ᠳᠠᠶᠢᠴᠢᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠲᠥᠪ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠮᠠᠨ ᠤ ᠠᠶᠢᠮᠠᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/9/7
      9 ᠰᠠᠷ᠎ᠠ ᠶᠢᠨ 6 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠬᠢᠯᠡᠨ  ᠬᠤᠷᠠᠯᠳᠣᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠷᠪᠠᠳᠤᠭᠠᠷ ᠤᠳᠠᠭ᠎ᠠ ᠶᠢᠨ ᠬᠤᠷᠠᠯ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠶᠢᠨ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠦ᠂ ᠪᠦᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠵᠢᠴᠢ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠦ᠂ ᠮᠠᠨ ᠤ ᠠᠶᠢᠮᠠᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠵᠢᠴᠢ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃       ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ ᠴᠢᠨ ᠶᠠᠨ᠂ ᠶᠠᠩ ᠭᠦᠸᠧ ᠱᠦᠨ᠂ ᠬᠠᠨ ᠸᠧᠶ ᠰᠢᠨ᠂ ᠯᠢᠦ ᡁᠢ᠂ ᠶᠠᠩ ᠬᠠᠶ᠂ ᠯᠢᠦ ᡁᠢ ᠴᠢᠶᠠᠩ᠂ ᠸᠧᠶ ᡁᠢ ᠭᠦᠸᠧ ᠬᠤᠷᠠᠯ ᠳᠤ ᠣᠷᠣᠯᠴᠠᠪᠠ︔ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ᠂ ᠠᠶᠢᠮᠠᠭ ᠤᠨ ᠳᠡᠳ᠋ ᠳᠠᠷᠤᠭ᠎ᠠ ᠯᠢᠦ ᠳ᠋ᠧ᠂ ᠯᠢᠦ ᠭᠦᠸᠧ ᠮᠢᠩ᠂ ᠺᠦᠩ ᠳ᠋ᠧ ᠬᠦᠢ ᠬᠤᠷᠠᠯ ᠳᠤ ᠰᠤᠯᠠ ᠣᠷᠣᠯᠴᠠᠵᠠᠢ᠃ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠷᠪᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠣᠶᠢᠯᠠᠭᠠᠵᠤ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ ᠪᠠ ᠪᠣᠳᠠᠲᠤ ᠠᠴᠢ ᠬᠤᠯᠪᠣᠭᠳᠠᠯ ᠢ ᠬᠦᠢᠴᠡᠳ ᠲᠠᠨᠢᠵᠤ᠂ ᠮᠠᠨ ᠤ ᠠᠶᠢᠮᠠᠭ ᠤᠨ ᠡᠬᠢ ᠪᠠᠶᠠᠯᠢᠭ ᠤᠨ ᠳᠠᠪᠠᠭᠤᠯᠢᠭ᠂ ᠣᠨᠴᠠᠯᠢᠭ ᠤᠨ ᠳᠠᠪᠠᠭᠤᠯᠢᠭ ᠪᠠ ᠬᠥᠭᠵᠢᠯᠲᠡ ᠶᠢᠨ ᠳᠠᠯᠳᠠ ᠬᠦᠴᠦᠨ ᠳᠤ ᠰᠠᠭᠤᠷᠢᠯᠠᠵᠤ᠂ ᠠᠵᠤ ᠦᠢᠯᠡᠰ ᠤᠨ ᠰᠠᠭᠤᠷᠢ ᠴᠢᠳᠠᠪᠤᠷᠢ ᠪᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠥᠭᠵᠢᠯᠲᠡ ᠶᠢᠨ ᠲᠡᠩᠴᠡᠭᠦᠷᠢᠲᠦ ᠴᠢᠨᠠᠷ᠂ ᠵᠣᠬᠢᠴᠠᠩᠭᠤᠶ ᠴᠢᠨᠠᠷ᠂ ᠪᠠᠭᠲᠠᠭᠠᠮᠵᠢᠲᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠬᠡᠷᠡᠭᠲᠡᠶ᠃ ᠡᠨᠧᠷᠭᠢ ᠶᠢᠨ ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ ᠬᠢᠵᠠᠭᠠᠷᠯᠠᠬᠤ ᠪᠡᠷᠭᠡ ᠰᠡᠳᠦᠪ ᠤᠨ ᠰᠢᠢᠳᠪᠦᠷᠢᠯᠡᠯᠳᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ᠂ ᠣᠷᠣᠨ ᠵᠠᠢ ᠶᠢᠨ ᠳᠦᠯᠦᠪᠰᠢᠯ ᠢ ᠲᠦᠷᠭᠡᠨ ᠪᠦᠷᠢᠯᠳᠦᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠪᠦᠬᠦ ᠠᠶᠢᠮᠠᠭ ᠤᠨ ᠠᠵᠤ ᠠᠬᠤᠢ ᠶᠢᠨ ᠡᠷᠡᠭᠦᠯ ᠲᠣᠭᠲᠠᠭᠤᠨ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤ ᠺᠠᠳ᠋ᠷᠴᠤᠳ ᠲᠤ ᠳᠤᠷᠠᠳᠤᠭᠰᠠᠨ 48 ᠦᠰᠦᠭ ᠤᠨ ᠰᠢᠨ᠎ᠡ ᠱᠠᠭᠠᠷᠳᠠᠯᠭ᠎ᠠ ᠶᠢ ᠪᠠᠲᠤ ᠡᠵᠡᠮᠳᠡᠵᠦ᠂ ᠵᠠᠯᠠᠭᠤ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮᠴᠢ ᠴᠢᠨᠠᠷ ᠤᠨ ᠪᠣᠯᠪᠠᠰᠤᠷᠠᠯ ᠢ ᠨᠢ ᠳᠡᠭᠡᠭᠰᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠤᠯᠤᠰ ᠲᠦᠷᠦ ᠶᠢᠨ ᠬᠡᠪ ᠴᠢᠨᠠᠷ ᠢ ᠨᠢ ᠳᠠᠪᠲᠠᠨ ᠪᠣᠯᠪᠠᠰᠤᠷᠠᠭᠤᠯᠵᠤ᠂ ᠴᠠᠭᠠᠷᠠᠭᠰᠠᠨ ᠴᠢᠳᠠᠪᠤᠷᠢ ᠶᠢ ᠨᠢ ᠳᠠᠪᠲᠠᠨ ᠪᠣᠯᠪᠠᠰᠤᠷᠠᠭᠤᠯᠵᠤ᠂ ᠶᠡᠭᠡ ᠬᠡᠷᠡᠭᠴᠡᠭᠡ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ᠃ ᠵᠥᠪ ᠣᠨᠣᠪᠴᠢᠲᠠᠢ ᠬᠥᠮᠦᠵᠢᠭᠦᠯᠦᠨ ᠪᠣᠯᠪᠠᠰᠤᠷᠠᠭᠤᠯᠬᠤ ᠤᠳᠤᠷᠢᠳᠤᠮᠵᠢ ᠶᠢ ᠪᠠᠷᠢᠮᠲᠠᠯᠠᠵᠤ᠂ ᠵᠠᠯᠠᠭᠤ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ ᠶᠢ ᠴᠢᠩᠭᠠᠳᠬᠠᠵᠤ᠂ ᠰᠢᠯᠢᠳᠡᠭ ᠵᠠᠯᠠᠭᠤ ᠺᠠᠳ᠋ᠷ ᠢ ᠵᠥᠷᠢᠴᠡᠯ ᠠᠰᠠᠭᠤᠳᠠᠯ ᠲᠥᠪᠯᠡᠷᠡᠭᠰᠡᠨ ᠭᠠᠵᠠᠷ ᠣᠷᠣᠨ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠶᠢᠨ ᠳᠤᠮᠳᠠ᠂ ᠡᠭᠡᠳᠡᠷᠡᠭᠡᠨ ᠪᠤᠳᠤᠯᠢᠶᠠᠨᠲᠠᠢ ᠪᠠᠶᠢᠳᠠᠯ ᠤᠨ ᠳᠤᠮᠳᠠ ᠳᠠᠪᠲᠠᠨ ᠪᠣᠯᠪᠠᠰᠤᠷᠠᠭᠤᠯᠵᠤ᠂ ᠰᠢᠯᠭᠠᠵᠤ᠂ ᠵᠠᠯᠠᠭᠤ ᠺᠠᠳ᠋ᠷ ᠢ ᠦᠨᠳᠦᠰᠦᠨ ᠱᠠᠲᠤᠨ ᠤ ᠳᠠᠪᠲᠠᠨ ᠪᠣᠯᠪᠠᠰᠤᠷᠠᠬᠤ ᠳᠤᠮᠳᠠ ᠨᠡᠶᠢᠭᠡᠮ ᠲᠠᠢ ᠲᠠᠨᠢᠯᠴᠠᠭᠤᠯᠵᠤ᠂ ᠪᠡᠶ᠎ᠡ ᠮᠠᠬᠠᠪᠣᠳ ᠢ ᠨᠢ ᠴᠢᠭᠢᠷᠠᠭᠵᠢᠭᠤᠯᠵᠤ᠂ ᠡᠷᠳᠡᠮ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠨ᠂ ᠵᠠᠯᠠᠭᠤ ᠺᠠᠳ᠋ᠷ ᠢ ᠢᠳᠡᠪᠬᠢᠲᠡᠢ ᠪᠠᠷ ᠰᠣᠩᠭᠤᠨ ᠬᠡᠷᠡᠭᠯᠡᠵᠦ᠂ ᠵᠠᠯᠠᠭᠤ ᠺᠠᠳ᠋ᠷ ᠤᠨ ᠰᠣᠯᠢᠯᠴᠠᠭ᠎ᠠ ᠶᠢ ᠡᠮᠬᠢ ᠵᠢᠷᠤᠮ ᠲᠠᠢ ᠪᠠᠷ ᠥᠷᠨᠢᠭᠦᠯᠦᠨ᠂ ᠢᠲᠡᠭᠡᠯ ᠵᠣᠷᠢᠭ ᠨᠢ ᠡᠷᠡᠰ ᠪᠠᠲᠤ᠂ ᠨᠠᠮ ᠳᠠᠭᠠᠨ ᠦᠨᠡᠨᠴᠢ ᠰᠢᠳᠤᠷᠭᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ᠂ ᠪᠣᠳᠠᠲᠤ ᠠᠮᠵᠢᠯᠲᠠ ᠨᠢ ᠲᠤᠪᠤᠶᠢᠮ᠎ᠠ ᠰᠢᠯᠢᠳᠡᠭ ᠵᠠᠯᠠᠭᠤ ᠺᠠᠳ᠋ᠷ ᠢ ᠰᠣᠩᠭᠤᠨ ᠳᠡᠪᠰᠢᠭᠦᠯᠵᠦ ᠬᠡᠷᠡᠭᠯᠡᠬᠦ ᠬᠡᠷᠡᠭᠲᠡᠢ ᠬᠡᠵᠦ ᠴᠢᠬᠤᠯᠠᠴᠢᠯᠠᠪᠠ᠃       ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠶᠢᠨ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠦ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ  ᠦᠢᠯᠡᠳᠦᠯᠬᠡᠵᠢᠬᠦᠯᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠩ ᠶᠡᠭᠡ ᠵᠣᠷᠢᠭ᠂ ᠨᠠᠩ ᠬᠦᠴᠦᠲᠡᠶ ᠠᠷᠭ᠎ᠠ ᠬᠡᠮᠵᠢᠶ᠎ᠡ᠂ ᠨᠠᠩ ᠴᠢᠩᠭ᠎ᠠ ᠱᠠᠭᠠᠷᠳᠠᠯᠭ᠎ᠠ ᠪᠠᠷ         ︽ᠲᠠᠪᠤᠨ ᠪᠦᠬᠦ ᠵᠦᠢᠯ ᠢ ᠪᠡᠶᠡᠯᠡᠬᠦᠯᠬᠦ︾ ᠬᠠᠷᠠᠯᠲᠠ ᠳᠤ ᠠᠩᠬᠠᠷᠤᠯ ᠢᠶᠠᠨ ᠳᠦᠪᠯᠡᠷᠡᠬᠦᠯᠦᠨ᠂ ᠠᠯᠠᠱᠠ ᠠᠭᠤᠯᠠ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠨ ᠵᠠᠰᠠᠬᠤ ᠢᠨᠵᠧᠨᠧᠷᠢᠩ ᠢ ᠯᠠᠪᠳᠠᠭᠤᠨ ᠪᠠᠲᠤᠲᠠᠢ ᠰᠠᠶᠢᠲᠤᠷ ᠭᠡᠷᠡᠭᠵᠢᠬᠦᠯᠵᠦ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ  ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠣᠨ᠂ ᠠᠯᠠᠱᠠ ᠠᠭᠤᠯᠠ  ᠶᠢᠨ ᠠᠮᠢ ᠠᠬᠤᠶ  ᠶᠢᠨ ᠬᠠᠮᠠᠭᠠᠯᠠᠯᠲᠠ ᠵᠠᠰᠠᠯᠲᠠ  ᠶᠢᠨ ᠳᠤᠮᠳᠠᠬᠢ ᠲᠣᠪᠤᠶᠢᠮ᠎ᠠ ᠠᠰᠠᠭᠤᠳᠠᠯ  ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠯᠠᠱᠠ ᠠᠭᠤᠯᠠ  