︽ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠳᠣᠬᠠᠢ ᠠᠵᠢᠯ ᠤᠨ ᠬᠤᠪᠢᠶᠠᠷᠢᠯᠠᠯ ᠤᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/9/28
     ᠨᠢᠭᠡ᠂ ︽ᠲᠥᠰᠦᠯ︾ ᠢ ᠨᠡᠶᠢᠲᠡᠯᠡᠭᠰᠡᠨ ᠠᠬᠤᠶ ᠪᠠᠶᠢᠳᠠᠯ      ︽ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠵᠢᠭᠦᠯᠬᠦ ᠲᠥᠰᠦᠯ ᠢ ᠳᠠᠷᠣᠮᠠᠯᠯᠠᠨ ᠳᠠᠷᠬᠠᠭᠠᠬᠤ ᠳᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2017﹈ 123 ᠳ᠋ᠤᠭᠠᠷ ᠲᠣᠭᠠᠲᠤ︶ ᠪᠠ ᠠᠯᠠᠱᠠ ᠠᠶᠢᠮᠠᠭ ᠤᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ︽ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠳᠣᠬᠠᠢ ᠠᠵᠢᠯ ᠤᠨ ᠬᠤᠪᠢᠶᠠᠷᠢᠯᠠᠯ ᠤᠨ ᠲᠥᠰᠦᠯ︾ ᠢ ᠲᠣᠭᠲᠠᠭᠠᠵᠤ᠂ ᠲᠥᠰᠦᠯ ᠳᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ᠂ ᠠᠵᠢᠯ ᠤᠨ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠢᠯᠡᠷᠡᠭᠦᠯᠵᠡᠶ᠃      ᠬᠤᠶᠠᠷ᠂ ︽ᠲᠥᠰᠦᠯ︾ ᠢ ᠨᠡᠶᠢᠲᠡᠯᠡᠭᠰᠡᠨ ᠵᠣᠷᠢᠯᠭ᠎ᠠ      ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ  ᠨᠠᠶᠢᠳᠠᠪᠣᠷᠢᠵᠢᠭᠤᠯᠵᠦ᠂ ᠮᠠᠨ ᠤ ᠠᠶᠢᠮᠠᠭ ᠤᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤᠮᠳᠠᠬᠢ ᠳᠠᠭᠤᠷᠢᠶᠠᠯ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠪᠦᠬᠦ ᠠᠶᠢᠮᠠᠭ ᠤᠨ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠠ ᠨᠡᠶᠢᠲᠡ ᠳᠤ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃      ᠭᠤᠷᠪᠠ᠂ ᠠᠵᠢᠯ ᠤᠨ ᠡᠭᠦᠷᠭᠡ      ︽ᠲᠥᠰᠦᠯ︾ ᠳᠤ ᠨᠡᠶᠢᠲᠡ ᠳᠥᠷᠪᠡᠨ ᠲᠠᠯ᠎ᠠ᠂ 24 ᠵᠦᠢᠯ ᠤᠨ ᠪᠣᠳᠠᠲᠠᠶ ᠠᠵᠢᠯ ᠤᠨ ᠬᠤᠪᠢᠶᠠᠷᠢᠯᠠᠯ ᠲᠠᠢ ᠪᠠᠶᠢᠵᠤ᠂ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠵᠠᠰᠠᠭ ᠤᠨ ᠶᠠᠪᠤᠳᠠᠯ ᠢ ᠢᠯᠡ ᠪᠠᠶᠢᠯᠭᠠᠵᠦ᠂ ᠠᠵᠢᠯᠴᠢ ᠬᠢᠴᠢᠶᠡᠩᠭᠦᠶ ᠥᠨᠳᠥᠷ ᠪᠦᠲᠦᠮᠵᠢᠲᠡᠶ ᠪᠠᠶᠢᠬᠤ᠂ ᠢᠲᠡᠭᠡᠮᠵᠢ ᠲᠠᠢ ᠪᠠᠶᠢᠪᠠᠯ ᠠᠮᠠᠯᠠᠯᠲᠠ ᠪᠠᠨ ᠦᠢᠯᠡᠳᠦᠯᠬᠡᠵᠢᠬᠦᠯᠬᠦ᠂ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂ ᠢᠲᠡᠭᠡᠮᠵᠢ ᠲᠠᠢ ᠪᠠᠶᠢᠪᠠᠯ ᠤᠷᠮᠠᠰᠢᠭᠤᠯᠬᠤ ᠵᠡᠷᠭᠡ ᠠᠭᠤᠯᠭ᠎ᠠ ᠶᠢ ᠲᠣᠳᠣᠷᠬᠠᠶ ᠬᠤᠪᠢᠶᠠᠷᠢᠯᠠᠨ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ᠂ ᠵᠡᠭᠡᠯᠢ ᠭᠤᠳᠤᠮᠵᠢ ᠪᠠ ᠰᠢᠶᠠᠩ ᠪᠠᠯᠭᠠᠰᠤ ᠵᠡᠷᠭᠡ ᠵᠠᠰᠠᠭ ᠤᠨ ᠣᠷᠳᠣᠨ ᠤ ᠳᠦᠷᠢ ᠲᠥᠷᠬᠦ ᠶᠢᠨ ᠪᠠᠶᠢᠭᠤᠯᠤᠯᠲᠠ ᠶᠢ ᠪᠠᠭᠲᠠᠭᠠᠭᠰᠠᠨ ᠭᠤᠤᠯᠳᠠᠯᠭ᠎ᠠ ᠲᠠᠢ ᠬᠦᠷᠢᠶ᠎ᠡ ᠶᠢ  ᠴᠢᠩᠭᠠᠳᠬᠠᠨ᠎ᠠ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      1. ᠰᠠᠭᠤᠷᠢ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ  ᠢᠲᠡᠭᠡᠮᠵᠢ ᠶᠢᠨ ᠪᠠᠶᠢᠭᠤᠯᠤᠯᠲᠠ ᠶᠢᠨ ᠰᠠᠭᠤᠷᠢ ᠴᠢᠨᠠᠷᠲᠠᠶ ᠪᠠᠲᠤᠯᠠᠭ᠎ᠠ ᠶᠢ ᠴᠢᠩᠭᠠᠳᠬᠠᠵᠤ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠲᠣᠬᠢᠷᠠᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠠᠷᠢᠭᠤᠴᠠᠯᠭᠠᠲᠤ ᠨᠢᠭᠡᠴᠡ ᠶᠢ ᠲᠣᠳᠣᠷᠬᠠᠶᠢᠯᠠᠨ᠂ ᠠᠵᠢᠯ ᠤᠨ ᠡᠭᠦᠷᠭᠡ ᠶᠢ ᠪᠣᠳᠠᠲᠠᠶᠢᠵᠢᠭᠤᠯᠵᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠂ ᠠᠵᠢᠯ ᠢᠶᠠᠨ ᠯᠠᠪᠳᠠᠭᠤᠨ ᠪᠠᠲᠤᠲᠠᠶ ᠪᠦᠲᠦᠮᠵᠢᠲᠡᠶ ᠠᠬᠢᠭᠤᠯᠬᠤ ᠬᠡᠷᠡᠭᠲᠡᠶ᠃      2 . ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠠᠶᠢᠮᠠᠭ ᠤᠨ ᠵᠠᠬᠢᠷᠭ᠎ᠠ ᠨᠢ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠠᠶᠢᠮᠠᠭ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠪᠠ ᠬᠠᠮᠲᠤᠪᠠᠷ ᠭᠥᠷᠳᠡᠬᠦ ᠶᠢ ᠬᠠᠷᠢᠭᠤᠴᠠᠨ᠎ᠠ᠃ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠲᠣᠰ ᠲᠣᠰ ᠤᠨ ᠡᠭᠦᠷᠭᠡ ᠴᠢᠳᠠᠮᠵᠢ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠪᠠᠨ ᠤᠶᠠᠯᠳᠤᠭᠤᠯᠤᠨ᠂ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠢ ᠰᠤᠳᠤᠯᠤᠨ ᠲᠣᠭᠲᠠᠭᠠᠵᠤ᠂ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠠᠵᠢᠯ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠬᠡᠷᠡᠭᠲᠡᠶ᠃      3 . ᠰᠢᠯᠭᠠᠨ ᠬᠢᠨᠠᠬᠤ ᠲᠣᠭᠲᠠᠴᠠ ᠶᠢ ᠪᠠᠶᠢᠭᠤᠯᠣᠨ᠎ᠠ᠃ ᠠᠶᠢᠮᠠᠭ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠠᠶᠢᠮᠠᠭ ᠤᠨ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠵᠠᠬᠢᠷᠭ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠳᠣᠷᠠᠨ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠢᠯᠭᠠᠨ ᠬᠢᠨᠠᠵᠤ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠰᠢᠯᠭᠠᠨ ᠬᠢᠨᠠᠭᠰᠠᠨ ᠦᠷ᠎ᠡ ᠳ᠋ᠦᠩ ᠢ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠬᠤᠰᠢᠭᠤ ᠨᠡᠭᠡᠭᠡᠯᠳᠡ ᠶᠢᠨ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠤᠨ᠎ᠠ᠃      4 . ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢ ᠴᠢᠩᠭᠠᠷᠠᠭᠤᠯᠤᠨ᠎ᠠ᠃ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠤᠳ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠷᠠᠳᠢᠣ᠋᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠢ ᠠᠰᠢᠭᠯᠠ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠶᠡᠬᠡᠪᠡᠷ ᠤᠬᠠᠭᠤᠯᠵᠤ᠂ ᠴᠠᠭ ᠲᠤᠬᠠᠢ ᠳᠤᠨᠢ ᠮᠡᠳᠡᠭᠡᠯᠡᠵᠦ᠂ ᠰᠠᠶᠢᠨ ᠠᠷᠭ᠎ᠠ ᠪᠠᠷᠢᠯ᠂ ᠰᠠᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠪᠥᠬᠦ ᠨᠡᠶᠢᠭᠡᠮ ᠢᠶᠠᠷ ᠢᠶᠠᠨ ᠬᠠᠯᠠᠮᠵᠢᠯᠠᠬᠤ᠂ ᠳᠡᠮᠵᠢᠬᠦ᠂ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃      ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号