ᠲᠠᠪᠤᠨ ᠰᠠᠯᠠᠭ᠎ᠠ ᠮᠥᠴᠢᠷ ᠬᠠᠮᠳᠤᠷᠠᠨ ᠬᠥᠳᠡᠭᠡ ᠲᠣᠰᠬᠤᠨ ᠤ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠬᠤ ᠲᠤᠬᠠᠢ ᠵᠢᠯᠣᠭᠤᠳᠬᠤ ᠰᠠᠨᠠᠯ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/9/6
       ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ︽ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠦᠨᠡᠨ ᠬᠦ ᠴᠢᠩᠭᠠᠳᠬᠠᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠃ ᠰᠠᠨᠠᠯ ᠳᠤ᠂ ᠠᠵᠢᠯ ᠣᠯᠭᠤᠯᠲᠠ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠦᠨᠳᠦᠰᠦᠨ ᠠᠷᠭ᠎ᠠ ᠬᠡᠮᠵᠢᠶ᠎ᠡ ᠮᠥᠨ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠪᠣᠯᠤᠨ ᠬᠥᠭᠵᠢᠭᠡᠳᠦᠶ ᠭᠠᠵᠠᠷ ᠣᠷᠣᠨ ᠤ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠣᠭᠲᠠᠭᠤᠨ ᠢᠶᠠᠷ ᠠᠵᠢᠯ ᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠪᠦᠬᠦᠯᠢ ᠴᠣᠭᠴᠠ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃        ᠰᠠᠨᠠᠯ ᠳᠤ ᠭᠤᠷᠪᠠᠨ ᠲᠠᠯ᠎ᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠪᠠ᠃ ᠨᠢᠭᠡ ᠳᠤ ᠭᠠᠳᠠᠭᠰᠢ ᠭᠠᠷᠴᠤ ᠠᠵᠢᠯ ᠬᠢᠬᠦ ᠬᠦᠮᠦᠰ ᠤᠨ ᠬᠡᠪᠴᠢᠶ᠎ᠡ ᠶᠢ ᠲᠣᠭᠲᠠᠪᠤᠷᠢᠵᠢᠭᠤᠯᠤᠨ᠎ᠠ᠃ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠬᠠᠨᠳᠤᠭᠤᠯᠤᠨ ᠵᠣᠬᠢᠶᠠᠨ ᠪᠠᠶᠢᠭᠤᠯᠤᠯᠲᠠ ᠲᠠᠢ ᠬᠥᠳᠡᠯᠮᠦᠷᠢ ᠦᠢᠯᠡᠴᠢᠯᠡᠭᠡᠨ ᠤ ᠭᠠᠳᠠᠭᠰᠢ ᠭᠠᠷᠭᠠᠬᠤ ᠠᠵᠢᠯ ᠡᠷᠬᠢᠯᠡᠬᠦ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠳᠤ ᠠᠵᠢᠯ ᠣᠯᠭᠤᠵᠤ ᠦᠢᠯᠡᠰ ᠪᠤᠰᠬᠠᠬᠤ ᠦᠢᠯᠡᠴᠢᠯᠡᠭᠡᠨ ᠤ ᠨᠥᠬᠦᠪᠥᠷᠢ ᠣᠯᠭᠤᠵᠤ᠂ ᠮᠤᠵᠢ ᠠᠯᠤᠰᠯᠠᠨ ᠠᠵᠢᠯ ᠣᠯᠤᠭᠰᠠᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠨᠢᠭᠡ ᠤᠳᠠᠭ᠎ᠠ ᠶᠢᠨ ᠴᠢᠨᠠᠷᠲᠠᠶ ᠵᠠᠮ ᠬᠠᠷᠢᠯᠴᠠᠭᠠᠨ ᠤ ᠨᠥᠬᠦᠪᠥᠷᠢ ᠣᠯᠭᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠪᠤᠯᠪᠠᠰᠤᠷᠠᠯ ᠤᠨ ᠨᠥᠬᠦᠪᠥᠷᠢ ᠤᠯᠭᠤᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠡᠩ ᠲᠡᠷᠢᠭᠦᠨ ᠳᠤ ᠦᠯᠡᠳᠡᠭᠡᠨ ᠬᠡᠷᠡᠭᠯᠡᠬᠦ ᠶᠢ ᠬᠥᠲᠥᠯᠥᠨ ᠵᠢᠯᠣᠭᠤᠳᠴᠤ ᠳᠡᠮᠵᠢᠨ᠎ᠡ᠃ ᠨᠢᠭᠡ ᠪᠦᠯᠦᠭ ᠣᠨᠴᠠᠯᠢᠭ ᠲᠠᠢ᠂ ᠰᠠᠶᠢᠨ ᠦᠨᠡᠯᠡᠯᠲᠡ ᠲᠠᠢ᠂ ᠬᠡᠪᠴᠢᠶᠡᠵᠢᠯ ᠲᠠᠢ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭ ᠢ ᠪᠤᠢ ᠪᠤᠯᠭᠠᠨ ᠡᠭᠦᠳᠴᠤ ᠬᠥᠭᠵᠢᠭᠦᠯᠤᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠳᠡᠯᠮᠦᠷᠢ ᠦᠶ᠋ᠯᠡᠴᠢᠯᠡᠭᠡᠨ ᠤ ᠭᠠᠳᠠᠭᠰᠢ ᠭᠠᠷᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃       ᠬᠤᠶᠠᠷ ᠲᠤ ᠲᠤᠬᠠᠶ ᠶᠢᠨ ᠭᠠᠵᠠᠷ ᠲᠠᠭᠠᠨ ᠣᠶᠢᠷ᠎ᠠ ᠬᠠᠪᠢ ᠳᠠᠭᠠᠨ ᠠᠵᠢᠯ ᠤᠯᠬᠤ ᠶᠢ ᠳᠡᠮᠵᠢᠨ᠎ᠡ᠃ ᠬᠦᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢ ᠢᠳᠡᠪᠬᠢᠲᠡᠢ ᠳᠡᠯᠭᠡᠷᠡᠭᠦᠯᠵᠦ᠂ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠤᠯᠭᠤᠬᠤ ᠬᠠᠷᠢᠴᠠᠯ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠵᠡᠷᠭᠡ ᠡᠯ᠎ᠡ ᠲᠥᠷᠥᠯ ᠤᠨ ᠠᠵᠢᠯ ᠣᠯᠭᠤᠯᠲᠠ ᠶᠢᠨ ᠠᠴᠢᠶᠠᠯᠠᠪᠤᠷᠢ ᠶᠢᠨ ᠰᠦᠢᠳᠭᠡᠯ ᠢ ᠬᠠᠰᠤᠵᠤ ᠬᠡᠯᠲᠦᠷᠢᠭᠦᠯᠬᠦ ᠵᠢᠴᠢ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠳᠡᠮᠵᠢᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠠᠵᠢᠯ ᠣᠯᠭᠤᠭᠰᠠᠨ ᠪᠥᠭᠡᠳ ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠤᠭᠰᠠᠨ ᠳᠤᠨᠢ ᠠᠵᠢᠯ ᠮᠡᠷᠭᠡᠵᠢᠯ ᠤᠨ ᠪᠣᠯᠪᠠᠰᠤᠷᠠᠯ ᠤᠨ ᠨᠥᠬᠦᠪᠥᠷᠢ ᠣᠯᠭᠤᠨ᠎ᠠ᠃ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠥᠬᠦᠴᠡᠯ ᠪᠦ᠋ᠬᠦᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢ ᠬᠠᠪᠰᠤᠷᠤᠨ᠂ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ᠂ ᠲᠠᠯᠠᠪᠤᠷ ᠭᠠᠵᠠᠷ ᠬᠠᠨᠭ᠍ᠭᠠᠵᠤ ᠳᠡᠮᠵᠢᠬᠦ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ ᠤᠯᠭᠤᠬᠤ ᠵᠡᠷᠭᠡ ᠳᠡᠮᠵᠢᠯᠭᠡ ᠦᠵᠡᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠮᠢᠳᠤᠯᠢᠭ ᠢᠶᠠᠷ ᠠᠵᠢᠯ ᠤᠯᠬᠤ ᠶᠢ ᠳᠡᠮᠵᠢᠨ᠎ᠡ᠃       ᠭᠤᠷᠪᠠ ᠳᠤ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ ᠨᠥᠬᠦᠴᠡᠯ ᠳᠤ ᠨᠡᠶᠢᠴᠡᠬᠦ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠠᠵᠢᠯ ᠣᠯᠭᠤᠬᠤ ᠲᠤᠰᠠᠯᠠᠮᠵᠢ ᠦᠵᠡᠭᠦᠯᠬᠦ ᠡᠲᠡᠭᠡᠳ ᠤᠨ ᠬᠡᠪᠴᠢᠶᠡᠨ ᠳᠤ ᠣᠷᠣᠭᠤᠯᠤᠨ᠎ᠠ᠃ ᠬᠥᠭᠵᠢᠭᠡᠳᠦᠢ ᠭᠠᠵᠠᠷ ᠣᠷᠣᠨ ᠤ ᠬᠥᠳᠡᠯᠮᠦᠷᠢ ᠬᠦᠴᠦᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠳᠤ ᠪᠣᠯᠪᠠᠰᠤᠷᠠᠯ ᠤᠨ ᠬᠤᠭᠤᠴᠠᠭᠠᠨ ᠳᠤ ᠠᠮᠢᠳᠤᠷᠠᠯ ᠤᠨ ᠵᠠᠷᠤᠳᠠᠯ ᠤᠨ ᠨᠥᠬᠦᠪᠥᠷᠢ ᠣᠯᠭᠤᠵᠤ᠂ ︽ᠬᠤᠷ᠎ᠠ ᠶᠢᠨ ᠲᠥᠯᠥᠪᠯᠡᠭᠡ︾ ᠶᠢ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠵᠣᠬᠢᠬᠤ ᠨᠥᠬᠦᠪᠥᠷᠢ ᠣᠯᠭᠤᠨ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢᠨ ᠪᠠᠶᠢᠭ᠎ᠠ ᠬᠡᠷ ᠪᠦᠯᠢ ᠶᠢᠨ ᠠᠩᠬ᠎ᠠ ᠳᠤᠮᠳᠠᠳᠤ ᠪᠠ ᠥᠨᠳᠥᠷ ᠳᠤᠮᠳᠠᠳᠤ ᠪᠠᠨ ᠲᠡᠭᠦᠰᠦᠭᠡᠳ ᠮᠡᠷᠭᠡᠵᠢᠯ ᠤᠨ ᠠᠵᠢᠯᠴᠢᠨ ᠤ ᠰᠤᠷᠭᠠᠭᠤᠯᠢ ᠳᠤ ᠰᠤᠷᠤᠯᠴᠠᠭᠰᠠᠳ ᠲᠤ ᠤᠯᠤᠰ ᠠᠴᠠ ᠰᠤᠷᠤᠯᠭ᠎ᠠ ᠶᠢᠨ ᠰᠦᠢᠳᠭᠡᠯ ᠢ ᠬᠡᠯᠳᠦᠷᠢᠭᠦᠯᠬᠦ ᠪᠤᠶᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠨ᠎ᠠ᠃ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠨ ᠲᠥᠪᠬᠢᠨᠡᠭᠦᠯᠦᠭᠰᠡᠨ ᠣᠷᠣᠨ ᠳᠤ ᠬᠠᠷᠢᠴᠠᠯ ᠶᠣᠰᠣᠭᠠᠷ ᠠᠵᠢᠯ ᠣᠯᠭᠤᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢᠶᠠᠨ ᠵᠣᠬᠢᠰᠲᠠᠢ ᠴᠢᠩᠭᠠᠷᠠᠭᠤᠯᠬᠤ ᠶᠢ ᠲᠡᠮᠵᠢᠨ᠎ᠠ᠃        ᠰᠠᠨᠠᠯ ᠳᠤ᠂ ᠡᠯ᠎ᠡ ᠭᠠᠵᠠᠷ ᠤᠨ ᠬᠢᠨ ᠠᠵᠢᠯ ᠣᠯᠭᠤᠯᠲᠠ ᠶᠢ ᠠᠬᠢᠭᠤᠯᠬᠤ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠴᠢᠬᠤᠯᠠ ᠠᠭᠤᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠡᠯ᠎ᠡ ᠱᠠᠲᠤᠨ ᠤ ᠠᠵᠢᠯ ᠢ ᠵᠣᠬᠢᠴᠠᠭᠤᠯᠬᠤ ᠲᠣᠭᠲᠠᠴᠠ᠂ ᠲᠤᠰᠬᠠᠢ ᠠᠵᠢᠯᠯᠠᠬᠤ ᠠᠩᠭᠢ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠦᠢᠯᠡᠴᠢᠯᠡᠭᠡᠨ ᠤ ᠠᠩᠭᠢ ᠵᠡᠷᠭᠡ ᠬᠠᠪᠰᠤᠷᠤᠨ ᠲᠡᠳᠬᠦᠬᠦ ᠬᠦᠴᠦᠨ ᠤ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠪᠠᠶᠢᠭ᠎ᠠ ᠪᠠᠯᠠ ᠮᠥᠩᠭᠦ ᠠᠷᠭ᠎ᠠ ᠵᠠᠮ ᠢ ᠰᠠᠶᠢᠲᠤᠷ ᠠᠰᠢᠡᠡᠯᠠᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠦᠢᠯᠡᠴᠢᠯᠡᠭᠡ ᠦᠷᠨᠢᠭᠦᠯᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号