ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ | ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠬᠢ ᠶᠢᠨ ᠬᠠᠮᠢᠶᠠᠷᠤᠯᠳᠠ ᠶᠢᠨ ᠳᠦᠷᠢᠮ︾ ᠤᠨ ᠬᠤᠯᠪᠤᠭᠳᠠᠯ | ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠦᠬᠡᠳ ᠰᠤᠷᠪᠤᠯᠵᠢᠯᠠᠭᠴᠢᠳ ᠤᠨ ᠠᠰᠠᠭᠤᠯᠳᠠ ᠶᠢ ᠬᠠᠷᠢᠭᠤᠯᠪᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ | ᠵᠠᠩᠬᠢ ᠶᠢᠨ ᠬᠠᠮᠢᠶᠠᠷᠤᠯᠳᠠ ᠶᠢᠨ ᠳᠦᠷᠢᠮ︾ ᠨᠡᠶᠢᠳᠡ 8 ᠪᠦᠯᠦᠭ 43 ᠵᠦᠢᠯ ᠢᠶᠠᠷ ᠪᠦᠷᠢᠯᠳᠦᠪᠠ᠂ ᠡᠨᠡ ᠵᠢᠯ ᠤᠨ | 3 ᠰᠠᠷ᠎ᠠ ᠶᠢᠨ 30 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠳᠠᠪᠤᠳᠤᠭᠠᠷ ᠤᠳᠠᠭ᠎ᠠ ᠶᠢᠨ ᠬᠤᠷᠠᠯ ᠢᠶᠠᠷ ᠪᠠᠳᠤᠯᠠᠵᠤ᠂ 6 ᠰᠠᠷ᠎ᠠ ᠶᠢᠨ 1 ᠤ ᠡᠳᠤᠷ ᠠᠴᠠ ᠡᠬᠢᠯᠡᠵᠦ ᠬᠡᠷᠡᠭᠵᠢᠭᠦᠯᠪᠡ᠃ | ᠲᠤᠰ ᠳᠦᠷᠢᠮ ᠨᠢ ᠮᠠᠨ ᠤ ᠤᠷᠤᠨ ᠤ ᠤᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠬᠢ ᠶᠢᠨ | ᠬᠠᠮᠢᠶᠠᠷᠤᠯᠳᠠ ᠶᠢ ᠳᠦᠷᠢᠮᠵᠢᠭᠦᠯᠬᠦ᠂ ᠤᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠬᠢ ᠶᠢ ᠴᠤᠭᠯᠠᠭᠤᠯᠬᠤ ᠪᠠ | ᠬᠡᠷᠡᠭᠯᠡᠬᠦ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠬᠤ ᠳᠤ ᠴᠢᠬᠤᠯᠠ ᠠᠴᠢ | ᠬᠤᠯᠪᠤᠭᠳᠠᠯ ᠲᠠᠢ ᠶᠤᠮ᠃ ᠲᠤᠰ ᠳᠦᠷᠢᠮ ᠪᠤᠯ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ | ᠪᠠᠶᠢᠭᠤᠯᠤᠯᠳᠠ ᠶᠢᠨ ᠲᠤᠬᠠᠢ ᠠᠩᠬᠠᠳᠠᠭᠴᠢ ᠤᠷᠤᠨ ᠨᠤᠳᠤᠭ ᠤᠨ ᠴᠢᠨᠠᠷᠳᠠᠢ ᠬᠠᠤᠯᠢ ᠳᠤᠭᠳᠠᠭᠠᠯ ᠪᠤᠯᠬᠤ ᠪᠦᠭᠡᠳ | ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢᠨ ᠠᠵᠢᠯ ᠤᠨ ᠪᠠᠰᠠ ᠨᠢᠭᠡᠨ | ᠬᠦᠰᠢᠶ᠎ᠠ ᠲᠡᠮᠳᠡᠭ ᠪᠤᠯᠤᠨ᠎ᠠ᠃ ᠲᠤᠰ ᠳᠦᠷᠢᠮ ᠢ ᠬᠡᠷᠡᠭᠵᠢᠭᠦᠯᠦᠭᠰᠡᠨ ᠨᠢ ᠮᠠᠨ ᠤ ᠤᠷᠤᠨ ᠤ ᠨᠡᠶᠢᠭᠡᠮ ᠤᠨ | ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠬᠠᠤᠯᠢᠵᠢᠭᠰᠠᠨ᠂ ᠳᠦᠷᠢᠮᠵᠢᠭᠰᠡᠨ ᠴᠢᠨᠠᠷ ᠰᠠᠶᠢᠳᠠᠢ ᠬᠦᠭᠵᠢᠯᠳᠡ ᠶᠢᠨ | ᠱᠠᠳᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ |