ᠮᠠᠨ ᠤ ᠠᠶᠢᠮᠠᠭ ᠭᠡᠷ ᠪᠦᠯᠢ ᠶᠢᠨ ᠰᠤᠷᠭᠠᠨ ᠬᠥᠮᠦᠵᠢᠯ ᠤᠨ ᠨᠡᠶᠢᠲᠡ ᠳᠤ ᠠᠰᠢᠭ ᠬᠦᠷᠳᠡᠭᠡᠬᠦ ᠬᠦᠮᠦᠵᠢᠯ ᠪᠣᠯᠪᠠᠰᠣᠷᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/6
      ᠭᠡᠷ ᠪᠦᠯᠢ ᠶᠢᠨ ᠰᠤᠷᠭᠠᠨ ᠬᠥᠮᠦᠵᠢᠯ ᠬᠢᠭᠡᠳ ᠰᠤᠷᠭᠠᠭᠤᠯᠢ ᠶᠢᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠤᠨ ᠵᠣᠬᠢᠴᠠᠩᠭᠤᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠥᠷᠭᠡᠨ ᠣᠯᠠᠨ ᠭᠡᠷ ᠤᠨ ᠠᠬᠠᠮᠠᠳ ᠤᠨ ᠭᠡᠷ ᠪᠦᠯᠢ ᠶᠢᠨ ᠰᠤᠷᠭᠠᠨ ᠬᠥᠮᠦᠵᠢᠯ ᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠡᠨᠡ ᠵᠢᠯ ᠠᠴᠠ ᠨᠠᠰᠢ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠪᠦᠬᠦ ᠠᠶᠢᠮᠠᠭ ᠲᠤ ᠭᠡᠷ ᠪᠦᠯᠢ ᠶᠢᠨ ᠰᠤᠷᠭᠠᠨ ᠬᠥᠮᠦᠵᠢᠯ ᠤᠨ ᠨᠡᠶᠢᠲᠡ ᠳᠤ ᠠᠰᠢᠭ ᠬᠦᠷᠳᠡᠭᠡᠬᠦ ᠬᠦᠮᠦᠵᠢᠯ ᠪᠣᠯᠪᠠᠰᠣᠷᠠᠯ ᠤᠨ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠳᠠᠶᠢᠯᠪᠣᠷᠢᠯᠠᠭᠴᠢ ᠪᠠᠭᠰᠢ ᠶᠢᠨ ᠪᠦᠯᠬᠦᠮ ᠤᠨ ᠭᠡᠰᠢᠭᠦᠳ ᠡᠵᠡᠨ᠎ᠡ ᠬᠤᠰᠢᠭᠤ᠂ ᠠᠯᠠᠱᠠ ᠪᠠᠷᠠᠭᠤᠨ ᠬᠤᠰᠢᠭᠤ᠂ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤ᠂ ᠣᠨᠳᠣᠷᠣᠯᠳᠣ ᠪᠠᠯᠭᠠᠰᠤ ᠵᠡᠷᠭᠡ ᠭᠠᠵᠠᠷ ᠤᠨ 30 ᠭᠠᠷᠤᠶ ᠰᠤᠷᠭᠠᠭᠤᠯᠢ᠂ ᠮᠢᠩᠭ᠎ᠠ ᠭᠠᠷᠤᠶ ᠬᠡᠷ ᠪᠦᠯᠢ ᠳᠤ ᠭᠦᠨᠵᠡᠭᠡᠶᠢᠷᠡᠵᠦ᠂ ᠨᠡᠶᠢᠲᠡ 83 ᠲᠠᠯᠠᠪᠤᠷ ᠤᠳᠠᠭ᠎ᠠ ᠨᠡᠶᠢᠲᠡ ᠳᠤ ᠠᠰᠢᠭ ᠬᠦᠷᠳᠡᠭᠡᠬᠦ ᠶᠠᠷᠢᠶ᠎ᠠ ᠲᠠᠯᠪᠢᠵᠤ᠂ 87483 ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ ᠰᠦᠯᠵᠢᠶᠡᠨ ᠭᠠᠳᠠᠨ᠎ᠠ 76 ᠲᠠᠯᠠᠪᠤᠷ ᠤᠳᠠᠭ᠎ᠠ ᠬᠢᠴᠢᠶᠡᠯᠯᠡᠵᠦ᠂ 9483 ᠬᠥᠮᠦᠨ ᠤᠳᠠᠭ᠎ᠠ ᠳᠤ ᠠᠰᠢᠭ ᠬᠦᠷᠲᠡᠭᠡᠪᠡ︔ ᠰᠦᠯᠵᠢᠶᠡᠨ ᠳᠡᠭᠡᠷ᠎ᠡ 7 ᠲᠠᠯᠠᠪᠤᠷ ᠤᠳᠠᠭ᠎ᠠ ᠬᠢᠴᠢᠶᠡᠯᠯᠡᠵᠦ᠂ 78000 ᠬᠥᠮᠦᠨ ᠤᠳᠠᠭ᠎ᠠ ᠠᠰᠢᠭ ᠭᠥᠷᠳᠡᠪᠡ᠃ ᠰᠦᠯᠵᠢᠶ᠎ᠡ ᠪᠠᠷ ᠬᠢᠴᠢᠶᠡᠯ ᠣᠷᠣᠬᠤ᠂ ᠰᠦᠯᠵᠢᠶᠡᠨ ᠭᠠᠳᠠᠨ᠎ᠠ ᠵᠢᠭᠠᠨ ᠵᠢᠯᠣᠭᠤᠳᠬᠤ ᠪᠠᠷ ᠳᠡᠮᠵᠢᠨ᠂ ᠳᠠᠶᠢᠯᠪᠣᠷᠢᠯᠠᠭᠴᠢ ᠪᠠᠭᠰᠢ ᠶᠢᠨ ᠪᠦᠯᠬᠦᠮ ᠤᠨ ᠭᠡᠰᠢᠬᠦᠳ ᠥᠪᠡᠷ ᠥᠪᠡᠷ ᠤᠨ ᠰᠤᠳᠤᠯᠵᠤ ᠪᠠᠶᠢᠭ᠎ᠠ ᠬᠡᠷ ᠪᠦᠯᠢ ᠪᠠ ᠰᠤᠷᠭᠠᠭᠤᠯᠢ ᠶᠢᠨ ᠬᠠᠮᠲᠤ ᠪᠠᠷ ᠪᠤᠶᠢᠵᠢᠭᠤᠯᠤᠭᠰᠠᠨ ᠣᠨᠣᠯ ᠤᠨ ᠦᠷ᠎ᠡ ᠪᠦᠲᠦᠭᠡᠯ ᠪᠣᠯᠤᠨ  ᠦᠢᠯᠡᠳᠦᠯᠬᠡ ᠶᠢᠨ ᠲᠤᠷᠰᠢᠯᠭ᠎ᠠ ᠪᠠᠨ ᠬᠡᠷ ᠤᠨ ᠠᠬᠠᠮᠠᠳ ᠲᠤ ᠬᠤᠪᠢᠶᠠᠯᠴᠠᠨ ᠥᠭᠴᠦ᠂ ᠬᠡᠷ ᠤᠨ ᠠᠬᠠᠮᠠᠳ ᠤᠨ ᠣᠯᠠᠨ ᠳᠠᠯ᠎ᠠ ᠶᠢᠨ ᠬᠡᠷᠡᠭᠴᠡᠭᠡ ᠶᠢ ᠬᠠᠩᠭᠠᠪᠠ᠃       ᠣᠶᠢᠯᠠᠭᠠᠭᠰᠠᠨ ᠢᠶᠠᠷ᠂ ᠲᠣᠰ ᠤᠳᠠᠭᠠᠨ ᠤ ᠨᠡᠶᠢᠲᠡ ᠠᠰᠢᠭ ᠬᠦᠷᠳᠡᠭᠡᠬᠦ ᠬᠦᠮᠦᠵᠢᠯ ᠪᠣᠯᠪᠠᠰᠣᠷᠠᠯ ᠤᠨ ᠠᠵᠢᠯᠯᠠᠭ᠎ᠠ ᠳᠤ ︽ᠲᠣᠪᠶᠤᠭ ᠤᠨ ᠮᠠᠶ᠋ᠢᠭ︾ ᠤᠨ ᠵᠢᠭᠠᠨ ᠰᠤᠷᠭᠠᠯᠲᠠ ᠶᠢ ᠬᠡᠷᠡᠭᠯᠡᠵᠦ᠂ ᠬᠡᠷ ᠪᠦᠯᠢ ᠶᠢᠨ ᠰᠤᠷᠭᠠᠨ ᠬᠥᠮᠦᠵᠢᠯ ᠤᠨ ᠳᠠᠶᠢᠯᠪᠣᠷᠢᠯᠠᠭᠴᠢ ᠪᠠᠭᠰᠢ ᠶᠢᠨ ᠪᠦᠯᠬᠦᠮ ᠤᠨ ᠭᠡᠰᠢᠬᠦᠨ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠰᠡᠳᠦᠪ ᠲᠤ ︽ᠲᠣᠪᠶᠤᠭ︾ ᠬᠠᠩᠭᠠᠵᠤ᠂ ᠰᠢᠯᠢᠨ ᠰᠣᠩᠭᠤᠭᠰᠠᠨ ᠤ ᠳᠠᠷᠠᠭ᠎ᠠ 15 ᠳᠠᠶᠢᠯᠪᠣᠷᠢᠯᠠᠭᠴᠢ ᠪᠠᠭᠰᠢ ᠶᠢ ᠲᠣᠭᠲᠠᠭᠠᠵᠤ᠂ ᠬᠢᠴᠢᠶᠡᠯ ᠤᠨ ᠨᠠᠷᠢᠨ ᠲᠠᠩᠰᠠ ᠶᠢ ᠲᠣᠭᠲᠠᠭᠠᠵᠤ᠂ ᠬᠢᠴᠢᠶᠡᠯ ᠣᠷᠣᠬᠤ ᠠᠭᠤᠯᠭ᠎ᠠ᠂ ᠬᠢᠴᠢᠶᠡᠯ ᠣᠷᠣᠬᠤ ᠯᠧᠺᠲ᠋ᠣᠷ᠂ ᠭᠥᠯᠢᠶᠡᠨ ᠠᠪᠤᠭᠴᠢᠳ ᠵᠡᠷᠭᠡ ᠶᠢ ᠲᠣᠳᠣᠷᠬᠠᠶᠢᠯᠠᠵᠤ᠂ ᠡᠯ᠎ᠡ ᠭᠠᠵᠠᠷ᠂ ᠡᠯ᠎ᠡ ᠰᠤᠷᠭᠠᠭᠤᠯᠢ ᠬᠡᠷ ᠤᠨ ᠠᠬᠠᠮᠠᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠪᠡᠶ᠎ᠡ ᠪᠠᠨ ᠳᠠᠭᠠᠭᠠᠵᠤ           ︽ᠵᠠᠬᠢᠶᠠᠯᠠᠨ︾ ᠬᠢᠴᠢᠶᠡᠯ ᠰᠣᠩᠭᠤᠨ᠎ᠠ᠃ ᠬᠢᠴᠢᠶᠡᠯ ᠣᠷᠣᠬᠤ ᠠᠭᠤᠯᠭ᠎ᠠ ᠳᠤ ︽ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠬᠢᠭᠡᠳ ᠭᠡᠷ ᠪᠦᠯᠢ ᠶᠢᠨ ᠬᠥᠮᠦᠵᠢᠯ︾᠂ ︽ᠬᠠᠶᠢᠷ᠎ᠠ ᠪᠣᠯ ᠬᠠᠮᠤᠭ ᠤᠨ ᠰᠠᠶᠢᠨ ᠬᠥᠮᠦᠵᠢᠯ ᠮᠥᠨ︾᠂ ︽ᠭᠡᠷ ᠪᠦᠯᠢ ᠶᠢᠨ ᠰᠤᠷᠲᠠᠯ ᠨᠢ ᠬᠡᠦᠬᠡᠳ  ᠢ ᠨᠠᠰᠣᠨ ᠳᠣᠷᠰᠢᠳᠠ ᠳᠤᠨᠢ ᠵᠣᠯ ᠵᠢᠷᠭᠠᠯ ᠲᠠᠢ ᠠᠮᠢᠳᠣᠷᠠᠭᠤᠯᠣᠨ᠎ᠠ︾ ᠵᠡᠷᠭᠡ 20 ᠭᠠᠷᠤᠶ ᠰᠡᠳᠦᠪ ᠪᠠᠭᠲᠠᠨ᠎ᠠ᠃  ᠪᠠᠭᠰᠢ ᠨᠠᠷ ᠬᠢᠴᠢᠶᠡᠯ ᠢᠶᠠᠨ ᠨᠠᠷᠢᠯᠢᠭᠵᠢᠭᠤᠯᠣᠨ ᠰᠢᠯᠢᠳᠡᠭᠵᠢᠬᠦᠯᠵᠦ᠂ ᠵᠢᠭᠠᠨ ᠰᠤᠷᠭᠠᠬᠤ ᠠᠷᠭ᠎ᠠ ᠮᠠᠶ᠋ᠢᠭ ᠪᠠ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠥᠷᠭᠡᠨ ᠣᠯᠠᠨ ᠬᠡᠷ ᠤᠨ ᠠᠬᠠᠮᠠᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠬᠤᠰᠢᠭᠤ ᠨᠡᠭᠡᠭᠡᠯᠳᠡ ᠶᠢᠨ ᠣᠷᠣᠨ᠂ ᠦᠨᠳᠦᠰᠦᠨ ᠱᠠᠲᠤᠨ ᠤ ᠰᠤᠷᠭᠠᠭᠤᠯᠢ ᠳᠤ ᠢᠳᠡᠪᠬᠢᠲᠡᠶ ᠭᠦᠨᠵᠡᠭᠡᠶᠢᠷᠡᠨ᠂ ᠰᠦᠯᠵᠢᠶᠡᠨ ᠭᠠᠳᠠᠨ᠎ᠠ ᠬᠢᠴᠢᠶᠡᠯ ᠣᠷᠣᠬᠤ ᠶᠢᠨ ᠬᠠᠮᠲᠤ ᠡᠯ᠎ᠡ ᠲᠥᠷᠥᠯ ᠤᠨ ᠰᠦᠯᠵᠢᠶᠡᠨ ᠤ ᠲᠠᠪᠴᠠᠩ ᠢ ᠬᠦᠢᠴᠡᠳ ᠠᠰᠢᠭᠯᠠᠨ᠂ ᠣᠬᠤᠷ ᠬᠢᠴᠢᠶᠡᠯ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠬᠢᠴᠢᠶᠡᠯ᠂ ᠬᠡᠷ ᠪᠦᠯᠢ ᠶᠢᠨ ᠬᠥᠮᠦᠵᠢᠯ ᠤᠨ ᠵᠥᠪᠯᠡᠯᠭᠡ ᠥᠭᠬᠦ ᠦᠢᠯᠡᠴᠢᠯᠡᠬᠡᠨ ᠤ ᠤᠲᠠᠰᠤ ᠵᠡᠷᠭᠡ ᠶᠢ ᠨᠡᠪᠲᠡᠷᠡᠭᠦᠯᠵᠦ᠂ ᠬᠡᠷ ᠪᠦᠯᠢ ᠶᠢᠨ ᠣᠷᠳᠣ ᠬᠤᠭᠤᠴᠠᠭ᠎ᠠ ᠪᠠᠷ ᠣᠶᠤᠨ ᠴᠢᠳᠠᠯ ᠨᠢ ᠬᠢᠵᠠᠭᠠᠷ ᠲᠠᠢ ᠪᠥᠭᠡᠳ ᠰᠤᠷᠤᠯᠴᠠᠬᠤ ᠰᠠᠨᠠᠭ᠎ᠠ ᠲᠠᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠥᠷᠭᠡᠨ ᠣᠯᠠᠨ ᠡᠴᠢᠭᠡ ᠡᠬᠡ ᠪᠣᠯᠤᠭᠰᠠᠳ ᠲᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠬᠡᠷ ᠪᠦᠯᠢ ᠶᠢᠨ ᠬᠥᠮᠦᠵᠢᠯ ᠤᠨ ᠵᠢᠯᠣᠭᠤᠳᠣᠯᠭ᠎ᠠ ᠦᠢᠯᠡᠴᠢᠯᠡᠭᠡ ᠬᠠᠩᠭᠠᠵᠤ᠂ ᠥᠷᠭᠡᠨ ᠣᠯᠠᠨ ᠬᠡᠷ ᠤᠨ ᠠᠬᠠᠮᠠᠳ ᠤᠨ ᠬᠡᠷ ᠪᠦᠯᠢ ᠶᠢᠨ ᠬᠥᠮᠦᠵᠢᠯ ᠤᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠪᠡ᠃
 
ᠢᠷᠡᠯᠲᠡ᠄ ᠠᠯᠠᠱᠠ ᠨᠡᠶᠢᠳᠡᠯᠡᠯ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号