ᠤᠢᠢᠷ᠎ᠠ ᠶᠢᠨ ᠡᠳᠦᠷ᠂ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ | ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ | ᠺᠠᠳ᠋ᠷᠴᠤᠳ ᠤᠨ ᠪᠣᠯᠪᠠᠰᠤᠷᠠᠯ ᠤᠨ ᠠᠩᠬᠢ ᠲᠥᠪ ᠤᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃ ᠶᠡᠷᠦᠩᠬᠡᠢ | ᠱᠦᠵᠢ ᠰᠢ ᠶᠢᠨ ᠫᠢᠩ ᠤᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠨᠢ ᠮᠠᠨ ᠤ | ᠠᠶᠢᠮᠠᠭ ᠤᠨ ᠢᠳᠡᠷ ᠵᠠᠯᠠᠭᠤ ᠺᠠᠳ᠋ᠷᠴᠤᠳ ᠤᠨ ᠳᠤᠮᠳᠠ ᠴᠢᠩᠭ᠎ᠠ ᠲᠤᠰᠬᠠᠯ ᠭᠠᠷᠴᠤ᠂ ᠤᠯᠠᠨ ᠢᠶᠠᠷ ᠢᠶᠠᠨ ᠶᠡᠷᠦᠩᠬᠡᠢ | ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ | ᠨᠠᠮ ᠳᠠᠭᠠᠨ ᠦᠨᠡᠨᠴᠢ ᠰᠢᠳᠤᠷᠭᠤ᠂ ᠠᠵᠢᠯ ᠬᠢᠵᠦ ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ ᠶᠢᠨ ᠰᠠᠶᠢᠨ | ᠺᠠᠳ᠋ᠷ ᠪᠣᠯᠤᠨ᠎ᠠ ᠭᠡᠵᠦ ᠢᠯᠡᠳᠬᠡᠵᠡᠭᠡᠪᠡ᠃ | ᠠᠶᠢᠮᠠᠭ ᠤᠨ ᠨᠠᠮ ᠤᠨ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠰᠠᠯᠠᠭᠠᠨ ᠤ ᠵᠦ ᠽᠧ ᠢᠦᠢ᠂ | ᠶᠡᠷᠦᠩᠬᠡᠢ ᠱᠦᠵᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠠᠷᠢᠶᠠᠨ ᠳᠠᠭᠠᠨ ᠢᠳᠡᠷ ᠵᠠᠯᠠᠭᠤ | ᠺᠠᠳ᠋ᠷᠴᠤᠳ ᠲᠤ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠢᠶᠠᠷ ᠪᠠᠷᠠᠬᠤ ᠦᠭᠡᠢ᠂ ᠪᠠᠰᠠ ᠪᠦᠬᠦ ᠨᠠᠮ ᠤᠨ | ᠰᠤᠷᠭᠠᠭᠤᠯᠢ ᠶᠢᠨ ᠬᠥᠮᠦᠰ ᠲᠤ ᠬᠦᠨᠳᠦ ᠶᠡᠭᠡ ᠬᠦᠰᠡᠯ ᠨᠠᠶᠢᠳᠠᠯᠭ᠎ᠠ ᠲᠠᠯᠪᠢᠵᠠᠢ᠂ ᠪᠢᠳᠡ ᠬᠠᠷᠢᠭᠤᠴᠠᠯᠭ᠎ᠠ ᠬᠦᠨᠳᠦ | ᠭᠡᠳᠡᠭ ᠢ ᠭᠦᠨᠵᠡᠭᠡᠢ ᠣᠶᠢᠯᠠᠭᠠᠵᠤ ᠪᠠᠶᠢᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ | ᠪᠠᠲᠤ ᠴᠡᠭᠡᠵᠢᠯᠡᠵᠦ᠂ ᠨᠠᠮ ᠤᠨ ᠰᠤᠷᠭᠠᠭᠤᠯᠢ ᠨᠠᠮ ᠤᠨ ᠬᠢ ᠪᠠᠶᠢᠬᠤ ᠵᠠᠷᠴᠢᠮ ᠢ ᠢᠮᠠᠭᠲᠠ ᠪᠠᠷᠢᠮᠲᠠᠯᠠᠨ᠂ ᠺᠠᠳ᠋ᠷ ᠤᠨ | ᠬᠥᠮᠦᠵᠢᠯ ᠪᠣᠯᠪᠠᠰᠤᠷᠠᠯ ᠤᠨ ᠰᠠᠭᠤᠷᠢᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨ᠎ᠡ ᠴᠠᠭ | ᠦᠶ᠎ᠡ ᠶᠢᠨ ᠮᠠᠷᠺᠰ ᠤᠨ ᠦᠵᠡᠯ ᠤᠨ ᠤᠨᠤᠯ ᠤᠨ ᠦᠨᠡᠨᠴᠢ ᠰᠢᠳᠤᠷᠭᠤ ᠤᠯᠠᠮᠵᠢᠯᠠᠭᠴᠢ ᠪᠤᠯᠬᠤ ᠪᠠᠷ ᠴᠢᠷᠮᠠᠶᠢᠨ᠎ᠠ ᠬᠡᠵᠦ | ᠪᠠᠶᠢᠪᠠ᠃ | ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ | ᠡᠷᠬᠢᠯᠡᠭᠴᠢ ᠰᠦᠨ ᠬᠠᠢ ᠶᠠᠨ᠂ ᠶᠡᠷᠦᠩᠬᠡᠢ ᠱᠦᠵᠢ ᠰᠢ ᠶᠢᠨ ᠫᠢᠩ ︽ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ︾ | ᠳᠡᠭᠡᠨ ᠢᠳᠡᠷ ᠵᠠᠯᠠᠭᠤ ᠺᠠᠳ᠋ᠷᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ 6 ᠲᠠᠯ᠎ᠠ ᠶᠢᠨ ᠬᠦᠰᠡᠯ | ᠨᠠᠶᠢᠳᠠᠯᠭ᠎ᠠ ᠳᠤᠷᠠᠳᠴᠠᠢ᠃ ᠪᠢᠳᠡ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠭᠠᠪᠢᠶ᠎ᠠ | ᠪᠠᠶᠢᠭᠤᠯᠵᠤ ᠦᠢᠯᠡᠰ ᠪᠤᠰᠬᠠᠬᠤ᠂ ᠡᠷᠳᠡᠮ ᠴᠢᠳᠠᠪᠤᠷᠢ ᠪᠠᠨ ᠨᠡᠮᠡᠭᠳᠡᠭᠦᠯᠬᠦ ᠪᠣᠳᠠᠲᠠᠢ ᠠᠵᠢᠯᠯᠠᠭ᠎ᠠ ᠪᠣᠯᠭᠠᠨ | ᠬᠤᠪᠢᠷᠠᠭᠤᠯᠵᠤ᠂ ᠠᠮᠢᠵᠢᠷᠠᠯ ᠤᠨ ᠬᠦᠴᠦᠨ ᠲᠠᠢ᠂ ᠵᠣᠷᠢᠭᠲᠠᠢ ᠲᠡᠮᠡᠴᠡᠵᠦ᠂ ᠴᠤᠴᠠᠯᠲᠠ ᠦᠭᠡᠢ ᠤᠷᠤᠭᠰᠢᠯᠠᠬᠤ | ᠣᠷᠭᠢᠯᠤᠮ᠎ᠠ ᠰᠡᠳᠬᠢᠯᠭᠡ ᠪᠣᠯᠤᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠠᠷ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠴᠤᠭ ᠵᠢᠪᠬᠤᠭ᠎ᠠ ᠪᠠᠨ ᠴᠢᠩᠭᠠᠳᠬᠠᠬᠤ ᠶᠢᠨ ᠬᠠᠮᠲᠦ᠂ ᠢᠲᠡᠭᠡᠯ ᠪᠢᠰᠢᠷᠡᠯ ᠲᠠᠢ᠂ ᠵᠥᠪ ᠵᠠᠮ ᠢᠶᠠᠷ | ᠵᠠᠮᠨᠠᠵᠤ᠂ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠪᠣᠯᠤᠨ ᠰᠢᠯᠢᠳᠡᠭ ᠶᠣᠰᠣ ᠰᠤᠷᠲᠠᠬᠤᠨ ᠢᠶᠠᠷ ᠨᠠᠮ ᠤᠨ | ᠲᠥᠯᠥᠭᠡ ᠠᠵᠢᠯᠯᠠᠬᠤ ᠲᠥᠪ ᠰᠤᠷᠲᠠᠯ ᠢ ᠪᠠᠳᠠᠷᠠᠭᠤᠯᠤᠨ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠪᠦᠬᠦ | ᠢᠳᠡᠷ ᠵᠠᠯᠠᠭᠤ ᠺᠠᠳ᠋ᠷᠴᠤᠳ ᠲᠠᠢ ᠬᠠᠮᠲᠤ ᠪᠠᠷ ᠴᠢᠷᠮᠠᠶᠢᠨ᠎ᠠ ᠬᠡᠵᠦ ᠪᠠᠶᠢᠪᠠ᠃ | ︽ᠵᠠᠯᠠᠭᠤ ᠺᠠᠳ᠋ᠷ ᠪᠣᠯᠤᠭᠰᠠᠨ ᠤ ᠬᠤᠪᠢ ᠳᠤ ᠨᠠᠮ ᠤᠨ ᠵᠣᠷᠢᠭ ᠰᠠᠨᠠᠭ᠎ᠠ ᠠᠴᠠ ᠳᠤᠮᠳᠠᠳᠤ ᠤᠯᠤᠰ ᠤᠨ ᠡᠪ | ᠬᠠᠮᠲᠤᠴᠤᠳ ᠤᠨ ᠰᠢᠷᠭᠠᠭᠤ ᠬᠠᠲᠠᠭᠤᠵᠢᠯᠲᠠᠶ ᠲᠡᠮᠡᠴᠡᠬᠦ᠂ ᠦᠷᠡᠭᠳᠡᠯ ᠭᠠᠷᠭᠠᠵᠤ ᠬᠤᠪᠢ ᠨᠡᠮᠡᠷᠢ ᠦᠵᠡᠭᠦᠯᠬᠦ᠂ ᠵᠠᠮ | ᠨᠡᠭᠡᠭᠡᠨ ᠤᠷᠤᠭᠰᠢᠯᠠᠬᠤ ᠠᠭᠤᠤ ᠶᠡᠭᠡ ᠵᠠᠩ ᠴᠢᠨᠠᠷ ᠢ ᠭᠦᠨᠵᠡᠭᠡᠶ ᠣᠶᠢᠯᠠᠭᠠᠵᠤ᠂ ᠨᠠᠮᠴᠢ ᠴᠢᠨᠠᠷ ᠤᠨ | ᠪᠣᠯᠪᠠᠰᠤᠷᠠᠯ ᠢᠶᠠᠨ ᠴᠢᠩᠭᠠᠳᠬᠠᠨ᠂ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠣᠶ ᠪᠣᠯᠭᠠᠵᠤ᠂ ᠬᠤᠪᠢ | ᠪᠡᠶ᠎ᠠ ᠪᠠᠨ ᠴᠢᠩᠭ᠎ᠠ ᠱᠠᠭᠠᠷᠳᠠᠨ᠂ ᠵᠣᠬᠢᠶᠠᠨ ᠪᠠᠶᠢᠭᠤᠯᠤᠯᠲᠠ ᠶᠢᠨ ᠢᠲᠡᠭᠡᠯ ᠨᠠᠶᠢᠳᠠᠯᠭ᠎ᠠ ᠶᠢ ᠬᠥᠰᠡᠷᠳᠡᠭᠦᠯᠬᠦ ᠥᠬᠡᠶ | ᠪᠠᠶᠢᠵᠤ᠂ ᠵᠠᠯᠠᠭᠤ ᠺᠠᠳ᠋ᠷ ᠤᠨ ᠴᠤᠭ ᠵᠢᠪᠬᠤᠭ᠎ᠠ᠂ ᠣᠮᠤᠭ ᠵᠣᠷᠢᠭ᠂ ᠲᠥᠪ ᠰᠤᠷᠲᠠᠯ ᠢ ᠡᠭᠦᠷᠢᠳᠡ ᠪᠠᠲᠤᠯᠠᠨ᠎ᠠ︾ | ᠬᠡᠮᠡᠨ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ ᠤ ᠣᠯᠠᠨ ᠨᠡᠶᠢᠲᠡ ᠶᠢᠨ ᠦᠢᠯᠡᠴᠢᠯᠡᠬᠡᠨ ᠤ | ᠰᠠᠯᠠᠭᠠᠨ ᠤ ᠳᠠᠷᠤᠭ᠎ᠠ ᠸᠠᠩ ᠴᠦᠨ ᠰᠢᠶᠠ ᠬᠡᠯᠡᠯ᠎ᠠ᠃ | ᠯᠢ ᠮᠢᠩ ᠪᠣᠯ ᠦᠨᠳᠦᠰᠦᠨ ᠱᠠᠲᠤᠨ ᠳᠤ ᠠᠵᠢᠯᠯᠠᠵᠤ ᠪᠠᠶᠢᠭ᠎ᠠ ᠵᠠᠯᠠᠭᠤ ᠺᠠᠳ᠋ᠷ ᠶᠤᠮ᠃ ︽ᠵᠠᠯᠠᠭᠤ ᠺᠠᠳ᠋ᠷ | ᠣᠳᠣᠬᠠᠨ ᠳᠤ ᠢᠲᠡᠭᠡᠯ ᠪᠢᠰᠢᠷᠡᠯ ᠢᠶᠠᠨ ᠳᠠᠪᠲᠠᠨ ᠪᠣᠯᠪᠠᠰᠤᠷᠠᠭᠤᠯᠬᠤ ᠨᠢ ᠪᠠᠴᠢᠮ ᠱᠠᠭᠠᠷᠳᠠᠭᠳᠠᠵᠦ ᠪᠤᠢ᠃ ᠢᠲᠡᠭᠡᠯ | ᠪᠢᠰᠢᠷᠡᠯ ᠢ ᠵᠦᠪᠬᠡᠨ ᠬᠤᠭᠤᠰᠤᠨ ᠶᠡᠷᠢᠭᠠᠳ ᠪᠠᠶᠢᠵᠦ ᠪᠤᠯᠬᠤ ᠦᠬᠡᠢ᠂ ᠬᠠᠷᠢᠨ ᠪᠤᠳᠠᠲᠦ ᠠᠵᠢᠯᠯᠠᠭ᠎ᠠ ᠪᠠᠷ ᠢᠶᠠᠨ | ᠦᠢᠯᠡᠳᠦᠯᠬᠡᠵᠢᠬᠦᠯᠬᠦ ᠬᠡᠷᠡᠭᠳᠡᠢ᠃ ᠮᠠᠨ ᠤ ᠦᠨᠳᠦᠰᠦᠨ ᠱᠠᠲᠤᠨ ᠤ ᠺᠠᠳ᠋ᠷ ᠲᠤ ᠠᠪᠴᠤ ᠬᠡᠯᠡᠪᠡᠯ᠂ ᠦᠨᠳᠦᠰᠦᠨ | ᠱᠠᠲᠤᠨ ᠳᠤ ᠦᠨᠳᠦᠰᠦᠯᠡᠵᠦ᠂ ᠠᠯᠤᠰ ᠬᠡᠳᠦ ᠶᠢᠨ ᠬᠦᠰᠡᠯᠡᠩ ᠢ ᠪᠤᠢ ᠪᠣᠯᠭᠠᠬᠤ ᠪᠣᠯ ᠢᠲᠡᠭᠡᠯ ᠪᠢᠰᠢᠷᠡᠯ ᠢ | ᠦᠢᠯᠡᠳᠦᠯᠭᠡᠵᠢᠭᠦᠯᠬᠦ ᠦᠨᠳᠦᠰᠦᠨ ᠠᠷᠭ᠎ᠠ ᠪᠠᠷᠢᠯ ᠮᠦᠨ︔ ᠨᠠᠷᠢᠨ ᠬᠢᠨᠠᠮᠠᠭᠠᠢ ᠠᠵᠢᠯᠯᠠᠬᠤ᠂ ᠪᠠᠶᠠᠰᠤᠩᠭᠤᠢ | ᠢᠳᠡᠪᠬᠢᠲᠡᠢ ᠪᠠᠶᠢᠬᠤ᠂ ᠴᠤᠭ ᠪᠠᠳᠠᠷᠠᠩᠭᠤᠢ ᠳᠦᠷᠰᠦ ᠪᠠᠶᠢᠳᠠᠯ ᠲᠠᠢ ᠪᠠᠶᠢᠬᠤ ᠪᠣᠯ ᠢᠲᠡᠭᠡᠯ ᠪᠢᠰᠢᠷᠡᠯ ᠢ | ᠦᠢᠯᠡᠳᠦᠯᠭᠡᠵᠢᠭᠦᠯᠬᠦ ᠤᠶᠤᠨ ᠰᠠᠨᠠᠭᠠᠨ ᠤ ᠳᠦᠷᠰᠦ ᠪᠠᠶᠢᠳᠠᠯ ᠮᠥᠨ︔ ᠨᠠᠰᠤᠨ ᠲᠤᠷᠰᠢᠳᠠ ᠰᠤᠷᠤᠯᠴᠠᠵᠤ᠂ ᠡᠷᠳᠡᠮ | ᠴᠢᠳᠠᠪᠤᠷᠢ ᠪᠠᠨ ᠪᠤᠯᠪᠠᠰᠤᠷᠠᠭᠤᠯᠤᠨ᠂ ᠲᠤᠰ ᠪᠡᠶ᠎ᠡ ᠶᠢᠨ ᠶᠡᠷᠦᠩᠬᠡᠢ ᠬᠡᠪ ᠴᠢᠨᠠᠷ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠬᠦ ᠪᠣᠯ ᠢᠲᠡᠭᠡᠯ ᠪᠢᠰᠢᠷᠡᠯ ᠢᠶᠠᠨ ᠦᠢᠯᠡᠳᠦᠯᠭᠡᠵᠢᠭᠦᠯᠬᠦ ᠳᠤ ᠵᠠᠪᠠᠯ ᠶᠠᠪᠤᠬᠤ ᠵᠠᠮ ᠮᠥᠨ᠃ ᠵᠥᠪᠬᠡᠨ | ᠯᠠᠪᠳᠠᠭᠤᠨ ᠪᠠᠲᠤᠲᠠᠢ᠂ ᠪᠠᠭ᠎ᠠ ᠰᠠᠭ᠎ᠠ ᠶᠠᠪᠤᠳᠠᠯ ᠠᠴᠠ ᠭᠠᠷᠳᠠᠨ᠂ ᠨᠡᠶᠢᠭᠡᠮ ᠨᠠᠶᠢᠳᠠ ᠳᠤ ᠢᠯᠡᠭᠦᠬᠡᠨ ᠪᠣᠳᠠᠲᠠᠢ ᠠᠵᠢᠯ | ᠬᠢᠵᠦ᠂ ᠦᠨᠳᠦᠰᠦᠨ ᠱᠠᠲᠤᠨ ᠤ ᠺᠠᠳ᠋ᠷ ᠤᠨ ᠬᠠᠷᠢᠭᠤᠴᠠᠯᠭ᠎ᠠ ᠶᠢ ᠦᠷᠬᠦᠯᠵᠢᠯᠡᠨ ᠡᠭᠦᠷᠭᠡᠯᠡᠨ᠎ᠠ︾ ᠬᠡᠮᠡᠨ ᠯᠢ ᠮᠢᠩ | ᠵᠤᠷᠢᠭ ᠢᠶᠠᠨ ᠢᠯᠡᠳᠬᠡᠵᠦ ᠪᠠᠶᠢᠯ᠎ᠠ᠃ | ︽ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠰᠣᠨᠣᠰᠤᠭᠠᠳ ᠪᠢ ᠶᠠᠭᠤᠨ ᠳᠤ ᠰᠤᠷᠤᠯᠴᠠᠬᠤ᠂ ᠬᠡᠷᠬᠢᠨ | ᠰᠤᠷᠤᠯᠴᠠᠬᠤ᠂ ᠶᠠᠭᠤ ᠶᠢ ᠰᠤᠷᠤᠯᠴᠠᠬᠤ ᠠᠰᠠᠭᠤᠳᠠᠯ ᠳᠡᠭᠡᠷ᠎ᠡ ᠨᠡᠩ ᠪᠦᠬᠦ ᠲᠠᠯ᠎ᠠ ᠶᠢᠨ ᠲᠠᠨᠢᠯᠲᠠ ᠲᠠᠢ ᠪᠣᠯᠵᠠᠢ︾᠃ | ᠠᠶᠢᠮᠠᠭ ᠤᠨ ᠵᠠᠯᠠᠭᠤᠴᠤᠳ ᠪᠠᠭᠠᠴᠤᠳ ᠤᠨ ᠨᠡᠶᠢᠭᠡᠮ ᠤᠨ ᠦᠢᠯᠡᠰ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠵᠢᠯᠣᠭᠤᠳᠬᠤ ᠲᠥᠪ ᠤᠨ ᠡᠷᠬᠢᠯᠡᠭᠴᠢ ᠵᠠᠩ ᠹᠦ᠋ ᠢᠦᠢ᠂ ᠡᠪᠯᠡᠯ ᠤᠨ ᠬᠤᠷᠢᠶᠠᠨ ᠤ ᠡᠪ ᠬᠠᠮᠲᠤ ᠵᠠᠯᠠᠭᠤᠴᠤᠳ ᠤᠨ | ᠡᠪᠯᠡᠯ ᠤᠨ ᠺᠠᠳ᠋ᠷ ᠪᠣᠯᠤᠭᠰᠠᠨ ᠤ ᠬᠤᠪᠢ ᠳᠤ᠂ ᠤᠯᠤᠰ ᠲᠦᠷᠦ ᠶᠢᠨ ᠤᠨᠤᠯ ᠪᠠ ᠡᠪᠯᠡᠯ ᠤᠨ ᠠᠵᠢᠯ ᠤᠨ | ᠮᠡᠳᠡᠯᠭᠡ ᠶᠢᠨ ᠰᠤᠷᠤᠯᠴᠠᠯᠭ᠎ᠠ ᠪᠠᠨ ᠲᠠᠰᠤᠷᠠᠯᠳᠠ ᠦᠭᠡᠢ ᠴᠢᠩᠭᠠᠳᠬᠠᠵᠤ᠂ ᠲᠤᠰ ᠪᠡᠶ᠎ᠡ ᠶᠢᠨ ᠤᠯᠤᠰ ᠲᠦᠷᠦ ᠶᠢᠨ | ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠬᠦ ᠶᠢᠨ ᠬᠠᠮᠲᠦ᠂ ᠵᠠᠯᠠᠭᠤᠴᠤᠳ | ᠪᠠᠭᠠᠴᠤᠳ ᠤᠨ ᠦᠵᠡᠵᠦ ᠰᠣᠨᠣᠰᠬᠤ ᠳᠤᠷᠠᠲᠠᠶ ᠠᠷᠭ᠎ᠠ ᠬᠡᠯᠪᠡᠷᠢ ᠶᠢ ᠢᠯᠡᠭᠦᠬᠡᠨ ᠬᠡᠷᠡᠭᠯᠡᠵᠦ᠂ ᠵᠠᠯᠠᠭᠤᠴᠤᠳ | ᠪᠠᠭᠠᠴᠤᠳ ᠤᠨ ᠳᠤᠮᠳᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠤᠨ᠂ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ | ᠨᠡᠮᠡᠷᠢ ᠪᠠᠨ ᠦᠵᠡᠭᠦᠯᠤᠨ᠎ᠡ ᠬᠡᠯ᠎ᠠ᠃ | | |