨᠤᠲᠤᠭ ᠤᠨ ᠨᠠᠮ ᠤᠨ ᠬᠤᠷᠢᠶ᠎ᠠ ᠴᠢᠳᠠᠪᠤᠷᠢᠲᠠᠨ ᠤ ᠠᠵᠢᠯ ᠢ ᠤᠳᠤᠷᠢᠳᠬᠤ ︵ᠵᠣᠬᠢᠴᠠᠭᠤᠯᠬᠤ︶ ᠪᠠᠶᠢᠭᠤᠯᠤᠮᠵᠢ ᠶᠢ ᠲᠤᠬᠢᠷᠠᠭᠤᠯᠵᠤ᠂ ᠲᠤᠰ ᠭᠠᠵᠠᠷ ᠣᠷᠣᠨ ᠤ ᠪᠠᠨ ᠴᠢᠳᠠᠪᠤᠷᠢᠲᠠᠨ ᠤ ᠠᠵᠢᠯ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ᠎ᠠ᠃ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠠᠷᠢᠶ᠎ᠠ ᠰᠢᠰᠲ᠋ᠧᠮ ᠤᠨ ᠳᠣᠲᠣᠷᠠᠬᠢ ᠴᠢᠳᠠᠪᠤᠷᠢᠲᠠᠨ ᠤ ᠠᠵᠢᠯ ᠢ ᠡᠭᠦᠷᠭᠡᠯᠡᠬᠦ ᠡᠬᠦᠷᠬᠡ ᠲᠤᠰᠢᠶᠠᠯ ᠨᠡᠯᠢᠶᠡᠳ ᠣᠯᠠᠨ ᠪᠤᠶᠤ ᠴᠢᠳᠠᠪᠤᠷᠢᠲᠠᠨ ᠨᠡᠯᠢᠶᠡᠳ ᠲᠥᠪᠯᠡᠷᠡᠭᠰᠡᠨ ᠡᠭᠦᠷᠭᠡ ᠲᠤᠰᠢᠶᠠᠯᠳᠤ ᠰᠠᠯᠠᠭ᠎ᠠ ᠮᠥᠴᠢᠷ ᠨᠢ ᠪᠣᠳᠠᠲᠠᠶ ᠪᠠᠶᠢᠳᠠᠯ ᠢᠶᠠᠨ ᠦᠨᠳᠦᠰᠦᠯᠡᠨ ᠴᠢᠳᠠᠪᠤᠷᠢᠲᠠᠨ ᠤ ᠠᠵᠢᠯ ᠤᠨ ᠤᠳᠤᠷᠢᠳᠬᠤ ᠪᠠᠶᠢᠭᠤᠯᠤᠮᠵᠢ ᠪᠣᠯᠤᠨ ᠬᠡᠷᠡᠭ ᠡᠷᠬᠢᠯᠡᠬᠦ ᠪᠠᠶᠢᠭᠤᠯᠤᠮᠵᠢ ᠶᠢ ᠪᠠᠶᠢᠭᠤᠯᠵᠤ ᠪᠣᠯᠤᠨ᠎ᠠ᠃      ᠭᠤᠴᠢᠨ ᠭᠤᠷᠪᠠᠳᠤᠭᠠᠷ ᠵᠦᠢᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠤᠷᠸ᠎ᠠ ᠲᠥᠯᠦᠪᠵᠢᠭᠦᠯᠬᠡ ᠶᠢ ᠴᠢᠩᠭᠠᠳᠬᠠᠵᠤ᠂ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠤᠯᠪᠠᠰᠤᠷᠠᠯ ᠲᠠᠢ ᠦᠯᠡᠮᠵᠢ ᠤᠯᠠᠨ ᠴᠢᠳᠠᠪᠤᠷᠢᠲᠠᠨ ᠢ ᠬᠥᠮᠦᠵᠢᠭᠦᠯᠦᠨ ᠪᠤᠯᠪᠠᠰᠤᠷᠠᠭᠤᠯᠤᠨ᠎ᠠ᠃ ᠳᠡᠭᠡᠳᠦ ᠲᠡᠰ ᠢᠶᠠᠷ ᠬᠦᠳᠦᠯᠥᠨ ᠳᠠᠭᠠᠭᠤᠯᠬᠤ᠂ ᠪᠦᠬᠦᠯᠢ ᠴᠣᠭᠴᠠ ᠪᠠᠷ ᠨᠡᠭᠡᠭᠡᠨ ᠬᠥᠭᠵᠢᠭᠦᠯᠬᠦ ᠶᠢ ᠪᠠᠷᠢᠮᠲᠠᠯᠠᠵᠤ᠂ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠬᠦᠷᠢᠶ᠎ᠠ ᠴᠠᠷᠠᠭᠠᠨ ᠳᠠᠬᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃      ᠭᠤᠴᠢᠨ ᠳᠥᠷᠪᠡᠳᠦᠭᠡᠷ ᠵᠦᠢᠯ ᠪᠦᠬᠦ ᠪᠥᠮᠪᠥᠷᠴᠡᠭ ᠤᠨ ᠬᠠᠷᠠᠭᠠᠰᠤ ᠪᠠ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢ ᠪᠤᠢ ᠪᠣᠯᠭᠠᠵᠤ᠂ ᠨᠡᠩ ᠢᠳᠡᠪᠬᠢᠲᠡᠢ᠂ ᠨᠡᠩ ᠨᠡᠭᠡᠭᠡᠯᠲᠡᠲᠡᠢ᠂ ᠨᠡᠩ ᠪᠦᠲᠦᠮᠵᠢᠲᠡᠢ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠬᠡᠷᠡᠭᠯᠡᠬᠦ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠳᠡᠯᠡᠬᠡᠢ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠨ᠎ᠡ᠃ ᠴᠢᠳᠠᠪᠤᠷᠢᠲᠠᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠰᠢᠶ᠋ᠳᠪᠦᠷᠢᠯᠡᠬᠦ ᠴᠢᠨᠠᠷᠲᠠᠶ ᠦᠢᠯᠡᠳᠦᠯ ᠢ ᠭᠦᠶ᠋ᠴᠡᠳ ᠪᠠᠳᠠᠷᠠᠭᠤᠯᠬᠤ ᠪᠠ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠴᠢᠳᠠᠪᠤᠷᠢᠲᠠᠨ ᠤ ᠬᠠᠲᠠᠭᠤᠵᠢᠯᠲᠠᠶ᠂ ᠬᠢᠯᠢ ᠬᠢᠵᠠᠭᠠᠷ ᠣᠷᠣᠨ ᠪᠣᠯᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠶᠢᠰᠢ ᠰᠢᠯᠵᠢᠬᠦ ᠶᠢ ᠵᠣᠷᠢᠭᠵᠢᠭᠤᠯᠵᠦ ᠬᠥᠲᠥᠯᠥᠨ ᠵᠢᠯᠣᠭᠤᠳᠤᠨ᠎ᠠ᠃      ᠭᠤᠴᠢᠨ ᠲᠠᠪᠤᠳᠤᠭᠠᠷ ᠵᠦᠢᠯ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠪᠠ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠵᠣᠬᠢᠴᠠᠩᠭᠤᠢ ᠪᠠᠷ ᠠᠬᠢᠭᠤᠯᠵᠤ᠂ ᠥᠭᠦᠯᠡᠯ ᠢ ᠯᠡ ᠦᠵᠡᠬᠦ᠂ ᠮᠡᠷᠭᠡᠵᠢᠯ ᠤᠨ ᠴᠣᠯᠠ ᠶᠢ ᠯᠠ ᠦᠵᠡᠬᠦ᠂ ᠰᠤᠷᠤᠯᠭ᠎ᠠ ᠶᠢᠨ ᠨᠠᠮᠲᠠᠷ ᠢ ᠯᠠ ᠦᠵᠡᠬᠦ᠂ ᠱᠠᠩᠨᠠᠯ ᠤᠯᠤᠬᠰᠠᠨ ᠡᠰᠡᠬᠦ ᠶᠢ ᠯᠡ ᠦᠵᠡᠬᠦ ᠶᠠᠪᠤᠳᠠᠯ ᠢ ᠡᠷᠡᠰ ᠲᠡᠪᠴᠢᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠰᠢᠯᠵᠢᠭᠦᠯᠬᠦ᠂ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠲᠠᠲᠠᠬᠤ ᠬᠦᠴᠦᠨ ᠪᠠ ᠳᠡᠯᠡᠬᠡᠢ ᠳᠡᠭᠡᠷ᠎ᠡ ᠦᠷᠢᠰᠦᠯᠳᠦᠬᠦ ᠬᠦᠴᠦᠨ ᠪᠦᠬᠦᠢ ᠴᠢᠳᠠᠪᠤᠷᠢᠲᠠᠨ ᠤ ᠳᠦᠷᠢᠮ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠥᠮᠦᠨ ᠬᠡᠷᠡᠭᠯᠡᠬᠦ ᠭᠤᠤᠯ ᠴᠣᠭᠴᠠ ᠳᠤ ᠡᠷᠬᠡ ᠪᠠᠨ ᠲᠠᠯᠪᠢᠨ ᠥᠭᠴᠦ᠂ ᠴᠢᠳᠠᠪᠤᠷᠢᠲᠠᠨ ᠤ ᠬᠦᠯᠢᠶᠡᠰᠦ ᠶᠢ ᠠᠯᠳᠠᠷᠠᠭᠠᠵᠤ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃      ᠭᠤᠴᠢᠨ ᠵᠢᠷᠭᠤᠳᠤᠭᠠᠷ ᠵᠦᠢᠯ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠪᠠᠳᠠᠷᠠᠭᠤᠯᠵᠤ᠂ ᠡᠯ᠎ᠡ ᠲᠠᠯ᠎ᠠ ᠶᠢᠨ ᠴᠢᠳᠠᠪᠤᠷᠢᠲᠠᠨ ᠢ ᠤᠯᠤᠰ ᠲᠦᠷᠦ ᠪᠠᠷ ᠬᠥᠲᠥᠯᠥᠨ ᠳᠠᠭᠠᠭᠤᠯᠬᠤ ᠪᠠ ᠤᠯᠤᠰ ᠲᠦᠷᠦ ᠪᠠᠷ ᠰᠢᠩᠭᠡᠭᠡᠨ ᠠᠪᠬᠤ ᠶᠢ ᠴᠢᠩᠭᠠᠳᠬᠠᠵᠤ᠂ ᠥᠷᠭᠡᠨ ᠤᠯᠠᠨ ᠴᠢᠳᠠᠪᠤᠷᠢᠲᠠᠨ ᠤ ᠤᠯᠤᠰ ᠢᠶᠠᠨ ᠬᠠᠶᠢᠷᠠᠯᠠᠵᠤ ᠬᠠᠷᠠᠮ ᠦᠭᠡᠢ ᠵᠣᠷᠢᠭᠤᠯᠬᠤ᠂ ᠵᠣᠷᠢᠭᠲᠠᠶ ᠪᠠᠷ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠢ ᠬᠥᠲᠥᠯᠥᠨ ᠵᠢᠯᠣᠭᠤᠳᠤᠨ᠎ᠠ᠃ ᠨᠠᠮ ᠤᠨ ᠬᠤᠷᠢᠶ᠎ᠠ ᠲᠤᠰᠬᠠᠢ ᠮᠡᠷᠭᠡᠵᠢᠯᠲᠡᠨ ᠲᠠᠢ ᠬᠠᠷᠢᠯᠴᠠᠵᠤ ᠳᠡᠳᠡᠨ ᠳᠤ ᠦᠢᠯᠡᠴᠢᠯᠡᠬᠦ ᠲᠦᠷᠢᠮ ᠢ ᠪᠠᠷᠢᠮᠲᠠᠯᠠᠨ᠂ ᠤᠳᠤᠷᠢᠳᠬᠤ ᠺᠠᠳ᠋ᠷᠴᠤᠳ ᠤᠨ ᠴᠢᠳᠠᠪᠤᠷᠢᠲᠠᠨ ᠲᠠᠢ ᠰᠢᠭᠤᠳ ᠬᠠᠷᠢᠯᠴᠠᠵᠤ ᠲᠡᠳᠡᠨ ᠳᠤ ᠦᠢᠯᠡᠴᠢᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠲᠤᠬᠠᠢ ᠰᠠᠨᠠᠯ ᠰᠠᠨᠠᠭᠤᠯᠭ᠎ᠠ ᠶᠢ ᠴᠠᠭ ᠲᠤᠬᠠᠢ ᠳᠤᠨᠢ ᠰᠣᠨᠣᠰᠴᠤ᠂ ᠴᠢᠳᠠᠪᠤᠷᠢᠲᠠᠨ ᠤ ᠠᠵᠢᠯ ᠠᠮᠢᠳᠤᠷᠠᠯ ᠢ ᠬᠠᠯᠠᠮᠵᠢᠯᠠᠨ᠎ᠠ᠃      ᠭᠤᠴᠢᠨ ᠳᠣᠯᠣᠳᠤᠭᠠᠷ ᠵᠦᠢᠯ ᠴᠢᠳᠠᠪᠤᠷᠢᠲᠠᠨ ᠤ ᠲᠤᠬᠠᠢ ᠴᠢᠩᠭ᠎ᠠ ᠤᠬᠠᠮᠰᠠᠷ ᠢ ᠪᠤᠢ ᠪᠣᠯᠭᠠᠵᠤ᠂ ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠰᠢᠯᠢᠳᠡᠭ ᠴᠢᠳᠠᠪᠤᠷᠢᠲᠠᠨ ᠪᠠ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠴᠢᠩᠭᠠᠳᠬᠠᠵᠤ᠂ ᠬᠥᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠢᠯᠠᠭᠳᠠᠯ ᠢ ᠠᠭᠤᠴᠢᠯᠠᠵᠤ᠂ ᠬᠥᠮᠦᠨ ᠪᠦᠬᠦᠨ ᠴᠢᠳᠠᠪᠤᠷᠢᠲᠠᠨ ᠪᠤᠯᠵᠤ ᠪᠣᠯᠬᠤ᠂ ᠬᠥᠮᠦᠨ ᠪᠦᠬᠦᠨ ᠡᠷᠳᠡᠮ ᠴᠢᠳᠠᠪᠤᠷᠢ ᠪᠠᠨ ᠭᠦᠢᠴᠡᠳ ᠪᠠᠳᠠᠷᠠᠭᠤᠯᠤᠬᠰᠠᠨ ᠠᠮᠢᠳᠤᠯᠢᠭ ᠪᠠᠶᠢᠳᠠᠯ ᠢ ᠪᠤᠢ ᠪᠣᠯᠭᠠᠨ᠎ᠠ᠃      ᠵᠢᠷᠭᠤᠳᠤᠭᠠᠷ ᠪᠦᠯᠦᠭ ᠪᠠᠲᠤᠯᠠᠭ᠎ᠠ ᠪᠠ ᠬᠢᠨᠠᠯᠲᠠ      ᠭᠤᠴᠢᠨ ᠨᠠᠢᠮᠠᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠣᠬᠢᠶᠠᠨ ᠪᠠᠶᠢᠭᠤᠯᠤᠯᠲᠠ ᠶᠢᠨ ᠠᠵᠢᠯ ᠳᠠᠬᠢ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠢᠶᠠᠨ ᠥᠷᠨᠢᠭᠦᠯᠬᠦ ᠶᠢ ᠬᠠᠯᠠᠮᠵᠢᠯᠠᠨ ᠲᠡᠮᠵᠢᠵᠦ᠂ ᠪᠠᠶᠢᠭᠤᠯᠤᠮᠵᠢ ᠶᠢᠨ ᠣᠷᠣᠨ ᠲᠤᠭ᠎ᠠ ᠶᠢ ᠵᠣᠬᠢᠰᠲᠠᠢ ᠲᠤᠬᠢᠷᠠᠭᠤᠯᠤᠨ᠂ ᠠᠵᠢᠯ ᠤᠨ ᠬᠦᠴᠦᠨ ᠢ ᠲᠡᠭᠦᠯᠳᠡᠷᠵᠢᠭᠦᠯᠵᠦ᠂ ᠴᠢᠬᠤᠯᠠ ᠪᠦᠬᠦᠢ ᠠᠵᠢᠯ ᠤᠨ ᠨᠥᠬᠦᠴᠡᠯ ᠪᠠ ᠵᠠᠷᠤᠳᠠᠯ ᠤᠨ ᠪᠠᠲᠤᠯᠠᠭ᠎ᠠ ᠬᠠᠩᠭᠠᠵᠤ ᠂ ᠡᠯ᠎ᠡ ᠲᠠᠯ᠎ᠠ ᠶᠢᠨ ᠬᠢᠨ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠬᠠᠮᠳᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠵᠠᠷᠴᠢᠮ ᠢ ᠪᠠᠷᠢᠮᠲᠠᠯᠠᠳᠠᠭ᠂ ᠲᠥᠪ ᠭᠤᠣᠯᠴᠢ᠂ ᠨᠠᠮ ᠤᠨ ᠠᠵᠢᠯ ᠤᠨ ᠥᠩᠭᠡᠷᠡᠯᠲᠡ ᠲᠠᠢ ᠺᠠᠳ᠋ᠷ ᠢ ᠰᠣᠩᠭᠤᠨ ᠳᠡᠪᠰᠢᠭᠦᠯᠵᠦ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ ᠪᠣᠯᠭᠠᠬᠤ ᠶᠢ ᠴᠢᠬᠤᠯᠠᠴᠢᠯᠠᠨ᠎ᠠ᠃      ᠭᠤᠴᠢ ᠶᠢᠰᠦᠳᠦᠭᠡᠷ ᠵᠦᠢᠯ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠠᠮ ᠤᠨ ᠲᠥᠪ ᠬᠤᠷᠢᠶ᠎ᠠ ᠵᠢᠴᠢ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠡᠯᠳᠡᠰ ᠤᠨ ᠶᠠᠪᠤᠳᠠᠯ ᠤᠨ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠬᠡᠷᠡᠭ ᠵᠥᠪᠯᠡᠬᠦ ᠲᠦᠷᠢᠮ ᠪᠠ ᠵᠢᠷᠤᠮ ᠢ ᠪᠦᠷᠢᠨᠰᠢᠬᠦᠯᠤᠨ᠂ ᠬᠡᠯᠳᠡᠰ ᠤᠨ ᠶᠠᠪᠤᠳᠠᠯ ᠤᠨ ᠬᠤᠷᠠᠯ ᠤᠨ ᠬᠠᠮᠲᠤ ᠶᠢᠨ ᠤᠳᠤᠷᠢᠳᠤᠯᠭ᠎ᠠ ᠪᠠ ᠪᠣᠭᠤᠮᠲᠠ ᠰᠠᠬᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ᠳᠥᠴᠢᠳᠦᠭᠡᠷ ᠵᠦᠢᠯ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠲᠣᠭᠲᠠᠴᠠ ᠪᠠᠨ ᠪᠦᠷᠢᠨᠰᠢᠭᠦᠯᠦᠨ᠂ ᠠᠵᠢᠯ ᠤᠨ ᠶᠠᠪᠤᠴᠠ ᠪᠠᠨ ᠰᠢᠯᠢᠳᠡᠭᠵᠢᠭᠦᠯᠵᠦ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠨ᠂ ᠢᠨᠲ᠋ᠧᠷ ᠰᠦᠯᠵᠢᠶᠡᠨ ᠤ ᠮᠡᠷᠭᠡᠵᠢᠯ᠂ ᠲᠣᠭᠠᠴᠢᠯᠠᠭᠰᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠬᠦ ᠶᠢ ᠴᠢᠬᠤᠯᠠᠴᠢᠯᠠᠵᠤ᠂ ᠠᠵᠢᠯ ᠤᠨ ᠬᠦᠴᠦᠨ ᠴᠢᠳᠠᠪᠤᠷᠢ ᠪᠠᠨ ᠴᠢᠩᠭᠠᠳᠬᠠᠬᠤ ᠬᠡᠷᠡᠭᠲᠡᠶ᠃      ᠳᠥᠴᠢᠨ ᠨᠢᠭᠡᠳᠦᠭᠡᠷ ᠵᠦᠢᠯ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠲᠦᠷᠦᠭᠦᠯᠡᠨ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠪᠠᠳᠠᠷᠠᠭᠤᠯᠵᠤ᠂ ᠲᠦᠷᠦᠭᠦᠯᠡᠨ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ᠬᠡᠯᠲᠡᠰ ᠢ ᠴᠢᠩᠭ᠎ᠠ ᠵᠠᠰᠠᠬᠤ᠂ ᠪᠡᠶ᠎ᠡ ᠪᠠᠨ ᠴᠢᠩᠭ᠎ᠠ ᠱᠠᠭᠠᠷᠳᠠᠬᠤ᠂ ᠡᠩᠨᠡᠭᠡ ᠶᠢ ᠴᠢᠩᠭ᠎ᠠ ᠳᠠᠭᠠᠭᠤᠯᠬᠤ ᠶᠢ ᠭᠦᠨᠵᠡᠭᠡᠢ ᠠᠬᠢᠭᠤᠯᠵᠤ᠂ ᠤᠯᠤᠰ ᠲᠦᠷᠦ ᠶᠢ ᠡᠷᠬᠢᠮᠯᠡᠬᠦ᠂ ᠲᠥᠪ ᠭᠤᠣᠯᠴᠢ ᠶᠢ ᠴᠢᠬᠤᠯᠠᠴᠢᠯᠠᠬᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠰᠤᠷᠲᠠᠯ ᠰᠠᠶᠢᠨ ᠵᠢᠱᠢᠶᠡᠴᠢ ᠰᠠᠯᠠᠭ᠎ᠠ ᠮᠥᠴᠢᠷ ᠢ ᠴᠢᠷᠮᠠᠶᠢᠨ ᠪᠠᠶᠢᠭᠤᠯᠵᠤ᠂ ᠨᠠᠮ ᠤᠨ ᠲᠥᠪ ᠬᠤᠷᠢᠶ᠎ᠠ ᠶᠢ ᠰᠡᠳᠬᠢᠯ ᠠᠮᠤᠷ ᠪᠠᠶᠢᠯᠭᠠᠵᠤ᠂ ᠨᠠᠮ ᠤᠨ ᠭᠡᠰᠢᠭᠦᠨ ᠺᠠᠳ᠋ᠷ ᠴᠢᠳᠠᠪᠤᠷᠢᠲᠠᠨ ᠳᠤ ᠢᠲᠡᠭᠡᠭᠦᠯᠵᠦ᠂ ᠠᠷᠠᠳ ᠤᠯᠠᠨ ᠢ ᠰᠡᠳᠬᠢᠯ ᠬᠠᠨᠤᠮᠵᠢᠲᠠᠢ ᠪᠠᠶᠢᠯᠭᠠᠬᠤ ᠬᠡᠷᠡᠭᠲᠡᠢ᠃      ᠵᠣᠬᠢᠶᠠᠨ ᠪᠠᠶᠢᠭᠤᠯᠤᠯᠲᠠ ᠶᠢᠨ ᠠᠵᠢᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠤᠨ ᠬᠥᠮᠦᠵᠢᠯ ᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠠᠵᠢᠯᠳᠠᠨ ᠤ ᠶᠠᠪᠤᠳᠠᠯ ᠤᠨ ᠰᠠᠬᠢᠯᠭ᠎ᠠ ᠪᠠᠲᠤ ᠪᠠ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠵᠤ᠂ ᠲᠤᠰᠬᠠᠶᠢᠵᠢᠭᠰᠠᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ ᠲᠦᠢᠯ ᠤᠨ ᠨᠠᠶᠢᠳᠠᠪᠤᠷᠢᠲᠠᠢ᠂ ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠳᠥᠴᠢᠨ ᠬᠤᠶᠠᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠰ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠳᠠᠬᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠲᠤᠰ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠬᠡᠪᠴᠢᠶᠡᠨ ᠳᠤ ᠣᠷᠣᠭᠤᠯᠬᠤ ᠬᠡᠷᠡᠭᠲᠡᠢ᠃      ᠳᠥᠴᠢᠨ ᠭᠤᠷᠪᠠᠳᠤᠭᠠᠷ ᠵᠦᠢᠯ ᠲᠣᠰ ᠲᠦᠷᠢᠮ ᠤᠨ ᠬᠤᠯᠪᠣᠭᠳᠠᠯ ᠪᠥᠬᠦᠶ ᠲᠣᠭᠲᠠᠭᠠᠯ ᠢ ᠵᠥᠷᠢᠴᠡᠭᠰᠡᠨ ᠪᠣᠯ᠂ ᠦᠶ᠋ᠯᠡ ᠪᠠᠶᠢᠳᠠᠯ ᠤᠨ ᠬᠦᠨᠳᠦ ᠬᠥᠩᠭᠡᠨ ᠢ ᠨᠢ ᠦᠨᠳᠦᠰᠦᠯᠡᠨ᠂ ᠰᠢᠭᠦᠮᠵᠢᠯᠡᠨ ᠰᠤᠷᠭᠠᠬᠤ᠂ ᠵᠠᠷᠯᠢᠭᠳᠠᠨ ᠪᠠᠶᠢᠴᠠᠭᠠᠬᠤ᠂ ᠰᠡᠷᠡᠮᠵᠢᠯᠡᠭᠦᠯᠦᠨ ᠴᠡᠭᠡᠷᠯᠡᠭᠦᠯᠬᠦ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠶ᠋ᠳᠪᠦᠷᠢᠯᠡᠬᠦ ᠪᠤᠶᠤ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠰᠢᠢᠳᠬᠡᠯ ᠥᠭᠭᠦᠨ᠎ᠡ᠃      ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ      ᠳᠥᠴᠢᠨ ᠳᠥᠷᠪᠡᠳᠦᠭᠡᠷ ᠵᠦᠢᠯ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠲᠤᠰ ᠲᠦᠷᠢᠮ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠬᠤᠯᠪᠣᠭᠳᠠᠯ ᠪᠦᠬᠦᠢ ᠲᠣᠭᠲᠠᠭᠠᠯ ᠢ ᠲᠣᠭᠲᠠᠭᠠᠵᠤ ᠪᠣᠯᠤᠨ᠎ᠠ᠃      ᠳᠥᠴᠢᠨ ᠲᠠᠪᠤᠳᠤᠭᠠᠷ ᠵᠦᠢᠯ ᠲᠤᠰ ᠲᠦᠷᠢᠮ ᠢ ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠬᠠᠷᠢᠭᠤᠴᠠᠨ ᠲᠠᠶᠢᠯᠪᠤᠷᠢᠯᠠᠨ᠎ᠠ᠃      ᠳᠥᠴᠢᠨ ᠵᠢᠷᠭᠤᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号