ᠶᠢᠨ ᠠᠮᠢ ᠠᠬᠤᠶ ᠣᠷᠴᠢᠨ ᠲᠣᠭᠤᠷᠢᠨ  ᠤ ᠬᠠᠮᠠᠭᠠᠯᠠᠯᠲᠠ ᠵᠠᠰᠠᠯᠲᠠ ᠶᠢᠨ ᠢᠯᠠᠯᠲᠠ ᠶᠢ ᠵᠠᠪᠠᠯ ᠣᠯᠬᠤ ᠬᠡᠷᠡᠭᠳᠡᠢ ᠬᠡᠵᠦ ᠴᠢᠬᠤᠯᠠᠴᠢᠯᠠᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠣᠣᠱᠯᠠᠭᠤᠯᠵᠦ᠂ ᠬᠠᠤᠯᠢ ᠶᠣᠰᠣᠭᠠᠷ ᠲᠤᠭ᠎ᠠ ᠪᠦᠷᠢᠳᠬᠡᠬᠦ᠂ ᠬᠠᠤᠯᠢ ᠶᠣᠰᠣᠭᠠᠷ ᠲᠤᠭ᠎ᠠ ᠪᠦᠷᠢᠳᠬᠡᠯ ᠢ ᠵᠠᠰᠠᠬᠤ ᠶᠢ ᠲᠤᠭ᠎ᠠ ᠪᠦᠷᠢᠳᠬᠡᠯ ᠤᠨ ᠠᠵᠢᠯ ᠤᠨ ᠪᠦᠬᠦ ᠶᠠᠪᠤᠴᠠ ᠳᠤ ᠳᠣᠣᠱᠯᠠᠭᠤᠯᠣᠾ ᠶᠢ ᠪᠠᠷᠢᠮᠲᠠᠯᠠᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ  ᠴᠢᠳᠠᠮᠵᠢ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠰᠤᠷᠲᠠᠯ ᠴᠢᠬᠡᠴᠢ ᠣᠪᠣᠷ ᠲᠥᠪ ᠲᠤᠭ᠎ᠠ ᠪᠦᠷᠢᠳᠬᠡᠯ ᠤᠨ ᠣᠷᠴᠢᠨ ᠳᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠡᠷᠴᠢᠮ ᠢᠶᠠᠨ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠴᠠᠭ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠪᠦᠬᠦ ᠬᠦᠴᠦ ᠪᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠰᠢᠨ᠎ᠡ ︽ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠪᠣᠯᠤᠨ ᠠᠶᠤᠯᠭᠦᠢ ᠦᠢᠯᠡᠳᠪᠦᠷᠢᠯᠡᠯ ᠤᠨ ᠬᠠᠣᠯᠢ ᠪᠠᠷ ᠵᠠᠰᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠰᠠᠭ ᠤᠨ ᠣᠷᠳᠣᠨ ᠤ ᠬᠠᠤᠯᠢ ᠪᠠᠷ ᠲᠣᠭᠲᠠᠭᠠᠭᠰᠠᠨ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠳᠠᠯᠠᠵᠤ᠂ ᠲᠤᠰᠬᠠᠶ ᠵᠢᠭᠡᠯᠡᠯᠭᠡ ᠶᠢᠨ ᠲᠡᠮᠳᠡᠭ ᠤᠨ ᠲᠥᠷᠥᠯ ᠵᠦᠢᠯ ᠤᠨ ᠪᠥᠬᠦ ᠦᠶᠡᠯᠡᠯ ᠤᠨ ᠬᠤᠭᠤᠴᠠᠭ᠎ᠠ᠂ ᠪᠠᠶᠢᠩᠭᠤᠵᠢᠭᠰᠠᠨ ᠠᠶᠤᠯ ᠲᠦᠭᠰᠢᠭᠦᠷᠢ ᠶᠢ ᠬᠢᠨᠠᠨ ᠡᠵᠡᠮᠳᠡᠬᠦ ᠶᠢ ᠴᠢᠩᠭᠠᠳᠬᠠᠵᠤ᠂ ᠠᠷᠪᠢᠴᠢ ᠭᠠᠮᠲᠠᠶ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠯᠠᠪᠳᠠᠭᠤᠨ ᠪᠠᠲᠤᠲᠠᠶ ᠪᠦᠲᠦᠮᠵᠢᠲᠡᠶ ᠰᠠᠶᠢᠲᠤᠷ ᠬᠢᠵᠦ᠂ ᠪᠥᠬᠦ ᠵᠢᠯ ᠤᠨ ᠥᠷᠢ ᠥᠭᠴᠡᠭᠡ ᠶᠢ ᠠᠷᠢᠯᠭᠠᠬᠤ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号