ᠠᠯᠠᠱᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠯᠠᠮ ᠨᠢᠬᠡ ᠠᠯᠬᠤᠮ ᠡᠷᠴᠢᠮᠵᠢᠬᠦᠯᠦᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2021/9/6
       9 ᠰᠠᠷ᠎ᠠ ᠶᠢᠨ 3 ᠤ ᠡᠳᠦᠷ᠂ ᠪᠥᠬᠦ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠵᠤ᠂ ᠪᠥᠬᠦ ᠤᠯᠤᠰ ᠤᠨ ᠰᠢᠨ᠎ᠡ ᠲᠢᠲᠢᠮᠯᠢᠭ ᠸᠢᠷᠦ᠋ᠰ ᠢ ᠳᠠᠷᠣᠬᠤ ᠸᠠᠺᠼᠢᠨ ᠤ ᠲᠠᠷᠢᠯᠭ᠎ᠠ ᠶᠢᠨ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠴᠢᠨ ᠶᠠᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠳᠡᠳ᠋ ᠳᠠᠷᠤᠭ᠎ᠠ ᠯᠢᠦ ᠭᠦᠸᠧ ᠮᠢᠩ ᠬᠤᠷᠠᠯ ᠳᠤ ᠣᠷᠣᠯᠴᠠᠪᠠ᠃        ᠬᠤᠷᠠᠯ ᠠᠴᠠ᠂ ᠣᠳᠣᠬᠠᠨ ᠳᠤ ᠪᠥᠬᠦ ᠪᠥᠮᠪᠥᠷᠴᠡᠭ ᠤᠨ ᠬᠢᠵᠢᠭ ᠤᠨ ᠪᠠᠶᠢᠳᠠᠯ ᠳᠠᠬᠢᠨ ᠬᠡᠴᠡᠭᠦᠳᠡᠵᠦ᠂ ᠮᠣᠩᠭᠤᠯ ᠤᠯᠤᠰ ᠲᠤ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠡᠭᠦᠰᠬᠦ ᠬᠠᠨᠳᠤᠰᠢ ᠢᠯᠡᠷᠡᠵᠦ᠂ ᠮᠠᠨ ᠤ ᠠᠶᠢᠮᠠᠭ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠮᠥᠨ ᠬᠦ ᠬᠦᠨᠳᠦ ᠨᠣᠴᠢᠲᠠᠶ ᠪᠠᠶᠢᠨ᠎ᠠ᠃ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠲᠠᠶᠢᠪᠤᠰᠢᠷᠠᠬᠤ ᠦᠵᠡᠯ ᠰᠠᠨᠠᠭ᠎ᠠ᠂ ᠬᠠᠯᠠᠰᠢᠷᠠᠬᠤ ᠰᠡᠳᠬᠢᠯᠭᠡ᠂  ᠠᠵᠠ ᠬᠠᠷᠠᠬᠤ ᠪᠣᠳᠣᠯ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠭᠠᠳᠠᠨ᠎ᠠ ᠠᠴᠠ ᠳᠠᠮᠵᠢᠨ ᠬᠠᠯᠳᠠᠪᠣᠷᠢᠯᠠᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠡᠯᠭᠡᠷᠡᠬᠦ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠶ᠃ ᠡᠯ᠎ᠡ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠢᠨ ᠥᠨᠳᠥᠷ ᠪᠦᠲᠦᠮᠵᠢᠲᠡᠶ ᠪᠠᠷ ᠠᠵᠢᠯᠯᠠᠬᠤ ᠶᠢ ᠪᠠᠲᠤᠯᠠᠵᠤ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠡᠳᠦᠷ ᠤᠨ ᠮᠡᠳᠡᠭᠦᠯᠦᠯᠲᠡ ᠬᠢᠬᠦ᠂ ᠡᠪᠡᠳᠴᠢᠨ ᠤ ᠳᠣᠬᠢᠶᠠᠯᠳᠣᠯ ᠥᠬᠡᠶ ᠪᠠᠶᠢᠬᠤ ᠶᠢ ᠮᠡᠳᠡᠬᠦᠯᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠡᠷᠡᠭᠦᠯ ᠬᠠᠮᠠᠭᠠᠯᠠᠯ ᠡᠷᠡᠭᠦᠯ ᠮᠡᠨᠳᠦ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠤᠳ ᠮᠡᠳᠡᠭᠡ ᠵᠠᠩᠭᠢ ᠪᠠᠨ ᠨᠡᠪᠲᠡᠷᠡᠯᠴᠡᠵᠦ ᠬᠠᠮᠲᠤ ᠪᠠᠷ ᠭᠥᠷᠳᠡᠬᠦ ᠪᠠᠨ ᠴᠢᠩᠭᠠᠳᠬᠠᠵᠤ᠂ ᠨᠢᠭᠲᠠ ᠬᠠᠮᠵᠢᠯᠴᠠᠨ ᠬᠠᠮᠲᠤᠷᠠᠯᠴᠠᠵᠤ᠂ ᠨᠠᠩ ᠥᠨᠳᠥᠷ ᠪᠦᠲᠦᠮᠵᠢᠲᠡᠶ ᠬᠠᠮᠲᠤᠷᠠᠨ ᠬᠥᠳᠡᠯᠦᠯᠴᠡᠬᠦ ᠲᠣᠭᠲᠠᠴᠠ ᠶᠢ  ᠪᠦᠷᠢᠯᠳᠦᠬᠦᠯᠬᠦ ᠬᠡᠷᠡᠭᠳᠡᠢ᠃ ᠬᠢᠵᠢᠭ ᠤᠨ ᠪᠠᠶᠢᠳᠠᠯ ᠤᠨ ᠲᠤᠬᠠᠢ ᠵᠠᠳᠠᠯᠤᠯᠲᠠ ᠮᠠᠭᠠᠳᠯᠠᠯᠲᠠ ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠠᠷᠭ᠎ᠠ ᠬᠡᠮᠵᠢᠶ᠎ᠡ ᠪᠠᠨ ᠲᠤᠬᠢᠷᠠᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ᠂ ᠣᠨᠣᠪᠴᠢᠲᠠᠢ᠂ ᠪᠦᠲᠦᠮᠵᠢᠲᠡᠢ ᠪᠠᠶᠢᠬᠤ ᠶᠢ ᠦᠨᠨᠡᠬᠦ ᠪᠡᠶᠡᠯᠡᠭᠦᠯᠬᠦ ᠬᠡᠷᠡᠭᠲᠡᠢ ᠭᠡᠪᠡ᠃
       ᠬᠤᠷᠠᠯ ᠠᠴᠠ᠂ ᠮᠠᠨ ᠤ ᠠᠶᠢᠮᠠᠭ ᠲᠤ ᠪᠤᠴᠠᠵᠤ ᠢᠷᠡᠭᠰᠡᠨ ᠬᠥᠮᠦᠰ ᠢ ᠬᠠᠮᠢᠶᠠᠷᠤᠨ ᠡᠵᠡᠮᠳᠡᠬᠦ ᠶᠢ ᠤᠯᠠᠮ ᠴᠢᠨᠠᠭᠰᠢᠳᠠ ᠴᠢᠩᠭᠠᠳᠬᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠵᠢᠭᠯᠡᠯᠲᠡᠢ ᠪᠤᠶᠤ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠢᠯᠡᠷᠡᠭᠦᠯᠵᠦ᠂ ᠳᠠᠷᠦ᠋ᠢᠬᠠᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠵᠦ᠂ ᠬᠢᠵᠢᠭ ᠤᠨ ᠲᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠬᠢᠯᠢ ᠶᠢᠨ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠠᠵᠢᠯ ᠢ ᠨᠡᠩ ᠨᠢᠮᠪᠠᠢ ᠴᠢᠩᠭ᠎ᠠ ᠰᠠᠶᠢᠲᠤᠷ ᠬᠢᠵᠦ᠂ ᠠᠵᠢᠯ ᠤᠨ ᠶᠠᠪᠤᠴᠠ ᠪᠣᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠦᠬᠦ ᠶᠠᠪᠤᠴᠠ ᠪᠠᠷ ᠨᠢ ᠪᠢᠲᠡᠭᠦᠮᠵᠢᠯᠡᠬᠦ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠬᠢᠵᠦ᠂ ᠬᠢᠵᠢᠭ ᠬᠢᠯᠢ ᠶᠢᠨ ᠭᠠᠳᠠᠨ᠎ᠠ ᠠᠴᠠ ᠳᠠᠮᠵᠢᠨ ᠬᠠᠯᠳᠠᠪᠣᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠵᠤ᠂ ᠭᠠᠳᠠᠭᠠᠳᠤ ᠠᠴᠠ ᠣᠷᠣᠭᠤᠯᠬᠤ ᠬᠦᠢᠳᠡᠨ ᠬᠡᠯᠬᠢᠶᠡᠲᠦ ᠢᠳᠡᠭᠡᠨ ᠤ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠤᠭᠴᠤᠭ᠎ᠠ ᠪᠣᠯᠭᠠᠨ ᠳᠤ ᠭᠠᠷᠴᠤ ᠮᠡᠳᠡᠬᠦ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠶ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠲᠠᠯᠠᠪᠤᠷ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠬᠥᠮᠦᠨ ᠬᠠᠷ᠎ᠠ ᠨᠢᠭᠲᠠᠷᠠᠭᠰᠠᠨ ᠣᠷᠣᠨ ᠪᠦᠰᠡ ᠶᠢᠨ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ ᠶᠢ ᠴᠢᠩᠭᠠᠳᠬᠠᠬᠤ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠶᠢᠨ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ ᠪᠣᠯᠤᠨ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠬᠤ ᠶᠢ ᠰᠡᠷᠭᠡᠶᠢᠯᠡᠬᠦ ᠬᠡᠷᠡᠭᠲᠡᠢ᠃ ᠸᠠᠺᠼᠢᠨ ᠤ ᠪᠥᠬᠦ ᠬᠡᠯᠬᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠵᠦ᠂ ᠠᠶᠤᠯ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ ᠪᠣᠯᠤᠨ ᠵᠣᠬᠢᠬᠤ ᠨᠠᠰᠤᠨ ᠤ ᠴᠡᠭᠡᠷ ᠥᠬᠡᠶ ᠬᠥᠮᠦᠰ ᠤᠨ     ︽ᠪᠦᠬᠦᠨ ᠳᠤᠨᠢ ᠳᠠᠷᠢᠬᠤ︾ ᠶᠢ ᠦᠨᠡᠨᠬᠦ  ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠪᠣᠯᠤᠨ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠪᠣᠳᠠᠲᠤ ᠠᠵᠢᠯᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠵᠢᠭᠰᠠᠭᠠᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠠᠯᠳᠠᠭ᠎ᠠ ᠳᠤᠲᠠᠭᠳᠠᠯ ᠢ ᠨᠢ ᠪᠠᠶᠢᠴᠠᠭᠠᠨ ᠨᠥᠬᠦᠪᠥᠷᠢᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠭᠠᠷᠭᠠᠭᠰᠠᠨ᠂ ᠰᠡᠷᠭᠡᠶᠢᠯᠡᠨ ᠡᠵᠡᠮᠳᠡᠬᠦ ᠡᠷᠴᠢᠮ‌ᠨᠢ ᠰᠤᠯᠠ᠂ ᠠᠰᠠᠭᠤᠳᠠᠯ ᠭᠠᠷᠤᠭᠰᠠᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃       ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠤᠯᠪᠣᠭᠳᠠᠯ ᠪᠥᠬᠦᠶ ᠳᠡᠳ᠋ ᠶᠡᠷᠦᠩᠬᠡᠶ ᠵᠢᠯᠣᠭᠤᠳᠣᠭᠴᠢ ᠵᠢᠴᠢ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠂ ᠭᠠᠳᠠᠭᠠᠳᠤ ᠳᠤ ᠬᠤᠯᠪᠣᠭᠳᠠᠬᠤ ᠵᠢᠴᠢ ᠰᠢᠶᠠᠩᠭᠠᠩ ᠣᠣᠮᠧᠨ ᠲᠠᠶᠢᠸᠠᠨ ᠳᠤ ᠬᠤᠯᠪᠣᠭᠳᠠᠬᠤ ᠠᠵᠢᠯ ᠤᠨ ᠳᠤᠭᠤᠶᠢᠯᠠᠩ ᠬᠤᠷᠠᠯ ᠤᠨ ᠬᠤᠪᠢᠶᠠᠷᠢ ᠲᠠᠯᠠᠪᠠᠶ ᠳᠤ ᠬᠤᠷᠠᠯ ᠳᠤ ᠣᠷᠣᠯᠴᠠᠪᠠ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号