ᠡᠳᠦᠷ ᠪᠦᠷᠢ ᠠᠯᠬᠤᠬᠤ ᠶᠢᠨ 12 ᠰᠠᠶᠢᠨ ᠲᠠᠢ ᠲᠠᠯ᠎ᠠ
ᠨᠡᠶᠢᠲᠡᠯᠡᠭᠰᠡᠨ ᠴᠠᠭ᠄
2021/9/3
    1. ᠠᠯᠬᠤᠬᠤ ᠨᠢ ᠵᠢᠷᠤᠬᠡᠨ ᠤ ᠴᠢᠳᠠᠪᠬᠢ ᠶᠢ ᠰᠠᠶᠢᠵᠢᠷᠠᠭᠤᠯᠤᠨ᠎ᠠ᠃     2. ᠠᠯᠬᠤᠬᠤ ᠨᠢ ᠴᠢᠰᠤᠨ ᠰᠤᠳᠠᠯ ᠤᠨ ᠬᠠᠷᠢᠮᠠᠬᠠᠢ ᠴᠢᠨᠠᠷ ᠢ ᠰᠠᠶᠢᠵᠢᠷᠠᠭᠤᠯᠤᠨ᠎ᠠ᠃     3. ᠠᠯᠬᠤᠬᠤ ᠨᠢ ᠬᠦᠮᠦᠨ ᠤ ᠪᠡᠶ᠎ᠡ ᠶᠢᠨ ᠬᠡᠪᠡᠯᠢ ᠶᠢᠨ ᠬᠡᠰᠡᠭ ᠲᠠᠬᠢ ᠦᠭᠡᠬᠦᠨ ᠪᠦᠭᠡᠮᠨᠡᠷᠡᠯ ᠢ ᠪᠠᠭᠠᠰᠬᠠᠨ᠎ᠠ᠃     4 . ᠠᠯᠬᠤᠬᠤ ᠨᠢ ᠴᠢᠰᠤᠨ ᠤ  ᠨᠦᠵᠢᠷᠠᠯ ᠢ ᠪᠠᠭᠠᠰᠬᠠᠨ᠎ᠠ᠃     5. ᠠᠯᠬᠤᠬᠤ ᠨᠢ ᠭᠤᠷᠪᠠᠴᠢ ᠭᠯᠢᠼᠧᠷᠢᠳ᠋ ᠪᠠ ᠺᠤᠯᠧᠰᠲ᠋ᠧᠷᠤᠯ ᠤᠨ ᠯᠤᠭᠰᠢᠭᠤᠨ ᠰᠤᠳᠠᠯ ᠤᠨ ᠬᠠᠨ᠎ᠠ ᠲᠡᠭᠡᠷᠡᠬᠢ ᠪᠦᠭᠡᠮᠨᠡᠷᠡᠯ ᠢ ᠪᠠᠭᠠᠰᠬᠠᠬᠤ ᠪᠠᠷ ᠪᠠᠷᠠᠬᠤ ᠦᠭᠡᠢ ᠪᠠᠰᠠ ᠴᠢᠰᠤᠨ ᠰᠢᠬᠢᠷ ᠤᠨ ᠭᠤᠷᠪᠠᠴᠢ ᠭᠯᠢᠼᠧᠷᠢᠳ᠋ ᠪᠤᠯᠵᠦ ᠬᠤᠪᠢᠷᠠᠬᠤ ᠪᠤᠯᠤᠮᠵᠢ ᠶᠢ ᠪᠠᠭᠠᠰᠬᠠᠨ᠎ᠠ᠃     6. ᠠᠯᠬᠤᠬᠤ ᠨᠢ ᠬᠤᠷᠮᠤᠨ ᠤ ᠢᠯᠭᠠᠷᠠᠭᠤᠯᠤᠯᠳᠠ ᠶᠢ ᠨᠠᠮᠳᠠᠭᠤᠯᠵᠦ᠂ ᠪᠦᠭᠡᠷ᠎ᠡ ᠶᠢᠨ ᠲᠡᠭᠡᠳᠦ ᠪᠤᠯᠴᠢᠷᠬᠠᠢ ᠶᠢᠨ ᠡᠳ᠋ ᠬᠡᠳᠦ ᠠᠷᠪᠢᠨ ᠢᠯᠭᠠᠷᠠᠭᠤᠯᠬᠤ ᠠᠴᠠ ᠰᠡᠷᠭᠡᠶᠢᠯᠡᠵᠦ ᠲᠡᠶᠢᠯᠦᠨ᠎ᠡ᠃     7. ᠠᠯᠬᠤᠬᠤ ᠨᠢ ᠪᠤᠯᠴᠢᠩ ᠤᠨ ᠴᠢᠩᠭᠠᠷᠠᠯ ᠢ ᠰᠠᠶᠢᠵᠢᠷᠠᠭᠤᠯᠵᠦ᠂ ᠬᠦᠯ᠂ ᠶᠠᠰᠤ ᠰᠢᠷᠪᠤᠰᠤ ᠶᠢ ᠴᠢᠩᠭᠠᠷᠠᠭᠤᠯᠬᠤ ᠪᠦᠭᠡᠳ ᠦᠶ᠎ᠡ ᠭᠡᠰᠢᠬᠦᠦ ᠶᠢ ᠰᠢᠮᠡᠬᠦᠯᠵᠦ᠂ ᠬᠦᠮᠦᠨ ᠤ ᠪᠡᠶ᠎ᠡ ᠶᠢᠨ ᠴᠢᠰᠤᠨ ᠤ ᠡᠷᠬᠢᠯᠳᠡ ᠪᠠ ᠰᠢᠨ᠎ᠡ ᠬᠠᠭᠤᠴᠢᠨ ᠤ ᠰᠤᠯᠢᠯᠴᠠᠭ᠎ᠠ ᠶᠢ ᠠᠬᠢᠭᠤᠯᠤᠨ᠎ᠠ᠃     8. ᠴᠠᠭ ᠲᠤᠭᠳᠠᠭᠠᠵᠦ ᠠᠯᠬᠤᠬᠤ ᠶᠢ ᠪᠠᠷᠢᠮᠳᠠᠯᠠᠵᠦ᠂ ᠵᠢᠷᠤᠭᠡᠨ ᠴᠢᠰᠦ ᠲᠤᠳᠠᠬᠤ ᠴᠢᠨᠠᠷᠳᠠᠢ ᠡᠪᠡᠳᠴᠢᠨ ᠢ ᠠᠷᠢᠯᠭᠠᠬᠤ ᠪᠤᠶᠤ ᠴᠢᠰᠤᠨ ᠲᠠᠷᠤᠯᠳᠠ ᠶᠢ ᠪᠠᠭᠤᠷᠠᠭᠤᠯᠤᠨ᠎ᠠ᠃     9. ᠠᠯᠬᠤᠬᠤ ᠨᠢ ᠤᠷᠴᠢᠨ ᠠᠬᠤᠢ ᠶᠢ ᠬᠠᠮᠠᠭᠠᠯᠠᠨ᠂ ᠬᠠᠶᠠᠭᠳᠠᠮᠠᠯ ᠬᠡᠢ ᠶᠢᠨ ᠪᠤᠬᠢᠷᠳᠠᠯ ᠢ ᠠᠷᠢᠯᠭᠠᠵᠦ᠂ ᠪᠡᠶ᠎ᠡ ᠮᠠᠬᠠᠪᠤᠳ ᠢ ᠴᠢᠬᠢᠷᠠᠭᠵᠢᠭᠤᠯᠤᠨ᠂ ᠡᠪᠡᠳᠴᠢᠨ ᠡᠰᠡᠷᠭᠦᠴᠡᠭᠦ ᠴᠢᠳᠠᠪᠤᠷᠢ ᠶᠢ ᠲᠡᠭᠡᠭᠰᠢᠯᠡᠬᠦᠯᠳᠡᠭ᠃    10. ᠠᠯᠬᠤᠬᠤ ᠨᠢ ᠰᠢᠩᠭᠡᠭᠡᠯᠳᠡ ᠶᠢᠨ ᠪᠤᠯᠴᠢᠷᠬᠠᠢ ᠶᠢᠨ ᠱᠦᠬᠦᠷᠡᠭᠦᠯᠬᠦ ᠴᠢᠳᠠᠪᠬᠢ ᠶᠢ ᠰᠠᠶᠢᠵᠢᠷᠠᠭᠤᠯᠤᠨ᠂ ᠬᠤᠳᠤᠭᠤᠳᠤ ᠭᠡᠳᠡᠰᠤᠨ ᠤ ᠵᠢᠮ᠎ᠡ ᠶᠤᠰᠤᠳᠠᠢ ᠬᠦᠳᠡᠯᠭᠡᠭᠡᠨ ᠢ ᠠᠬᠢᠭᠤᠯᠵᠦ᠂ ᠢᠳᠡᠰᠢᠨ ᠲᠤᠷᠠᠰᠢᠯ ᠢ ᠨᠡᠮᠡᠭᠳᠡᠭᠦᠯᠦᠨ᠂ ᠴᠢᠰᠤᠨ ᠲᠠᠷᠦᠯᠳᠡ  ᠦᠨᠲᠤᠷᠵᠢᠬᠦ᠂ ᠰᠢᠬᠢᠷ ᠰᠢᠵᠢᠩ ᠡᠪᠡᠳᠴᠢᠨ᠂ ᠲᠠᠳᠮᠠᠭᠠᠢ ᠴᠢᠨᠠᠷᠳᠦ ᠬᠤᠷᠭᠤᠰᠤᠯ ᠵᠡᠷᠭᠡ ᠡᠪᠡᠳᠴᠢᠨ ᠢ ᠵᠠᠰᠠᠬᠤ ᠳᠤ ᠴᠦᠮ ᠶᠡᠭᠡ ᠰᠠᠶᠢᠨ ᠦᠢᠯᠡᠳᠦᠯ ᠲᠠᠢ ᠪᠠᠶᠢᠳᠠᠭ᠃    11. ᠠᠯᠬᠤᠬᠤ ᠨᠢ ᠮᠡᠳᠡᠷᠡᠯ ᠤᠨ ᠪᠤᠯᠴᠢᠩ ᠤᠨ ᠴᠢᠩᠭᠠᠷᠠᠯ ᠢ ᠨᠠᠮᠳᠠᠭᠤᠯᠳᠠᠭ᠃    12. ᠭᠠᠳᠠᠨᠠᠬᠢ ᠰᠢᠨ᠎ᠡ ᠰᠤᠷᠭᠤᠭ ᠠᠭᠠᠷ ᠲᠤᠮᠳᠠ ᠠᠯᠬᠤᠪᠠᠯ ᠲᠡᠷᠢᠬᠢᠨ ᠤ ᠰᠡᠳᠬᠢᠬᠦᠢ ᠶᠢᠨ ᠠᠵᠢᠯᠯᠠᠭ᠎ᠠ ᠬᠤᠷᠴᠠ ᠰᠡᠷᠭᠡᠭ ᠮᠦᠷᠳᠡᠭᠡᠨ ᠠᠮᠢᠳᠤᠯᠢᠭ ᠪᠤᠯᠳᠠᠭ᠃
 
ᠢᠷᠡᠯᠲᠡ᠄ ᠠᠯᠠᠱᠨ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠲᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号