ᠠᠯᠠᠱᠠ ᠪᠠᠷᠠᠭᠤᠨ ᠬᠤᠰᠢᠭᠤᠨ ᠤ ᠵᠠᠰᠠᠬ ᠤᠨ ᠤᠷᠳᠤᠨ ᠮᠠᠯᠴᠢᠳ ᠲᠤ ᠪᠤᠳᠠ ᠮᠠᠯ ᠳᠤ ᠵᠡᠭᠦᠯᠭᠡᠬᠦ ᠵᠠᠮ ᠬᠠᠷᠢᠯᠴᠠᠭᠠᠨ ᠤ ᠠᠮᠤᠷ ᠲᠦᠪᠰᠢᠨ ᠤ ᠭᠡᠷᠡᠯ ᠤᠢᠢᠬᠤ ᠤᠷᠢᠶᠠᠯᠳᠠ ᠶᠢᠨ ᠪᠦᠰᠡ ᠲᠠᠷᠬᠠᠭᠠᠪᠠ
ᠨᠡᠶᠢᠲᠡᠯᠡᠭᠰᠡᠨ ᠴᠠᠭ᠄
2021/9/6
      ᠣᠶᠢᠷ᠎ᠠ ᠶᠢᠨ ᠡᠳᠦᠷ᠂ ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠠᠴᠠ ᠬᠦᠳᠡᠭᠡ ᠲᠤᠰᠬᠤᠨ ᠤ ᠬᠦᠭᠵᠢᠯᠳᠡ ᠶᠢ ᠠᠬᠢᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠳᠡ ᠶᠢᠨ ᠱᠤᠭᠤᠮ ᠢ ᠪᠠᠶᠢᠭᠤᠯᠬᠤ ᠵᠤᠷᠢᠯᠭ᠎ᠠ ᠪᠠᠷ ᠪᠠᠳᠠᠢ ᠶᠢᠨ ᠵᠢᠷᠠᠨ᠂ ᠪᠠᠶᠠᠨᠭᠤᠤᠯ᠂ ᠠᠯᠳᠠᠠᠴᠤᠭ᠂ ᠶᠠᠪᠠᠷᠠᠢ᠂ ᠮᠠᠨᠳᠤᠯ᠂ ᠠᠯᠳ᠋ᠬᠠᠤᠪᠤᠭ᠎ᠠ᠂ ᠲᠠᠩᠰᠤᠬᠪᠤᠯᠠᠭ ᠵᠡᠷᠭᠡ 7 ᠰᠤᠮᠤ ᠪᠠᠯᠭᠠᠰᠤᠨ ᠤ ᠮᠠᠯᠴᠢᠳ ᠲᠤ 30000 ᠵᠠᠮ ᠬᠠᠷᠢᠯᠴᠠᠭᠠᠨ ᠤ ᠠᠮᠤᠷ ᠲᠦᠪᠰᠢᠨ ᠤ ᠭᠡᠷᠡᠯ ᠤᠢᠢᠬᠤ ᠤᠷᠢᠶᠠᠯᠳᠠ ᠶᠢᠨ ᠪᠦᠰᠡ ᠶᠢ ᠦᠨ᠎ᠡ ᠲᠦᠯᠦᠪᠦᠷᠢ ᠦᠭᠡᠢ ᠬᠦᠷᠭᠡᠵᠤ ᠦᠭᠭᠦᠭᠰᠡᠨ ᠪᠠᠶᠢᠨ᠎ᠠ᠃       ᠠᠯᠠᠱᠠ ᠪᠠᠷᠠᠭᠤᠨ ᠬᠤᠰᠢᠭᠤ ᠪᠤᠯ ᠮᠠᠨ ᠤ ᠤᠯᠤᠰ ᠤᠨ ᠲᠡᠮᠡᠭᠡ ᠮᠠᠯᠵᠢᠯ᠂ ᠲᠡᠮᠡᠭᠡᠨ ᠤ ᠠᠵᠤ ᠦᠢᠯᠡᠰ ᠤᠨ ᠴᠢᠬᠤᠯᠠ ᠰᠠᠭᠤᠷᠢᠨ ᠭᠠᠵᠠᠷ ᠪᠠᠶᠢᠵᠤ᠂ ᠬᠢᠯᠢ ᠬᠢᠵᠠᠭᠠᠷ ᠤᠨ ᠰᠤᠮᠤ ᠪᠠᠯᠭᠠᠰᠤᠨ ᠤ ᠮᠠᠯᠴᠢᠳ ᠲᠡᠮᠡᠭᠡ ᠮᠠᠯᠵᠢᠯ ᠢᠶᠠᠷ ᠦᠢᠯᠡᠳᠪᠦᠷᠢᠯᠡᠯ ᠠᠮᠢᠳᠤᠷᠠᠯ ᠤᠨ ᠭᠤᠤᠯ ᠢᠷᠡᠯᠳᠡ ᠪᠠᠨ ᠪᠤᠯᠭᠠᠵᠤ ᠪᠠᠶᠢᠳᠠᠭ᠃ ᠮᠠᠯᠴᠢᠳ ᠤᠨ ᠲᠡᠮᠡᠭᠡ ᠮᠠᠯᠵᠢᠯ ᠤᠨ ᠪᠠᠶᠢᠷᠢ ᠪᠡᠯᠴᠢᠭᠡᠷ ᠢᠶᠠᠷ ᠰᠤᠮᠤ ᠪᠠᠯᠭᠠᠰᠤ᠂ ᠭᠠᠴᠠᠭ᠎ᠠ ᠲᠤᠰᠬᠤᠨ ᠤ ᠵᠠᠰᠠᠮᠠᠯ ᠵᠠᠮ ᠨᠡᠪᠳᠡᠷᠡᠵᠤ ᠮᠠᠯᠴᠢᠨ ᠲᠦᠮᠡᠨ ᠤ ᠭᠠᠳᠠᠬᠰᠢ ᠲᠤᠳᠤᠬᠰᠢ ᠶᠠᠪᠤᠬᠤ ᠳᠤ ᠵᠠᠮ ᠬᠠᠷᠢᠯᠴᠠᠭᠠᠨ ᠤ ᠰᠠᠶᠢᠨ ᠨᠦᠭᠦᠴᠡᠯ ᠢ ᠪᠦᠷᠢᠯᠳᠦᠭᠦᠯᠦᠨ ᠦᠭᠴᠠᠢ᠃ ᠭᠡᠬᠦ ᠳᠤ ᠡᠳᠡᠭᠡᠷ ᠵᠠᠮ ᠢᠶᠠᠷ ᠰᠦᠨᠢ ᠠᠶᠠᠯᠠᠬᠤ ᠮᠠᠰᠢᠨ ᠲᠡᠷᠭᠡᠨ ᠤ ᠵᠢᠯᠤᠭᠤᠴᠢ ᠨᠠᠷ ᠵᠠᠮ ᠲᠠᠭᠠᠤ ᠢᠳᠡᠰᠢᠯᠡᠵᠤ ᠪᠠᠶᠢᠬᠤ ᠪᠤᠶᠤ ᠵᠠᠮ ᠦᠩᠭᠡᠷᠡᠵᠤ ᠬᠡᠳᠦᠯᠬᠦ ᠲᠡᠮᠡᠭᠡ ᠮᠠᠯ ᠢ ᠤᠯᠵᠤ ᠬᠠᠷᠠᠬᠤ ᠦᠭᠡᠢ᠂ ᠢᠯᠭᠠᠨ ᠲᠠᠨᠢᠬᠤ ᠦᠭᠡᠢ ᠠᠴᠠ ᠪᠤᠯᠵᠤ᠂ ᠪᠤᠳᠠ ᠮᠠᠯ ᠢ ᠲᠠᠭᠠᠷᠢᠬᠰᠠᠨ ᠲᠡᠷᠭᠡᠨ ᠠᠳᠡᠯ ᠦᠷᠭᠦᠯᠵᠢ ᠭᠠᠷᠴᠤ᠂ ᠵᠢᠯᠤᠭᠤᠴᠢ ᠬᠢᠭᠡᠳ ᠮᠠᠯᠴᠢᠳ ᠤᠨ ᠲᠡᠮᠡᠭᠡ ᠮᠠᠯ ᠳᠤ ᠠᠮᠢ ᠨᠠᠰᠤ ᠠᠵᠤ ᠠᠬᠤᠢ ᠶᠢᠨ ᠬᠤᠬᠢᠷᠠᠯ ᠤᠴᠠᠷᠠᠭᠤᠯᠳᠠᠭ᠃ ᠡᠨᠡᠬᠦ ᠪᠠᠶᠢᠳᠠᠯ ᠳᠤ ᠴᠢᠭᠯᠡᠭᠦᠯᠦᠨ ᠦᠨᠳᠦᠰᠦᠨ ᠱᠠᠳᠤᠨ ᠤ ᠲᠤᠳᠤᠭᠠᠳᠤ ᠶᠢ ᠬᠠᠮᠠᠭᠠᠯᠠᠬᠤ ᠰᠠᠯᠪᠤᠷᠢ ᠶᠢᠨ ᠬᠢᠨ ᠬᠢᠯᠢ ᠬᠢᠵᠠᠭᠠᠷ ᠤᠨ ᠮᠠᠯᠵᠢᠬᠤ ᠤᠷᠤᠨ ᠢᠶᠠᠷ ᠭᠦᠨᠵᠡᠭᠡᠶᠢᠷᠡᠨ ᠵᠠᠮ ᠲᠠᠭᠠᠤ ᠮᠠᠯᠴᠢᠳ ᠤᠨ ᠲᠡᠮᠡᠭᠡ ᠮᠠᠯᠵᠢᠯ ᠬᠢᠭᠡᠳ ᠵᠠᠰᠠᠮᠠᠯ ᠵᠠᠮ ᠤᠨ ᠬᠠᠮᠠᠭᠠᠯᠠᠯᠳᠠ ᠶᠢᠨ ᠬᠠᠰᠢᠯᠭ᠎ᠠ ᠲᠤᠤᠷ ᠵᠡᠷᠭᠡ ᠪᠠᠶᠢᠳᠠᠯ ᠳᠤ ᠨᠠᠷᠢᠨ ᠪᠠᠶᠢᠴᠠᠭᠠᠯᠳᠠ ᠬᠢᠵᠤ᠂ ᠠᠯᠠᠱᠠ ᠪᠠᠷᠠᠭᠤᠨ ᠬᠤᠰᠢᠭᠤᠨ ᠤ ᠵᠠᠰᠠᠬ ᠤᠨ ᠤᠷᠳᠤᠨ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠡ᠂ ᠲᠠᠭᠠᠳᠬᠠᠯ ᠤᠨ ᠺᠤᠮᠫᠠᠨᠢ ᠵᠡᠷᠭᠡ ᠬᠠᠮᠵᠢᠯᠴᠠᠨ ᠮᠠᠯᠴᠢᠳ ᠲᠤ ᠦᠨ᠎ᠡ ᠲᠦᠯᠦᠪᠦᠷᠢ ᠦᠭᠡᠢ ᠪᠠᠷ ᠵᠠᠮ ᠬᠠᠷᠢᠯᠴᠠᠭᠠᠨ ᠤ ᠠᠮᠤᠷ ᠲᠦᠪᠰᠢᠨ ᠤ ᠭᠡᠷᠡᠯ ᠤᠢᠢᠬᠤ ᠤᠷᠢᠶᠠᠯᠳᠠ ᠶᠢᠨ ᠪᠦᠰᠡ ᠲᠠᠷᠬᠠᠭᠠᠵᠤ ᠠᠷᠠᠳ ᠲᠤ ᠪᠤᠳᠠᠳᠤ ᠶᠠᠪᠤᠳᠠᠯ ᠬᠢᠵᠤ ᠦᠭᠭᠦᠭᠰᠡᠨ ᠪᠠᠶᠢᠨ᠎ᠠ᠃       ᠫᠢᠩ ᠠᠨ ᠡᠳ᠋ ᠬᠦᠷᠦᠩᠬᠡ ᠶᠢᠨ ᠲᠠᠭᠠᠳᠬᠠᠯ ᠤᠨ ᠠᠯᠠᠱᠠ ᠶᠢᠨ ᠰᠠᠯᠪᠤᠷᠢ ᠺᠤᠮᠫᠠᠨᠢ ᠠᠴᠠ ᠬᠦᠷᠭᠡᠭᠰᠡᠨ ᠵᠠᠮ ᠬᠠᠷᠢᠯᠴᠠᠭᠠᠨ ᠤ ᠠᠮᠤᠷ ᠲᠦᠪᠰᠢᠨ ᠤ ᠭᠡᠷᠡᠯ ᠤᠢᠢᠬᠤ ᠤᠷᠢᠶᠠᠯᠳᠠ ᠶᠢᠨ ᠪᠦᠰᠡ ᠶᠢ ᠲᠠᠷᠠᠭᠠᠴᠢ ᠪᠠᠷ ᠮᠠᠯᠴᠢᠳ ᠲᠤ ᠬᠤᠪᠢᠶᠠᠨ ᠦᠭᠴᠦ᠂ ᠦᠬᠡᠷ᠂ ᠲᠡᠮᠡᠭᠡ᠂ ᠮᠤᠷᠢ ᠶᠢᠨ ᠬᠦᠵᠦᠬᠦᠦ᠂ ᠬᠦᠯ ᠳᠤ ᠤᠷᠢᠶᠠᠵᠤ᠂ ᠰᠦᠨᠢ ᠪᠠᠷ ᠵᠠᠮ ᠠᠶᠠᠯᠠᠬᠤ ᠮᠠᠰᠢᠨ ᠲᠡᠷᠭᠡᠨ ᠤ ᠵᠢᠯᠤᠭᠤᠴᠢ ᠨᠠᠷ ᠲᠤ ᠵᠠᠮ ᠢᠶᠠᠷ ᠦᠩᠭᠡᠷᠡᠬᠦ ᠪᠤᠶᠤ ᠵᠠᠮ ᠤᠨ ᠬᠠᠪᠢ ᠪᠠᠷ ᠪᠠᠶᠢᠭ᠎ᠠ ᠪᠤᠳᠠ ᠮᠠᠯ ᠢ ᠢᠯᠭᠠᠨ ᠦᠵᠡᠬᠦ ᠨᠤᠷᠮ᠎ᠠ ᠶᠢ ᠲᠡᠭᠡᠭᠰᠢᠯᠡᠭᠦᠯᠵᠤ᠂ ᠮᠠᠯᠵᠢᠬᠤ ᠤᠷᠤᠨ ᠤ ᠵᠠᠮ ᠬᠠᠷᠢᠯᠴᠠᠭᠠᠨ ᠤ ᠠᠳᠡᠯ ᠬᠡᠷᠡᠭ ᠭᠠᠷᠬᠤ ᠶᠢ ᠤᠷᠢᠳᠴᠢᠯᠡᠨ ᠰᠡᠷᠭᠡᠶᠢᠯᠡᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠪᠤᠯᠤᠨ ᠬᠦᠮᠦᠨ ᠠᠷᠠᠳ᠂ ᠮᠠᠯ ᠠᠮᠢᠳᠠᠨ ᠤ ᠠᠮᠢ ᠨᠠᠰᠤ ᠠᠵᠤ ᠠᠬᠤᠢ ᠶᠢᠨ ᠠᠮᠤᠷ ᠲᠦᠪᠰᠢᠨ ᠢ ᠪᠠᠳᠤᠯᠠᠨ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠬᠦ ᠪᠤᠯᠤᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号