ᠳᠤᠮᠳᠠᠳᠤ ᠤᠯᠤᠰ ︵ᠡᠵᠡᠨ᠎ᠡ︶ ᠤᠨ ᠪᠣᠭᠤᠮᠲᠠ ᠶᠢᠨ ᠤᠯᠠᠨ ᠤᠯᠤᠰ ᠤᠨ ᠲᠠᠸᠠᠷ ᠤᠨ ᠦᠵᠡᠰᠬᠦᠯᠡᠩ  ᠡᠬᠢᠯᠡᠯ᠎ᠠ
ᠨᠡᠶᠢᠲᠡᠯᠡᠭᠰᠡᠨ ᠴᠠᠭ᠄
2021/9/30
     9 ᠰᠠᠷ᠎ᠠ ᠶᠢᠨ 28 ᠤ ᠡᠳᠦᠷ᠂ ᠳᠤᠮᠳᠠᠳᠤ ᠤᠯᠤᠰ ︵ᠡᠵᠡᠨ᠎ᠡ︶ ᠤᠨ ᠪᠣᠭᠤᠮᠲᠠ ᠶᠢᠨ ᠤᠯᠠᠨ ᠤᠯᠤᠰ ᠤᠨ ᠲᠠᠸᠠᠷ ᠤᠨ ᠦᠵᠡᠰᠬᠦᠯᠡᠩ ᠡᠵᠡᠨ᠎ᠡ ᠬᠤᠰᠢᠭᠤᠨ ᠳᠤ ᠡᠬᠢᠯᠡᠵᠦ᠂ ᠮᠣᠩᠭᠤᠯ ᠤᠯᠤᠰ᠂ ᠫᠠᠺᠢᠰᠲ᠋ᠠᠨ᠂ ᠮᠤᠷᠤᠺᠺᠤ᠂ ᠮᠤᠯᠳᠤᠸᠠ ᠵᠡᠷᠭᠡ 20 ᠭᠠᠷᠤᠢ ᠤᠯᠤᠰ ᠪᠠ ᠭᠠᠵᠠᠷ ᠣᠷᠣᠨ ᠠᠴᠠ ᠢᠷᠡᠭᠰᠡᠨ 5000 ᠭᠠᠷᠤᠢ ᠵᠦᠢᠯ ᠤᠨ ᠤᠷᠠᠯᠢᠭ ᠤᠨ ᠪᠦᠲᠦᠭᠡᠭᠳᠡᠬᠦᠨ᠂ ᠲᠠᠸᠠᠷ ᠦᠵᠡᠰᠬᠦᠯᠡᠩ ᠳᠤ ᠤᠷᠤᠯᠴᠠᠵᠠᠢ᠃      ᠲᠣᠰ ᠤᠳᠠᠭᠠᠨ ᠤ ᠳᠤᠮᠳᠠᠳᠤ ᠤᠯᠤᠰ ︵ᠡᠵᠡᠨ᠎ᠡ︶ ᠤᠨ ᠪᠣᠭᠤᠮᠲᠠ ᠶᠢᠨ ᠣᠯᠠᠨ ᠤᠯᠤᠰ ᠤᠨ ᠲᠠᠸᠠᠷ ᠤᠨ ᠦᠵᠡᠰᠬᠦᠯᠡᠩ ᠳᠤ ᠱᠠᠩᠬᠠᠶ ᠶᠢᠨ ᠬᠠᠮᠲᠤᠷᠠᠯᠴᠠᠭᠠᠨ ᠤ ᠤᠨᠴᠠᠯᠢᠭᠳᠤ ᠲᠠᠸᠠᠷ ᠤᠨ ᠦᠵᠡᠰᠬᠦᠯᠡᠩ᠂ ᠳᠤᠮᠳᠠᠳᠤ ᠤᠯᠤᠰ ᠤᠨ ᠦᠨᠳᠦᠰᠦᠲᠡᠨ ᠤ ᠠᠷᠠᠯᠵᠢᠶᠠᠨ ᠤ ᠨᠢᠭᠡ ᠰᠢᠶᠠᠩ ᠳᠤ ᠨᠢᠬᠡ ᠤᠨᠴᠠᠯᠢᠭ ᠦᠵᠡᠰᠬᠦᠯᠡᠩ᠂ ᠱᠧᠩ ᠱᠢ ᠰᠣᠶᠣᠯ ᠤᠨ ᠡᠭᠦᠳᠦᠯᠲᠡ ᠶᠢᠨ ᠦᠵᠡᠰᠬᠦᠯᠡᠩ᠂ ᠳᠤᠮᠳᠠᠳᠤ ᠮᠣᠩᠭᠤᠯ ︵ᠣᠯᠠᠨ ᠤᠯᠤᠰ︶ ᠤᠨ ᠬᠠᠰ ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ᠂ ᠠᠯᠠᠱᠠ ᠶᠢᠨ ᠰᠤᠶᠤᠯ ᠢᠷᠬᠡᠨᠰᠢᠯ ᠤᠨ ᠦᠵᠡᠰᠬᠦᠯᠡᠩ᠂ ᠣᠯᠠᠨ ᠤᠯᠤᠰ ᠤᠨ ᠲᠠᠸᠠᠷ ᠤᠨ ᠣᠨᠴᠠ ᠤᠷᠢᠯᠭ᠎ᠠ ᠶᠢᠨ ᠦᠵᠡᠰᠬᠦᠯᠡᠩ ᠵᠡᠷᠭᠡ 8 ᠶᠡᠭᠡ ᠭᠤᠤᠯ ᠰᠡᠳᠦᠪᠲᠦ  ᠦᠵᠡᠬᠦᠯᠦᠯᠭᠡ ᠶᠢᠨ ᠲᠣᠭᠤᠷᠢᠭ ᠭᠠᠷᠭᠠᠵᠤ᠂ 20 ᠭᠠᠷᠤᠶ ᠤᠯᠤᠰ ᠪᠠ ᠭᠠᠵᠠᠷ ᠣᠷᠣᠨ ᠠᠴᠠ ᠢᠷᠡᠭᠰᠡᠨ ᠬᠠᠰ ᠴᠢᠯᠠᠭᠤ᠂ ᠮᠥᠩᠭᠦᠨ ᠡᠳ᠋ᠯᠡᠯ᠂ ᠭᠠᠷ ᠤᠷᠠᠯᠠᠯ ᠤᠨ ᠪᠦᠲᠦᠭᠡᠭᠳᠡᠬᠦᠨ᠂ ᠬᠤᠪᠴᠠᠰᠤ ᠵᠠᠰᠠᠯ᠂ ᠢᠳᠡᠭᠡᠨ ᠤᠮᠳᠠᠭᠠᠨ ᠵᠡᠷᠬᠡ 20 ᠭᠠᠷᠤᠶ ᠲᠣᠮᠣ ᠲᠥᠷᠥᠯ ᠤᠨ 5000 ᠭᠠᠷᠤᠶ ᠵᠦᠢᠯ ᠤᠨ ᠤᠷᠠᠯᠢᠭ ᠤᠨ ᠪᠦᠲᠦᠭᠡᠭᠳᠡᠬᠦᠨ᠂ ᠲᠠᠸᠠᠷ ᠢ ᠲᠥᠪᠯᠡᠷᠡᠭᠦᠯᠦᠨ ᠳᠡᠯᠭᠡᠨ ᠦᠵᠡᠭᠦᠯᠵᠡᠶ᠃ ᠦᠵᠡᠰᠬᠦᠯᠡᠩ 10 ᠰᠠᠷ᠎ᠠ ᠶᠢᠨ 15 ᠪᠣᠯᠲᠠᠯ᠎ᠠ ᠶᠠᠪᠤᠬᠳᠠᠨ᠎ᠠ᠃      ᠳᠤᠮᠳᠠᠳᠤ ᠤᠯᠤᠰ ︵ᠡᠵᠡᠨ᠎ᠡ︶ ᠤᠨ ᠬᠢᠯᠢ ᠶᠢᠨ ᠪᠣᠭᠤᠮᠲᠠ ᠶᠢᠨ ᠤᠯᠠᠨ ᠤᠯᠤᠰ ᠤᠨ ᠲᠠᠸᠠᠷ ᠤᠨ ᠦᠵᠡᠰᠬᠦᠯᠡᠩ ᠪᠣᠯ ᠤᠤᠯ ᠨᠢ ᠡᠵᠡᠨ᠎ᠡ · ᠳᠤᠮᠳᠠᠳᠤ ᠮᠣᠩᠭᠤᠯ ᠤᠨ ᠤᠯᠠᠨ ᠤᠯᠤᠰ ᠤᠨ ᠲᠠᠸᠠᠷ ᠤᠨ ᠦᠵᠡᠰᠬᠦᠯᠡᠩ ᠤᠨ ᠵᠥᠪᠳᠡᠯᠴᠡᠬᠡᠷ ᠤᠨ ᠬᠤᠷᠠᠯ ᠪᠠᠶᠢᠭᠰᠠᠨ ᠢᠶᠠᠨ 7 ᠵᠢᠯ ᠢᠶᠠᠷ ᠲᠠᠮᠵᠢᠨ 5 ᠬᠤᠭᠤᠴᠠᠭ᠎ᠠ ᠶᠠᠪᠤᠭᠳᠠᠵᠦ᠂ ᠬᠡᠪᠴᠢᠶ᠎ᠡ ᠨᠢ ᠲᠠᠰᠤᠷᠠᠯᠳᠡ ᠦᠭᠡᠢ ᠥᠷᠭᠡᠳᠤᠨ᠂ ᠦᠷ᠎ᠡ ᠪᠦᠲᠦᠭᠡᠯ ᠨᠢ ᠡᠳᠦᠷ ᠢᠷᠡᠬᠦᠶ᠎ᠡ ᠪᠠᠶᠠᠯᠢᠭᠵᠢᠵᠤ᠂ ᠤᠳᠤ ᠨᠢᠬᠡᠨᠳᠠ ᠤᠯᠤᠰ ᠤᠨ ᠲᠡᠰ ᠤᠨ ᠦᠵᠡᠰᠬᠦᠯᠡᠩ ᠪᠤᠯᠵᠤ᠂ ᠦᠵᠡᠰᠬᠦᠯᠡᠩ ᠤᠨ ᠡᠬᠢ ᠪᠠᠶᠠᠯᠢᠭ ᠢ ᠤᠯᠠᠮ ᠴᠢᠨᠠᠭᠰᠢᠳᠠ ᠪᠠᠶᠠᠯᠢᠭᠵᠢᠭᠤᠯᠬᠤ᠂ ᠦᠵᠡᠰᠬᠦᠯᠡᠩ ᠤᠨ ᠬᠦᠷᠢᠶ᠎ᠡ ᠶᠢ ᠥᠷᠭᠡᠳᠬᠡᠬᠦ᠂ ᠦᠵᠡᠰᠬᠦᠯᠡᠩ ᠤᠨ ᠦᠢᠯᠡᠳᠦᠯ ᠢ ᠪᠠᠳᠠᠷᠠᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠳᠤᠮᠳᠠᠳᠤ ᠤᠯᠤᠰ ︵ᠡᠵᠡᠨ᠎ᠡ︶ ᠤᠨ ᠪᠣᠭᠤᠮᠲᠠ ᠶᠢᠨ ᠤᠯᠠᠨ ᠤᠯᠤᠰ ᠤᠨ ᠲᠠᠸᠠᠷ ᠤᠨ ᠦᠵᠡᠰᠬᠦᠯᠡᠩ ᠤᠨ ᠴᠤᠭᠯᠠᠭᠠᠨ ᠢ ᠡᠷᠬᠢᠯᠡᠭᠰᠡᠨ ᠨᠢ ᠥᠪᠥᠷ ᠮᠣᠩᠭᠤᠯ ᠪᠣᠯᠤᠨ ᠠᠯᠠᠱᠠ ᠶᠢᠨ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠠᠬᠢᠭᠤᠯᠵᠤ᠂ ᠳᠤᠮᠳᠠᠳᠤ ᠤᠯᠤᠰ ᠪᠣᠯᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠤᠳ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠂ ᠣᠷᠣᠨ ᠪᠦᠰᠡ ᠪᠣᠯᠤᠨ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢᠶᠠᠨ ᠰᠡᠷᠭᠦᠭᠡᠬᠦ ᠶᠢ ᠠᠬᠢᠭᠤᠯᠬᠤ ᠳᠤ ᠠᠰᠢᠭᠳᠠᠢ ᠶᠤᠮ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号