ᠸᠠᠩ ᠸᠧᠢ ᠳ᠋ᠦᠡᠭ ᠠᠯᠠᠱᠠ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ︵ᠥᠷᠭᠡᠳᠬᠡᠭᠰᠡᠨ︶ ᠰᠤᠷᠤᠯᠴᠠᠯᠭ᠎ᠠ ᠶᠢ ᠡᠷᠬᠢᠯᠡᠨ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2021/9/6
     ᠤᠢᠢᠷ᠎ᠠ ᠶᠢᠨ ᠡᠳᠦᠷ᠂ ᠠᠶᠢᠮᠠᠭ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠢ ᠳ᠋ᠦᠡᠭ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ           ︵ᠥᠷᠭᠡᠳᠬᠡᠭᠰᠡᠨ︶ ᠰᠤᠷᠤᠯᠴᠠᠯᠭ᠎ᠠ ᠶᠢ ᠡᠷᠬᠢᠯᠡᠨ ᠬᠤᠷᠠᠯᠳᠤᠭᠤᠯᠵᠦ᠂ ᠠᠶᠢᠮᠠᠭ ᠤᠨ ᠤᠳᠤᠷᠢᠳᠤᠯᠭ᠎ᠠ ᠯᠢᠦ ᠰᠢᠶᠤᠤ ᠳ᠋ᠦᠩ᠂ ᠴᠧᠨ ᠸᠧᠨ ᠪᠢᠨ᠂ ᠶᠣᠣ ᠽᠧ ᠶᠤᠸᠠᠨ᠂ ᠠᠭᠤᠯᠠ᠂ ᠵᠠᠩ ᠬᠤ᠋ ᠸᠧᠨ᠂ ᠯᠢ ᠹᠠ ᠷᠦᠩ ᠰᠤᠷᠤᠯᠴᠠᠯᠭ᠎ᠠ ᠳᠤ ᠣᠷᠣᠯᠴᠠᠪᠠ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠶᠠᠪᠤᠳᠠᠯ ᠢ ᠬᠠᠤᠯᠢ ᠶᠣᠰᠣᠭᠠᠷ ᠰᠢᠢᠳᠪᠤᠷᠢᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠨ ᠪᠠᠳᠤᠳᠬᠠᠵᠦ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠬᠦᠨᠵᠡᠬᠡᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠰᠠᠨᠠᠭ᠎ᠠ ᠦᠵᠡᠯᠲᠡ ᠨᠢᠭᠡ ᠪᠦᠷᠢ᠂ ᠤᠯᠤᠰ ᠲᠦᠷᠦ ᠶᠢᠨ ᠨᠤᠲᠠᠯᠠᠯᠲᠠ ᠨᠢᠭᠡ ᠪᠦᠷᠢ᠂ ᠦᠢᠯᠡᠳᠦᠯᠭᠡ ᠶᠢᠨ ᠱᠠᠭᠠᠷᠳᠠᠯᠭ᠎ᠠ ᠨᠢᠭᠡ ᠪᠦᠷᠢ ᠶᠢ ᠪᠦᠷᠢᠨ ᠡᠵᠡᠮᠰᠢᠵᠦ᠂ ᠪᠤᠳᠠᠲᠦ ᠦᠢᠯᠡ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠬᠠᠮᠲᠤ ᠪᠠᠷ ᠴᠢᠨᠡᠭᠡᠯᠢᠭᠵᠢᠬᠦ ᠦᠵᠡᠯ ᠰᠠᠨᠠᠭᠠᠨ ᠤ ᠰᠠᠭᠤᠷᠢ ᠶᠢ ᠪᠠᠳᠤᠳᠬᠠᠬᠤ ᠬᠡᠷᠡᠭᠳᠡᠢ ᠬᠡᠵᠦ ᠱᠠᠭᠠᠷᠳᠠᠪᠠ᠃      ᠬᠤᠷᠠᠯ ᠳᠤ ᠪᠠᠰᠠ ᠶᠡᠷᠦᠩᠬᠡᠶ ᠱᠦᠵᠢ ᠰᠢ ᠶᠢᠨ ᠫᠢᠩ ᠤᠨ ᠾᠧᠪᠧᠶ ᠶᠢᠨ ᠴᠧᠩᠳᠧ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠷᠪᠠᠳᠤᠭᠠᠷ ᠤᠳᠠᠭ᠎ᠠ ᠶᠢᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂      ︽︿ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ ᠰᠢᠨ᠎ᠡ ᠠᠶᠠᠨ ᠳᠠᠭᠠᠨ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ﹀ ᠢ ᠳᠣᠣᠱᠯᠠᠭᠤᠯᠣᠨ ᠨᠠᠶᠢᠳᠠᠪᠤᠷᠢᠵᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶᠠᠨ ᠤ ᠬᠡᠷᠡᠭᠵᠢᠭᠦᠯᠬᠦ ᠰᠠᠨᠠᠯ︾ ᠢ ᠤᠯᠠᠮᠵᠢᠯᠠᠨ ᠰᠤᠷᠤᠯᠴᠠᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号