ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ︽ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ︾ ᠮᠡᠷᠭᠡᠵᠢᠯ ᠴᠢᠳᠠᠪᠤᠷᠢ ᠶᠢ ᠴᠢᠩᠭᠠᠳᠬᠠᠵᠤ ᠠᠵᠢᠯ ᠣᠯᠭᠤᠯᠲᠠ ᠶᠢ ᠪᠠᠳᠣᠯᠠᠵᠦ ᠪᠠᠶᠢᠨ᠎ᠠ
ᠨᠡᠶᠢᠲᠡᠯᠡᠭᠰᠡᠨ ᠴᠠᠭ᠄
2021/9/7
      ᠡᠨᠡ ᠵᠢᠯ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢᠨ ᠠᠰᠢᠭ ᠢ ᠲᠠᠰᠤᠷᠠᠯᠲᠠ ᠥᠬᠡᠶ ᠪᠠᠳᠠᠷᠠᠭᠤᠯᠵᠤ᠂ ᠤᠷ᠎ᠠ ᠴᠢᠳᠠᠪᠤᠷᠢ ᠶᠢ ᠴᠢᠩᠭᠠᠳᠬᠠᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠪᠠᠲᠤᠯᠠᠨ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠥᠷᠭᠡᠳᠬᠡᠬᠦ ᠪᠠ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠡᠭᠡᠷ᠎ᠡ ᠪᠠᠨ  ᠦᠢᠯᠡᠳᠦᠯᠬᠡᠵᠢᠬᠦᠯᠦᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ ᠢ ᠡᠭᠦᠳᠦᠨ ᠪᠠᠶᠢᠭᠤᠯᠬᠤ ᠳᠤ ᠬᠦᠴᠦᠷᠬᠡᠭ ᠶᠡᠭᠡ ᠴᠢᠳᠠᠪᠤᠷᠢᠲᠠᠨ ᠤ ᠪᠠᠲᠤᠯᠠᠭ᠎ᠠ ᠬᠠᠩᠭᠠᠪᠠ᠃       ᠥᠪᠥᠷ ᠮᠣᠩᠭᠤᠯ ᠤᠨ ᠵᠥᠩ ᠭᠤᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠠᠵᠢᠯᠴᠢᠳ ᠶᠠᠭ ᠲᠣᠨᠤᠭ ᠲᠥᠬᠦᠭᠡᠷᠦᠮᠵᠢ ᠤᠭᠰᠠᠷᠠᠬᠤ ᠠᠵᠢᠯ ᠢ ᠬᠢᠵᠦ᠂ ᠵᠢᠱᠢᠯᠲᠡ ᠪᠠᠷ 9 ᠳ᠋ᠣᠭᠡᠷ ᠰᠠᠷ᠎ᠠ ᠶᠢᠨ ᠳᠤᠮᠳᠠᠴᠢ ᠪᠠᠷ ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠨ᠎ᠠ᠃ ᠠᠵᠤ ᠠᠬᠤᠶᠢᠯᠠᠯ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠬᠥᠳᠡᠯᠮᠦᠷᠢ ᠬᠦᠴᠦᠨ ᠤ ᠬᠡᠪ ᠴᠢᠨᠠᠷ ᠤᠨ ᠱᠠᠭᠠᠷᠳᠠᠯᠭ᠎ᠠ ᠲᠠᠰᠤᠷᠠᠯᠲᠠ ᠤᠢᠭᠡᠢ ᠳᠡᠭᠡᠭᠰᠢᠯᠡᠵᠦ᠂ ᠰᠢᠨ᠎ᠡ ᠮᠠᠶ᠋ᠢᠭ ᠤᠨ ᠠᠵᠢᠯ ᠤᠨ ᠪᠠᠶᠢᠷᠢ ᠶᠢᠨ ᠬᠡᠷᠡᠭᠴᠡᠭᠡ ᠶᠢ ᠬᠠᠩᠭᠠᠬᠤ ᠥᠨᠳᠥᠷ ᠬᠡᠪ ᠴᠢᠨᠠᠷ ᠲᠠᠢ ᠮᠡᠷᠭᠡᠵᠢᠯ ᠤᠨ ᠴᠢᠳᠠᠪᠤᠷᠢᠲᠠᠨ ᠢᠯᠡᠳᠲᠡ ᠬᠦᠷᠦᠯᠴᠡᠬᠦ ᠦᠭᠡᠶ ᠪᠠᠶᠢᠨ᠎ᠠ᠃ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ︽ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ︾ ᠲᠥᠷᠥ ᠶᠢᠨ ᠪᠣᠳᠣᠯᠭ᠎ᠠ ᠨᠢ ᠠᠵᠤ ᠠᠬᠤᠶᠢᠯᠠᠯ ᠤᠨ ᠰᠠᠨᠠᠭᠠᠰᠢᠷᠠᠯ ᠢ ᠰᠢᠢᠳᠪᠦᠷᠢᠯᠡᠵᠦ ᠥᠭᠴᠡᠶ᠃ ᠣᠶᠢᠯᠠᠭᠠᠭᠰᠠᠨ ᠢᠶᠠᠷ᠂ ᠡᠨᠡ ᠵᠢᠯ ᠲᠣᠰ ᠠᠵᠤ ᠠᠬᠤᠶᠢᠯᠠᠯ ᠤᠨ 597 ᠬᠥᠮᠦᠨ ᠲᠥᠷᠥ ᠶᠢᠨ ᠪᠣᠳᠣᠯᠭ᠎ᠠ ᠶᠢᠨ ᠠᠰᠢᠭ ᠢ ᠭᠥᠷᠳᠡᠵᠦ᠂ 34 . 74 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠵᠠᠶ᠃       ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠨᠥᠬᠦᠪᠥᠷᠢ ᠶᠢᠨ ᠬᠡᠪᠴᠢᠶ᠎ᠡ ᠶᠢ ᠥᠷᠭᠡᠳᠬᠡᠵᠦ᠂ ᠨᠥᠬᠦᠪᠥᠷᠢ ᠶᠢᠨ ᠲᠠᠰ ᠳᠠᠷᠠᠭᠠᠯᠠᠯ ᠢ ᠳᠥᠭᠦᠮᠴᠢᠯᠡᠵᠦ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠳᠤ ᠨᠡᠶᠢᠳᠡᠮ ᠰᠢᠭᠰᠢᠨ ᠪᠠᠶᠢᠴᠠᠭᠠᠯᠲᠠ ᠬᠢᠵᠦ᠂ ᠲᠥᠷᠥ ᠶᠢᠨ ᠪᠣᠳᠣᠯᠭ᠎ᠠ ᠪᠠᠷ ᠬᠥᠮᠦᠨ ᠡᠷᠢᠵᠦ᠂ ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠳᠤ ᠣᠷᠣᠭᠤᠯᠪᠠ᠃ ᠥᠪᠥᠷ ᠮᠣᠩᠭᠤᠯ ᠤᠨ ᠱᠢ ᠵᠢᠶᠧ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ 235 ᠠᠵᠢᠯᠲᠠᠨ ᠲᠣᠰ ᠲᠥᠷᠥ ᠶᠢᠨ ᠪᠣᠳᠣᠯᠭ᠎ᠠ ᠶᠢ ᠭᠥᠷᠳᠡᠵᠦ᠂ 14 . 1 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠵᠤ᠂ ᠭᠤᠤᠯᠳᠠᠭᠤ ᠠᠵᠢᠯᠲᠠᠨ ᠤ ᠠᠵᠢᠯ ᠤᠨ ᠪᠠᠶᠢᠷᠢ ᠳᠡᠭᠡᠷ᠎ᠡ ᠪᠠᠨ ᠦᠢᠯᠡᠳᠦᠯᠬᠡᠵᠢᠬᠦᠯᠦᠨ ᠤᠷ᠎ᠠ ᠴᠢᠳᠠᠪᠤᠷᠢ  ᠪᠠᠨ ᠳᠡᠭᠡᠭᠰᠢᠯᠡᠭᠦᠯᠬᠦ ᠳᠤ ᠬᠡᠷᠡᠭᠯᠡᠵᠦ᠂ ᠠᠵᠤ ᠠᠬᠤᠶᠢᠯᠠᠯ  ᠤᠨ ᠰᠢᠨᠵᠢᠯᠡᠬᠦ ᠤᠬᠠᠭᠠᠨ ᠮᠡᠷᠭᠡᠵᠢᠯ  ᠤᠨ ᠰᠤᠳᠤᠯᠤᠨ ᠨᠡᠭᠡᠭᠡᠬᠦ ᠪᠠ ᠵᠠᠬ᠎ᠠ ᠳᠡᠯᠭᠡᠭᠦᠷ  ᠤᠨ ᠥᠷᠢᠰᠥᠯᠳᠦᠬᠦ ᠬᠦᠴᠦᠨ  ᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃      ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠣᠶᠢᠯᠠᠭᠠᠭᠳᠠᠬᠤᠨ ᠢ ᠦᠨᠡᠨᠬᠦ ᠭᠦᠨᠵᠡᠭᠡᠶᠢᠷᠡᠭᠦᠯᠵᠦ᠂ ᠡᠯ᠎ᠡ ᠠᠵᠤ ᠠᠬᠤᠶᠢᠯᠠᠯ ᠤᠨ  ᠲᠥᠷᠥ ᠶᠢᠨ ᠪᠣᠳᠣᠯᠭ᠎ᠠ ᠶᠢᠨ ᠨᠥᠬᠦᠪᠥᠷᠢ ᠶᠢᠨ ᠪᠠᠯᠠ ᠮᠥᠩᠭᠦ ᠶᠢ ᠭᠤᠶᠣᠴᠢᠯᠠᠬᠤ ᠪᠣᠳᠠᠳᠠᠢ ᠮᠠᠲ᠋ᠧᠷᠢᠶᠠᠯ ᠢ ᠲᠠᠰᠤᠷᠠᠯᠲᠠ ᠥᠬᠡᠶ ᠳᠥᠭᠦᠮᠴᠢᠯᠡᠵᠦ᠂ ᠶᠠᠪᠤᠴᠠ ᠶᠢ ᠰᠢᠯᠢᠳᠡᠭᠵᠢᠭᠦᠯᠵᠦ᠂ ᠨᠢᠭᠡ ᠴᠣᠩᠬᠤᠪᠴᠢ ᠮᠠᠶ᠋ᠢᠭ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ︽ᠰᠦᠯᠵᠢᠶᠡᠨ ᠳᠤ︾ ᠬᠦᠢᠴᠡᠳᠬᠡᠬᠦ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠤᠨ ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ ᠮᠠᠲ᠋ᠧᠷᠢᠶᠠᠯ ᠴᠤᠭᠯᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠪᠡ᠃ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠵᠢᠴᠢ ᠰᠢᠨ᠎ᠡ ᠪᠠᠷ ᠠᠵᠢᠯ ᠳᠤ ᠭᠠᠷᠤᠭᠰᠠᠨ ᠬᠥᠮᠦᠰ ᠲᠤ᠂ ᠠᠵᠢᠯ ᠤᠨ ᠪᠠᠶᠢᠷᠢᠨ ᠳᠠᠭᠠᠨ ᠦᠢᠯᠡᠳᠦᠯᠬᠡᠵᠢᠬᠦᠯᠬᠦ ᠪᠠᠷ ᠳᠠᠮᠵᠢᠭᠤᠯᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ ᠠᠵᠢᠯ ᠢᠶᠠᠷ ᠪᠣᠯᠪᠠᠰᠤᠷᠠᠯ ᠢ ᠣᠷᠣᠯᠠᠭᠤᠯᠤᠭᠰᠠᠨ ᠨᠥᠬᠦᠪᠥᠷᠢ ᠣᠯᠭᠤᠵᠤ᠂ ᠠᠵᠤ ᠠᠬᠤᠶᠢᠯᠠᠯ ᠳᠤ ᠬᠠᠮᠤᠭ ᠤᠨ ᠣᠷᠳᠣ ᠳᠠᠭᠠᠨ 6 ᠰᠠᠷ᠎ᠠ ᠠᠴᠠ ᠬᠡᠲᠦᠷᠡᠬᠦ ᠥᠬᠡᠶ ᠬᠥᠮᠦᠨ ᠪᠦᠷᠢ ᠳᠤ ᠰᠠᠷ᠎ᠠ ᠪᠦᠷᠢ 600 ᠲᠥᠭᠦᠷᠢᠭ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠨᠥᠬᠦᠪᠥᠷᠢ ᠣᠯᠭᠤᠨ᠎ᠠ᠃ ᠣᠳᠣᠬᠠᠨ ᠪᠣᠯᠲᠠᠯ᠎ᠠ᠂ ᠬᠦᠷᠢᠶᠡᠯᠡᠩ ᠲᠣᠭᠤᠷᠢᠭ ᠤᠨ 48 ᠠᠵᠤ ᠠᠬᠤᠶᠢᠯᠠᠯ ᠳᠤ ᠨᠡᠶᠢᠲᠡ 314 . 43 ᠲᠦᠮᠡᠨ ᠲᠥᠭᠦᠷᠢᠭ ᠤᠨ ᠨᠥᠬᠦᠪᠥᠷᠢ ᠮᠥᠩᠭᠦ ᠭᠤᠶᠤᠴᠢᠯᠠᠵᠤ᠂ 5240 ᠬᠥᠮᠦᠨ ᠤᠳᠠᠭ᠎ᠠ ᠶᠢ ᠬᠠᠪᠰᠤᠷᠤᠨ ᠠᠵᠢᠯ ᠤᠨ ᠪᠠᠶᠢᠷᠢ ᠶᠢ ᠨᠢ ᠲᠣᠭᠲᠠᠪᠤᠷᠢᠵᠢᠭᠤᠯᠵᠤ᠂ ᠠᠵᠢᠯ ᠣᠯᠭᠤᠬᠤ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号