ᠠᠯᠠᠱᠠ ᠵᠡᠭᠦᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠦᠪᠯᠡᠯ ᠠᠷᠠᠳ ᠲᠤ ᠦᠢᠯᠡᠴᠢᠯᠡᠬᠦ ᠰᠠᠶᠢᠨ ᠶᠠᠪᠤᠳᠠᠯ ᠢ ᠰᠠᠨᠠᠭᠠᠨ ᠳᠤ ᠨᠡᠶᠢᠴᠡᠳᠡᠯ᠎ᠡ ᠬᠢᠵᠤ ᠪᠠᠶᠢᠨ᠎ᠠ
ᠨᠡᠶᠢᠲᠡᠯᠡᠭᠰᠡᠨ ᠴᠠᠭ᠄
2021/9/29
    ᠠᠯᠠᠱᠠ ᠵᠡᠭᠦᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠦᠪᠯᠡᠯ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠬᠤᠯᠪᠤᠬᠳᠠᠬᠰᠠᠨ ᠬᠠᠮᠤᠭ ᠤᠨ ᠬᠠᠯᠠᠮᠰᠢᠯ ᠠᠰᠠᠭᠤᠳᠠᠯ ᠢ ᠰᠢᠢᠳᠪᠦᠷᠢᠯᠡᠵᠤ ᠦᠭᠬᠦ ᠵᠤᠷᠢᠯᠭ᠎ᠠ ᠪᠠᠷ ᠠᠵᠢᠯ ᠤᠨ ᠪᠠᠶᠢᠳᠠᠯ ᠲᠠᠢ ᠤᠶᠠᠯᠳᠤᠭᠤᠯᠤᠨ ᠤᠯᠠᠨ ᠵᠦᠢᠯ ᠤᠨ ᠪᠤᠳᠠᠳᠤ ᠦᠢᠯᠡ ᠠᠵᠢᠯᠯᠠᠭ᠎ᠠ ᠦᠷᠨᠢᠭᠦᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ︽ᠪᠢ ᠤᠯᠠᠨ ᠲᠦᠮᠡᠨ ᠳᠤ ᠪᠤᠳᠠᠳᠤ ᠶᠠᠪᠤᠳᠠᠯ ᠬᠢᠵᠤ ᠦᠭᠭᠦᠨ᠎ᠡ︾ ᠬᠦᠳᠡᠯᠭᠡᠭᠡᠨ ᠢ ᠦᠨᠡᠨᠬᠦ ᠦᠢᠯᠡᠳᠦᠯᠭᠡᠵᠢᠭᠦᠯᠵᠤ ᠪᠠᠶᠢᠨ᠎ᠠ᠃     ᠦᠢᠷ᠎ᠠ ᠳᠤ᠂ ᠠᠯᠠᠱᠠ ᠵᠡᠭᠦᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠦᠪᠯᠡᠯ ᠪᠠᠶᠠᠨᠬᠤᠳᠠ ᠶᠢᠨ ᠡᠮᠦᠨ᠎ᠡ ᠲᠤᠭᠤᠷᠢᠯᠳᠠ ᠶᠢᠨ ᠵᠡᠭᠡᠯᠢ ᠭᠤᠳᠤᠮᠵᠢ ᠶᠢᠨ ᠪᠠ ᠭᠤᠸᠠ ᠴᠢᠤᠸᠠᠨ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠲᠤᠰᠬᠠᠬᠰᠠᠨ ᠠᠯᠠᠱᠠ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠶᠢᠨ ᠤᠤᠯ ᠤᠨ ᠰᠠᠭᠤᠷᠢᠰᠢᠯ ᠳᠠᠬᠢ ᠵᠡᠭᠡᠯᠢ ᠭᠤᠳᠤᠮᠵᠢ ᠶᠢᠨ ᠵᠠᠰᠠᠮᠠᠯ ᠵᠠᠮ ᠡᠩᠬᠦᠯ ᠲᠤᠩᠬᠤᠯ᠂ ᠲᠡᠷᠭᠡ ᠮᠠᠰᠢᠨ᠂ ᠬᠦᠮᠦᠨ ᠠᠷᠠᠳ ᠶᠠᠪᠤᠵᠤ ᠰᠠᠭᠤᠬᠤ ᠳᠤ ᠲᠦᠬᠦᠮ ᠦᠭᠡᠢ ᠮᠦᠷᠳᠡᠭᠡᠨ ᠭᠤᠳᠤᠮᠵᠢ ᠶᠢᠨ ᠵᠠᠢ ᠬᠡᠳᠦᠷᠬᠡᠢ ᠨᠠᠷᠢᠨ ᠠᠴᠠ ᠪᠤᠯᠵᠤ ᠮᠠᠰᠢᠨ ᠲᠡᠷᠭᠡ ᠲᠦᠭᠵᠢᠷᠡᠬᠦ ᠪᠠᠶᠢᠳᠠᠯ ᠭᠠᠷᠴᠤ᠂ ᠦᠢᠷ᠎ᠡ ᠬᠠᠪᠢ ᠶᠢᠨ ᠰᠤᠷᠭᠠᠭᠤᠯᠢ ᠶᠢᠨ ᠰᠤᠷᠤᠬᠴᠢ᠂ ᠭᠡᠷ ᠤᠨ ᠠᠬᠠᠮᠠᠳ ᠤᠨ ᠶᠠᠪᠤᠬᠤ ᠳᠤ ᠠᠮᠤᠷ ᠲᠦᠪᠰᠢᠨ ᠤ ᠨᠦᠯᠦᠭᠡᠯᠡᠯ ᠪᠤᠯᠵᠤ ᠪᠠᠶᠢᠬᠤ ᠶᠢ ᠰᠢᠢᠳᠪᠦᠷᠢᠯᠡᠨ ᠦᠭᠬᠦ ᠠᠰᠠᠭᠤᠳᠠᠯ ᠢ ᠲᠤᠰᠴᠤ ᠠᠪᠴᠠᠢ᠃ ᠰᠠᠭᠤᠭᠠᠯᠢ ᠠᠷᠠᠳ ᠤᠨ ᠲᠤᠰᠬᠠᠬᠰᠠᠨ ᠠᠰᠠᠭᠤᠳᠠᠯ ᠢ ᠲᠠᠷᠤᠢ ᠲᠦᠷᠭᠡᠨ ᠰᠢᠢᠳᠪᠦᠷᠢᠯᠡᠬᠦ ᠪᠠᠷ ᠠᠯᠠᠱᠠ ᠵᠡᠭᠦᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠦᠪᠯᠡᠯ ᠠᠴᠠ ᠨᠡᠶᠢᠬᠡᠮ ᠲᠤᠭᠤᠷᠢᠬ ᠪᠤᠯᠤᠨ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠡ ᠲᠠᠢ ᠬᠠᠷᠢᠴᠠᠵᠤ᠂ ᠲᠤᠬᠠᠢ ᠶᠢᠨ ᠲᠠᠯᠠᠪᠤᠷ ᠲᠤ ᠬᠦᠷᠴᠦ ᠪᠠᠶᠢᠳᠠᠯ ᠢ ᠦᠢᠯᠠᠭᠠᠬᠰᠠᠨ ᠤ ᠰᠠᠭᠤᠷᠢᠨ ᠲᠡᠭᠡᠷ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠲᠤᠰ ᠵᠡᠭᠡᠯᠢ ᠭᠤᠳᠤᠮᠵᠢ ᠶᠢᠨ ᠡᠪᠳᠡᠷᠡᠵᠤ ᠬᠠᠭᠤᠴᠢᠷᠠᠬᠰᠠᠨ ᠵᠠᠮ ᠤᠨ ᠡᠩᠬᠦᠯ ᠲᠤᠩᠬᠤᠯ ᠢ ᠨᠦᠬᠦᠨ ᠲᠡᠭᠰᠢᠯᠡᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠳᠡᠯ ᠭᠠᠷᠬᠤ ᠠᠶᠤᠯ ᠢ ᠰᠢᠢᠳᠪᠦᠷᠢᠯᠡᠨ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠦᠬᠦᠮ ᠨᠦᠭᠦᠴᠡᠯ ᠪᠦᠷᠢᠯᠳᠦᠭᠦᠯᠦᠨ ᠦᠭᠴᠦ᠂ ᠨᠡᠶᠢᠬᠡᠮ ᠲᠤᠭᠤᠷᠢᠬ ᠪᠤᠯᠤᠨ ᠠᠷᠠᠳ ᠤᠯᠠᠨ ᠤ ᠬᠦᠷᠢᠶᠡᠯᠡᠯ ᠢ ᠤᠯᠤᠬᠰᠠᠨ ᠪᠠᠶᠢᠨ᠎ᠠ᠃     ᠠᠯᠠᠱᠠ ᠵᠡᠭᠦᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠦᠪᠯᠡᠯ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ︽ᠪᠢ ᠤᠯᠠᠨ ᠲᠦᠮᠡᠨ ᠳᠤ ᠪᠤᠳᠠᠳᠤ ᠶᠠᠪᠤᠳᠠᠯ ᠬᠢᠵᠤ ᠦᠭᠭᠦᠨ᠎ᠡ︾ ᠦᠢᠯᠡᠳᠦᠯᠭᠡ ᠶᠢᠨ ᠬᠦᠳᠡᠯᠭᠡᠭᠡᠨ ᠢ ᠦᠷᠨᠢᠭᠦᠯᠦᠭᠰᠡᠨ ᠠᠴᠠ ᠨᠠᠭᠠᠰᠢ᠂ ᠨᠡᠶᠢᠬᠡᠮ ᠨᠡᠶᠢᠳᠡ ᠠᠴᠠ ᠪᠤᠳᠠᠳᠤ ᠶᠠᠪᠤᠳᠠᠯ ᠬᠢᠵᠤ ᠦᠭᠬᠦ ᠰᠠᠨᠠᠯ ᠬᠤᠷᠢᠶᠠᠵᠤ᠂ ᠠᠷᠠᠳ ᠤᠨ ᠡᠳᠦᠷ ᠲᠤᠳᠤᠮ ᠤᠨ ᠦᠢᠯᠡᠳᠪᠦᠷᠢᠯᠡᠯ ᠠᠮᠢᠳᠤᠷᠠᠯ ᠲᠠᠢ ᠬᠤᠯᠪᠤᠬᠳᠠᠬᠰᠠᠨ ᠪᠠᠴᠢᠮ ᠰᠢᠢᠳᠪᠦᠷᠢᠯᠡᠬᠦ 27 ᠵᠤᠷᠪᠤᠰ ᠠᠰᠠᠭᠤᠳᠠᠯ ᠢ ᠬᠤᠷᠢᠶᠠᠨ ᠠᠪᠴᠠᠢ᠃ ᠡᠭᠦᠨ ᠠᠴᠠ ᠭᠠᠳᠠᠨ᠎ᠠ ︽ᠠᠷᠠᠳ ᠲᠤ ᠪᠤᠳᠠᠳᠤ ᠶᠠᠪᠤᠳᠠᠯ ᠬᠢᠵᠤ ᠦᠭᠬᠦ︾ ᠶᠠᠪᠤᠳᠠᠯ 8 ᠵᠤᠷᠪᠤᠰ᠂ ᠭᠠᠵᠠᠷ ᠤᠨ ᠲᠡᠰ ᠠᠴᠠ ᠲᠡᠭᠡᠭᠰᠢ ᠤᠳᠤᠷᠢᠳᠤᠯᠭ᠎ᠠ ᠶᠢᠨ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠲᠦᠷᠦᠯ ᠵᠦᠢᠯ ᠢ ᠰᠢᠢᠳᠪᠦᠷᠢᠯᠡᠬᠦ ᠶᠠᠪᠤᠳᠠᠯ 6 ᠵᠤᠷᠪᠤᠰ᠂ ᠨᠠᠮ ᠤᠨ ᠡᠭᠦᠷ ᠤᠨ ᠰᠢᠢᠳᠪᠦᠷᠢᠯᠡᠬᠦ ᠶᠠᠪᠤᠳᠠᠯ 12 ᠵᠤᠷᠪᠤᠰ᠂ ᠨᠠᠮ ᠤᠨ ᠭᠡᠰᠢᠭᠦᠨ ᠤ ᠠᠮᠠᠯᠳᠠᠯᠭ᠎ᠠ ᠶᠢᠨ ᠶᠠᠪᠤᠳᠠᠯ 177 ᠵᠤᠷᠪᠤᠰ ᠢ ᠨᠠᠷᠢᠨ ᠬᠢᠨᠠᠮᠠᠭᠠᠢ ᠵᠢᠬᠰᠠᠭᠠᠨ ᠭᠠᠷᠭᠠᠵᠤ ᠰᠢᠢᠳᠪᠦᠷᠢᠯᠡᠭᠰᠡᠨ ᠪᠠᠶᠢᠨ᠎ᠠ᠃ ︽ᠪᠢ ᠲᠠᠨ ᠳᠤ ᠲᠤᠰᠠᠯᠠᠨ᠎ᠠ︾ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠰᠠᠶᠢᠨ ᠲᠤᠷᠠᠴᠤᠳ ᠤᠨ ᠬᠦᠳᠡᠯᠭᠡᠭᠡᠨ ᠢᠶᠠᠷ ᠲᠠᠮᠵᠢᠭᠤᠯᠤᠨ ᠨᠠᠮ ᠤᠨ ᠭᠡᠰᠢᠭᠦᠨ ᠤ ᠵᠢᠱᠢᠶᠡᠴᠢ ᠲᠠᠭᠤᠷᠢᠶᠠᠯ ᠤᠨ ᠦᠢᠯᠡᠳᠦᠯ ᠢ ᠪᠠᠳᠠᠷᠠᠭᠤᠯᠤᠨ ᠤᠷᠴᠢᠨ ᠲᠤᠭᠤᠷᠢᠨ ᠤ ᠠᠷᠢᠭᠤᠨ ᠴᠡᠪᠡᠷ ᠢ ᠴᠡᠪᠡᠷᠯᠡᠬᠦ᠂ ᠠᠯᠪᠠᠨ ᠵᠢᠷᠤᠮ ᠤᠨ ᠮᠤᠳᠤ ᠲᠠᠷᠢᠬᠤ᠂ ᠴᠢᠰᠤ ᠬᠠᠨᠳᠢᠪᠯᠠᠬᠤ᠂ ᠠᠬᠠᠮᠠᠳ ᠨᠠᠮ ᠤᠨ ᠭᠡᠰᠢᠭᠦᠨ ᠢ ᠪᠤᠯᠭᠤᠭᠠᠨ ᠲᠤᠬᠤᠨᠢᠭᠤᠯᠬᠤ᠂ ᠠᠮᠢᠳᠤᠷᠠᠯ ᠬᠦᠴᠢᠷᠳᠡᠯᠳᠡᠢ ᠡᠷᠦᠬᠡ ᠶᠢ ᠪᠤᠯᠭᠤᠭᠠᠨ ᠦᠵᠡᠬᠦ᠂ ᠵᠡᠮᠳᠡᠭ ᠬᠦᠮᠦᠰ ᠢ ᠲᠤᠬᠤᠨᠢᠭᠤᠯᠬᠤ᠂ ᠠᠮᠢᠳᠤᠷᠠᠯ ᠬᠦᠴᠢᠷᠳᠡᠯᠳᠡᠢ ᠬᠡᠤᠬᠡᠳ ᠢ ᠪᠤᠯᠭᠤᠭᠠᠨ ᠦᠵᠡᠬᠦ ᠵᠡᠷᠭᠡ ᠰᠠᠶᠢᠨ ᠲᠤᠷ᠎ᠠ ᠶᠢᠨ ᠠᠵᠢᠯᠯᠠᠭ᠎ᠠ ᠶᠢ 10 ᠭᠠᠷᠤᠢ ᠤᠳᠠᠭ᠎ᠠ ᠵᠤᠬᠢᠶᠠᠨ ᠪᠠᠶᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠪᠤᠳᠠᠳᠤ ᠠᠵᠢᠯᠯᠠᠭ᠎ᠠ ᠪᠠᠷ ᠠᠵᠢᠯᠳᠠᠨ ᠤ ᠪᠠᠨ ᠠᠵᠢᠯ ᠤᠨ ᠬᠡᠪ ᠰᠤᠷᠳᠠᠯ ᠢ ᠰᠠᠶᠢᠵᠢᠷᠠᠭᠤᠯᠵᠤ ᠴᠢᠳᠠᠬᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号