ᠠᠯᠠᠱᠠ ᠠᠶᠢᠮᠠᠭ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠢ ᠬᠠᠮᠠᠭᠠᠯᠠᠬᠤ ᠪᠠ ᠬᠥᠭᠵᠢᠭᠦᠯᠬᠦ ᠠᠵᠢᠯ ᠤᠨ ᠳᠣᠬᠠᠢ ᠬᠡᠳᠦᠨ ᠲᠤᠷᠰᠢᠯᠭ᠎ᠠ ᠪᠠ ᠰᠡᠩᠬᠡᠷᠡᠭᠦᠯᠦᠯ
ᠨᠡᠶᠢᠲᠡᠯᠡᠭᠰᠡᠨ ᠴᠠᠭ᠄
2021/9/7
      ᠠᠯᠠᠱᠠ ᠠᠶᠢᠮᠠᠭ ᠥᠪᠥᠷ ᠮᠣᠩᠭᠤᠯ ᠤᠨ ᠬᠠᠮᠤᠭ ᠤᠨ ᠪᠠᠷᠠᠭᠤᠨ ᠬᠡᠰᠡᠭ ᠲᠤ ᠪᠠᠶᠢᠷᠢᠯᠠᠵᠤ᠂ ᠶᠡᠷᠦᠩᠬᠡᠶ ᠲᠠᠯᠠᠪᠠᠶ ᠨᠢ 27 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠭᠠᠨᠰᠦ᠂ ᠨᠢᠩᠰᠢᠶᠠ ᠲᠠᠢ ᠬᠥᠷᠰᠢᠯᠡᠵᠦ᠂ ᠶᠡᠷᠦᠩᠬᠡᠶ ᠬᠥᠮᠦᠨ ᠠᠮᠠ ᠨᠢ 26 . 24 ᠲᠦᠮᠡ ᠪᠠᠶᠢᠵᠤ᠂ ᠬᠢᠲᠠᠳ᠂ ᠮᠣᠩᠭᠤᠯ᠂ ᠬᠤᠲᠣᠩ᠂ ᠲᠥᠪᠡᠳ ᠵᠡᠷᠭᠡ 38 ᠦᠨᠳᠦᠰᠦᠲᠡᠨ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠲᠠ ᠳᠤ ᠲᠠᠯᠠᠪᠠᠶ ᠪᠠᠷ ᠬᠠᠮᠤᠭ ᠤᠨ ᠶᠡᠭᠡ᠂ ᠬᠥᠮᠦᠨ ᠠᠮᠠ ᠨᠢ ᠬᠠᠮᠤᠭ ᠤᠨ ᠴᠥᠭᠡᠨ ᠠᠶᠢᠮᠠᠭ ᠪᠣᠯᠣᠨ᠎ᠠ᠃ ᠪᠦᠬᠦ ᠠᠶᠢᠮᠠᠭ ᠲᠤ ᠤᠳᠤ 9 ᠲᠣᠰᠬᠤᠨ ︵ᠭᠠᠴᠠᠭ᠎ᠠ︶ ᠨᠢ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠬᠳᠤ ᠲᠣᠰᠬᠤᠨ︾ ᠢᠶᠠᠷ ᠨᠡᠷᠡᠶᠢᠳᠦᠭᠳᠡᠪᠡ᠃      ᠣᠷᠴᠢᠮ ᠤᠨ ᠵᠢᠯ ᠳᠤ᠂ ᠠᠯᠠᠱᠠ ᠠᠶᠢᠮᠠᠭ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠵᠣ᠂ ︽ᠣᠨᠴᠠᠯᠢᠭᠲᠤ ᠠᠷᠠᠳ ᠤᠨ ᠣᠷᠣᠨ ᠰᠠᠭᠤᠴᠠ ᠶᠢ ᠬᠠᠮᠠᠭᠠᠯᠠᠬᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠠᠢᠵᠢᠷᠠᠭᠤᠯᠬᠤ᠂ ᠣᠨᠴᠠᠯᠢᠭᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ︾ ᠪᠠᠷ ᠬᠥᠭᠵᠢᠯᠲᠡ ᠶᠢᠨ ᠴᠢᠭᠯᠡᠯ ᠢᠶᠠᠨ ᠪᠣᠯᠭᠠᠨ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠢ ᠬᠠᠮᠠᠭᠠᠯᠠᠬᠤ ᠪᠠ ᠬᠥᠭᠵᠢᠭᠦᠯᠬᠦ ᠠᠵᠢᠯ ᠢ ᠢᠳᠡᠪᠬᠢᠲᠡᠶ ᠦᠷᠨᠢᠬᠦᠯᠦᠨ᠂ ︽ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠴᠢᠨᠡᠭᠡᠯᠢᠭᠵᠢᠬᠦᠯᠬᠦ︾ ᠠᠵᠢᠯᠯᠠᠭᠠᠨ ᠤ ᠲᠥᠷᠥᠯ ᠵᠦᠢᠯ ᠳᠤ ᠲᠦᠰᠢᠭᠯᠡᠨ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠳᠤ ᠨᠡᠶᠢᠲᠡ 2666 . 3 ᠲᠦᠮᠡᠨ ᠲᠥᠭᠦᠷᠢᠭ ᠤᠨ ᠪᠠᠯᠠ ᠣᠷᠣᠭᠤᠯᠵᠦ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠪᠣᠯᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠨᠡᠮᠡᠭᠳᠡᠬᠦᠯᠦᠨ᠂ ᠠᠰᠢᠭ ᠭᠥᠷᠳᠡᠭᠰᠡᠨ ᠮᠠᠯᠴᠢᠨ ᠲᠠᠷᠢᠶᠠᠴᠢᠨ 2545 ᠡᠷᠦᠬᠡ 6175 ᠪᠠᠶᠢᠵᠦ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 2009 ᠣᠨ ᠤ 6821 ᠲᠥᠭᠦᠷᠢᠭ ᠠᠴᠠ 2020 ᠣᠨ ᠤ 23144 ᠲᠥᠭᠦᠷᠢᠭ ᠪᠣᠯᠭᠠᠨ ᠨᠡᠮᠡᠭᠳᠡᠬᠦᠯᠵᠦ᠂ 239 % ᠪᠠᠷ ᠨᠡᠮᠡᠭᠳᠡᠪᠡ᠃ ᠭᠠᠴᠠᠭ᠎ᠠ ᠲᠣᠰᠬᠤᠨ ᠤ ᠲᠥᠷᠥᠯ ᠵᠦᠢᠯ ᠢ ᠬᠠᠮᠠᠭᠠᠯᠠᠨ ᠬᠥᠭᠵᠢᠭᠦᠯᠬᠦ ᠳᠤ ᠣᠷᠣᠭᠤᠯᠤᠭᠰᠠᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠣᠷᠣᠯᠭ᠎ᠠ ᠲᠠᠰᠤᠷᠠᠯᠲᠠ ᠦᠭᠡᠢ ᠨᠡᠮᠡᠭᠳᠡᠵᠦ᠂ ᠦᠢᠯᠡᠳᠪᠦᠷᠢᠯᠡᠯ ᠤᠨ ᠨᠥᠬᠦᠴᠡᠯ ᠲᠠᠰᠤᠷᠠᠯᠲᠠ ᠦᠭᠡᠢ ᠰᠠᠶᠢᠵᠢᠷᠠᠵᠤ᠂ ᠠᠮᠢᠳᠤᠷᠠᠯ ᠤᠨ ᠣᠷᠴᠢᠨ ᠲᠣᠭᠤᠷᠢᠨ ᠲᠠᠰᠤᠷᠠᠯᠲᠠ ᠦᠭᠡᠢ ᠬᠤᠪᠢᠷᠠᠵᠤ᠂ ᠦᠨᠳᠦᠰᠦᠲᠡᠨ ᠤ ᠰᠣᠶᠣᠯ ᠬᠠᠮᠠᠭᠠᠯᠠᠭᠳᠠᠨ ᠤᠯᠠᠮᠵᠢᠯᠠᠭᠳᠠᠵᠤ᠂ ᠪᠠᠶᠢᠭᠠᠯᠢ ᠶᠢᠨ ᠡᠬᠢ ᠪᠠᠶᠠᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠠᠪᠤᠳᠠᠯ ᠠᠭᠠᠵᠢᠮ ᠢᠶᠠᠷ ᠪᠡᠶᠡᠯᠡᠭᠳᠡᠪᠡ᠃      ᠨᠢᠭᠡ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠪᠣᠯᠤᠨ᠎ᠠ      ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯ ᠤᠨᠴᠠᠯᠢᠭᠲᠤ ᠠᠶᠢᠯ ᠲᠣᠰᠬᠤᠨ ᠢ ᠬᠠᠮᠠᠭᠠᠯᠠᠬᠤ ᠪᠠ ᠬᠥᠭᠵᠢᠭᠦᠯᠬᠦ ᠭᠤᠤᠯ ᠴᠣᠭᠴᠠ ᠮᠥᠨ᠂ ᠴᠥᠭᠡᠨ ᠲᠣᠭᠠᠲᠤ ᠦᠨᠳᠦᠰᠦᠲᠡᠨ ᠤ ᠤᠨᠴᠠᠯᠢᠭᠲᠤ ᠠᠶᠢᠯ ᠲᠣᠰᠬᠤᠨ ᠢ ᠲᠥᠯᠥᠪᠵᠢᠭᠦᠯᠦᠨ ᠵᠢᠷᠤᠵᠤ ᠲᠥᠯᠥᠪᠯᠡᠬᠦ᠂ ᠪᠠᠯᠠ ᠴᠤᠭᠯᠠᠭᠤᠯᠵᠤ ᠪᠥᠲᠥᠭᠡᠨ ᠪᠠᠶᠢᠭᠤᠯᠬᠤ ᠵᠡᠷᠭᠡ ᠲᠠᠯ᠎ᠠ ᠪᠠᠷ ᠬᠢ ᠵᠢᠯᠣᠭᠤᠳᠣᠯᠭ᠎ᠠ ᠪᠠ ᠪᠣᠳᠠᠲᠠᠶ ᠬᠡᠷᠡᠭᠵᠢᠭᠦᠯᠬᠦ ᠭᠤᠤᠯᠯᠠᠭᠴᠢ ᠬᠦᠴᠦᠨ ᠮᠥᠨ᠃ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠎ᠠ᠃ ᠭᠠᠴᠠᠭᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠲᠠᠢ ᠤᠶᠠᠯᠳᠤᠭᠤᠯᠤᠨ᠂ ᠵᠠᠯᠠᠭᠤ᠂ ᠮᠡᠳᠡᠯᠭᠡ ᠶᠢᠨ ᠲᠠᠰ ᠳᠠᠪᠬᠤᠷᠭ᠎ᠠ ᠨᠡᠯᠢᠶᠡᠳ ᠥᠨᠳᠥᠷ᠂ ᠪᠠᠶᠠᠵᠢᠯ ᠤᠨ ᠳᠠᠭᠠᠭᠤᠯᠤᠭᠴᠢ᠂ ᠨᠤᠲᠤᠭ ᠪᠤᠴᠠᠭᠰᠠᠨ ᠣᠶᠤᠲᠠᠨ᠂ ᠴᠡᠷᠢᠭ ᠠᠴᠠ ᠬᠠᠯᠠᠭᠳᠠᠭᠰᠠᠳ ᠵᠡᠷᠭᠡ ᠶᠢ ᠤᠨᠴᠠᠯᠢᠬᠳᠤ ᠭᠠᠴᠠᠭ᠎ᠠ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠪᠠᠷ ᠨᠠᠷᠢᠨ ᠨᠢᠮᠪᠠᠶ ᠰᠣᠩᠭᠤᠨ ᠲᠣᠬᠢᠷᠠᠭᠤᠯᠵᠤ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠡᠷᠴᠢᠮᠳᠡᠢ ᠳᠣᠭᠢᠷᠠᠭᠤᠯᠤᠨ ᠰᠢᠯᠢᠳᠡᠭᠵᠢᠭᠦᠯᠵᠦ᠂ ᠭᠠᠴᠠᠭ᠎ᠠ ᠲᠣᠰᠬᠤᠨ ᠤ ᠡᠯ᠎ᠡ ᠵᠦᠢᠯ ᠤᠨ ᠠᠵᠢᠯ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠶᠢᠷᠢ ᠰᠠᠭᠤᠷᠢ ᠶᠢ ᠴᠢᠩᠭᠠᠳᠬᠠᠨ᠂ ᠲᠣᠰᠬᠤᠨ ᠳᠤ ᠰᠠᠭᠤᠭ᠎ᠠ ᠶᠠᠳᠠᠭᠤ ᠶᠢ ᠲᠡᠳᠬᠦᠬᠦ ᠠᠵᠢᠯ ᠤᠨ ᠠᠩᠭᠢ ᠪᠣᠯᠤᠨ ᠲᠣᠰᠬᠤᠨ ᠳᠤ ᠰᠠᠭᠤᠭ᠎ᠠ ︽ᠨᠢᠭᠡᠳᠦᠭᠡᠷ ᠱᠦᠵᠢ︾ ᠶᠢᠨ ᠨᠠᠮ ᠤᠨ ᠪᠠᠶᠢᠭᠤᠯᠤᠯᠲᠠ ᠶᠢ ᠠᠳᠬᠤᠬᠤ᠂ ᠣᠷᠣᠯᠭ᠎ᠠ ᠶᠢ ᠨᠢ ᠬᠠᠪᠰᠤᠷᠤᠨ ᠨᠡᠮᠡᠭᠳᠡᠭᠦᠯᠬᠦ᠂ ᠬᠥᠭᠵᠢᠯᠲᠡ ᠶᠢ ᠠᠬᠢᠭᠤᠯᠬᠤ ᠦᠢᠯᠡᠳᠦᠯ ᠢ ᠬᠦᠢᠴᠡᠳ ᠪᠠᠳᠠᠷᠠᠭᠤᠯᠪᠠ᠃ ᠬᠤᠶᠠᠷ ᠲᠤ᠂ ᠭᠠᠴᠠᠭᠠᠨ ᠤ ᠵᠥᠪᠯᠡᠯ᠂ ᠭᠠᠴᠠᠭ᠎ᠠ ︵ᠮᠠᠯᠴᠢᠨ︶ ᠶᠢᠨ ᠲᠥᠯᠥᠭᠡᠯᠡᠭᠴᠢᠳ ᠤᠨ ᠶᠡᠭᠡ ᠬᠤᠷᠠᠯ ᠵᠡᠷᠭᠡ ᠶᠢ ᠠᠰᠢᠭᠯᠠᠨ ᠤᠨᠴᠠᠯᠢᠭᠳᠤ ᠭᠠᠴᠠᠭ᠎ᠠ ᠲᠣᠰᠬᠤᠨ ᠤ ᠬᠠᠮᠠᠭᠠᠯᠠᠯᠲᠠ ᠪᠠ ᠬᠥᠭᠵᠢᠯᠲᠡ ᠶᠢᠨ ᠴᠢᠬᠤᠯᠠ ᠠᠴᠢ ᠬᠤᠯᠪᠣᠭᠳᠠᠯ ᠢ ᠢᠳᠡᠪᠬᠢᠲᠡᠶ ᠰᠤᠷᠤᠯᠴᠠᠨ ᠤᠬᠠᠭᠤᠯᠵᠤ᠂ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ᠂ ᠤᠷᠠᠨ ᠰᠠᠶᠢᠬᠠᠨ ᠤ ᠲᠣᠭᠯᠠᠯᠲᠠ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠥᠬᠦᠶ ᠦᠨᠳᠦᠰᠦᠲᠡᠨ ᠤ ᠮᠡᠳᠡᠯᠭᠡ ᠶᠢ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠨᠳᠦᠰᠦᠲᠡᠨ ᠤ ᠣᠮᠣᠭᠰᠢᠯᠲᠤ ᠰᠡᠳᠬᠢᠯᠭᠡ ᠪᠠ ᠬᠠᠤᠯᠢ ᠲᠦᠷᠢᠮ ᠤᠨ ᠤᠬᠠᠮᠰᠠᠷ ᠢ ᠳᠡᠭᠡᠭᠰᠢᠯᠡᠬᠦᠯᠪᠡ᠃ ᠭᠤᠷᠪᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠶᠢᠯ ᠲᠣᠰᠬᠤᠨ ᠳᠤ ᠣᠷᠣᠭᠤᠯᠬᠤ ᠶᠢ ᠶᠡᠬᠡᠪᠡᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠨ᠂ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠦᠵᠡᠯᠲᠡ ᠶᠢ ᠨᠢ ᠬᠤᠪᠢᠷᠠᠭᠤᠯᠵᠤ᠂ ᠮᠠᠯᠴᠢᠨ ᠲᠠᠷᠢᠶᠠᠴᠢᠳ ᠤᠨ ᠣᠨᠴᠠᠯᠢᠭᠲᠤ ᠠᠶᠢᠯ ᠲᠣᠰᠬᠤᠨ ᠢ ᠬᠠᠮᠠᠭᠠᠯᠠᠬᠤ ᠪᠠ ᠬᠥᠭᠵᠢᠭᠦᠯᠬᠦ ᠳᠤ ᠣᠷᠣᠯᠴᠠᠬᠤ ᠬᠠᠯᠠᠭᠤᠨ ᠰᠡᠳᠬᠢᠯᠭᠡ ᠶᠢ ᠨᠢ ᠳᠡᠭᠡᠭᠰᠢᠯᠡᠭᠦᠯᠦᠨ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ᠂ ᠦᠨᠳᠦᠰᠦᠲᠡᠨ ᠤ ᠰᠣᠶᠣᠯ ᠢ ᠢᠯᠡᠷᠡᠭᠦᠯᠬᠦ᠂ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠣᠨᠴᠠᠯᠢᠭᠲᠤ ᠠᠶᠢᠯ ᠲᠣᠰᠬᠤᠨ ᠢ ᠬᠠᠮᠠᠭᠠᠯᠠᠬᠤ ᠪᠠ ᠬᠥᠭᠵᠢᠭᠦᠯᠬᠦ ᠠᠵᠢᠯ ᠢ ᠠᠬᠢᠭᠤᠯᠬᠤ ᠳᠤ ᠪᠠᠲᠤ ᠪᠠᠬᠢ ᠣᠯᠠᠨ ᠲᠦᠮᠡᠨ ᠤ ᠰᠠᠭᠤᠷᠢ ᠶᠢ ᠲᠠᠯᠪᠢᠵᠤ ᠥᠭᠴᠡᠶ᠃       ᠬᠤᠶᠠᠷ᠂ ᠬᠥᠭᠵᠢᠯᠲᠡ ᠪᠣᠯ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠤᠨ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠡᠷᠦᠩᠬᠡᠶ ᠲᠦᠯᠬᠢᠭᠦᠷ ᠪᠣᠯᠤᠨ᠎ᠠ       ᠴᠥᠭᠡᠨ ᠲᠣᠭᠠᠲᠤ ᠦᠨᠳᠦᠰᠦᠲᠡᠨ ᠤ ᠤᠨᠴᠠᠯᠢᠬᠳᠤ ᠠᠶᠢᠯ ᠲᠣᠰᠬᠤᠨ ᠢ ᠶᠠᠳᠠᠭᠤ ᠠᠴᠠ ᠠᠩᠭᠢᠵᠢᠷᠠᠭᠤᠯᠬᠤ ᠳᠤ ᠠᠵᠤ ᠦᠢᠯᠡᠰ ᠤᠨ ᠬᠥᠭᠵᠢᠯᠲᠡ ᠪᠣᠯ ᠦᠨᠳᠦᠰᠦ ᠪᠣᠯᠤᠨ᠎ᠠ᠃ ᠪᠢᠳᠡ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠤᠨ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠠᠮᠢ ᠠᠬᠤᠢ ᠶᠢᠨ ᠵᠠᠰᠠᠯᠲᠠ᠂ ᠶᠠᠳᠠᠭᠤ ᠠᠴᠠ ᠠᠩᠭᠢᠵᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠦᠴᠦᠯᠡᠨ ᠳᠠᠮᠵᠢᠵᠤ᠂ ᠡᠯ᠎ᠡ ᠦᠨᠳᠦᠰᠦᠲᠡᠨ ᠤ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠪᠡ᠃ ᠨᠢᠭᠡ ᠳᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠦᠴᠦᠯᠡᠨ ᠵᠢᠯᠣᠭᠤᠳᠴᠤ᠂ ᠪᠤᠶᠢᠵᠢᠭᠤᠯᠵᠤ᠂ ᠲᠡᠳᠬᠦᠨ ᠬᠥᠭᠵᠢᠭᠦᠯᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠪᠠ᠃ ᠠᠯᠠᠱᠠ ᠶᠢᠨ ᠬᠤᠤᠰ ᠪᠥᠬᠦᠲᠦ ᠲᠡᠮᠡᠭᠡ᠂ ᠴᠠᠭᠠᠨ ᠨᠣᠯᠣᠣᠷᠳᠣ ᠢᠮᠠᠭᠠᠨ ᠤ ᠡᠭᠦᠯᠳᠡᠷ ᠵᠡᠷᠭᠡ ᠡᠬᠢ ᠪᠠᠶᠠᠯᠢᠭ ᠤᠨ ᠲᠣᠭᠤᠷᠢᠨ ᠳᠤ᠂ ᠠᠮᠢ ᠠᠬᠤᠶ ᠶᠢ ᠡᠷᠬᠢᠮᠯᠡᠭᠰᠡᠨ ᠮᠠᠯ ᠠᠵᠤ ᠠᠬᠤᠶ᠂ ᠡᠯᠡᠰᠦᠨ ᠤ ᠠᠵᠤ ᠦᠢᠯᠡᠰ᠂ ᠣᠷᠭᠠᠨᠢᠭ ᠲᠠᠷᠢᠶᠠᠯᠠᠩ᠂ ᠣᠬᠢ ᠰᠢᠯᠢᠳᠡᠭ ᠣᠶ ᠵᠢᠮᠢᠰ ᠤᠨ ᠦᠢᠯᠡᠰ᠂ ᠰᠡᠯᠡᠭᠦᠴᠡᠯ ᠲᠠᠷᠢᠶᠠᠯᠠᠩ ᠮᠠᠯ ᠠᠵᠤ ᠠᠬᠤᠶ ᠵᠡᠷᠭᠡ ᠤᠨᠴᠠᠯᠢᠭᠳᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ︽ᠠᠵᠤ ᠠᠬᠤᠶᠢᠯᠠᠯ + ᠰᠠᠭᠤᠷᠢᠨ ᠭᠠᠵᠠᠷ + ᠰᠢᠨᠵᠢᠯᠡᠬᠦ ᠤᠬᠠᠭᠠᠨ ᠤ ᠰᠤᠳᠤᠯᠭᠠᠨ + ᠮᠠᠯᠴᠢᠨ ᠲᠠᠷᠢᠶᠠᠴᠢᠨ ᠤ ᠬᠤᠷᠰᠢᠶᠠᠵᠢᠯ︾ ᠤᠨ ᠬᠥᠭᠵᠢᠯᠲᠡ ᠶᠢᠨ ᠵᠠᠭᠪᠤᠷ ᠢ ᠠᠬᠢᠭᠤᠯᠵᠤ᠂ ᠵᠠᠭ ᠮᠣᠳᠣ᠂ ᠴᠠᠭᠠᠨ ᠭᠤᠶᠣᠣ ᠵᠡᠷᠭᠡ ᠪᠠᠷ ᠭᠤᠤᠯ ᠪᠣᠯᠭᠠᠭᠰᠠᠨ ᠤᠨᠴᠠᠯᠢᠭᠳᠤ ᠠᠵᠤ ᠠᠬᠤᠶ ᠶᠢᠨ ᠣᠶ ᠶᠢ 2 ᠲᠦᠮᠡ ᠭᠠᠷᠤᠶ ᠮᠥ ᠳᠠᠶᠢᠴᠢᠯᠠᠨ ᠬᠥᠭᠵᠢᠭᠦᠯᠵᠦ᠂ ᠲᠡᠮᠡᠭᠡᠨ ᠰᠦ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠠᠯᠠᠰᠢᠨ ᠦᠬᠡᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠪᠠ ᠮᠢᠬᠠᠨ ᠤ ᠪᠦᠲᠦᠭᠡᠭᠳᠡᠬᠦᠨ ᠢ ᠨᠠᠷᠢᠯᠢᠭ ᠪᠣᠯᠪᠠᠰᠣᠷᠠᠭᠤᠯᠬᠤ ᠰᠠᠭᠤᠷᠢᠨ ᠭᠠᠵᠠᠷ 16 ᠶᠢ ᠪᠠᠶᠢᠭᠤᠯᠵᠤ᠂ ᠠᠵᠤ ᠠᠬᠤᠶ ᠶᠢᠨ ᠬᠥᠭᠵᠢᠯᠲᠡ ᠪᠠ ᠮᠠᠯᠴᠢᠨ ᠲᠠᠷᠢᠶᠠᠴᠢᠨ ᠤ ᠪᠠᠶᠠᠵᠢᠨ ᠣᠷᠣᠯᠭ᠎ᠠ ᠪᠠᠨ ᠨᠡᠮᠡᠭᠳᠡᠭᠦᠯᠬᠦ ᠬᠤᠣᠰ ᠬᠠᠷᠠᠯᠳᠠ ᠶᠢ ᠪᠡᠶᠡᠯᠡᠬᠦᠯᠪᠡ᠃ ᠬᠤᠶᠠᠷ ᠲᠤ᠂ ᠦᠨᠳᠦᠰᠦᠲᠡᠨ ᠤ ᠰᠣᠶᠣᠯ ᠬᠢᠭᠡᠳ ᠵᠢᠭᠤᠯᠴᠢᠯᠠᠯ ᠤᠨ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢ ᠶᠡᠬᠡᠪᠡᠷ ᠠᠬᠢᠭᠤᠯᠵᠤ᠂ ᠣᠨᠴᠠᠯᠢᠭᠲᠤ ᠠᠶᠢᠯ ᠲᠣᠰᠬᠤᠨ ᠤ ᠦᠨᠳᠦᠰᠦᠲᠡᠨ ᠤ ᠣᠨᠴᠠᠯᠢᠭᠲᠤ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠶᠢ ᠳᠠᠮᠵᠢᠵᠤ᠂ ᠰᠣᠶᠣᠯ ᠤᠨ ᠡᠬᠢ ᠪᠠᠶᠠᠯᠢᠭ ᠤᠨ ᠳᠠᠯᠳᠠ ᠬᠦᠴᠦᠨ ᠢ ᠢᠯᠡᠷᠡᠭᠦᠯᠪᠡ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ᠂ ᠰᠣᠶᠣᠯ ᠵᠢᠭᠤᠯᠴᠢᠯᠠᠯ ᠵᠡᠷᠭᠡ ᠣᠯᠠᠨ ᠠᠷᠭ᠎ᠠ ᠵᠠᠮ ᠢᠶᠠᠷ ᠪᠠᠯᠠ ᠣᠷᠣᠭᠤᠯᠬᠤ ᠪᠠᠷ ᠳᠠᠮᠵᠢᠭᠤᠯᠤᠨ᠂ ︽ᠵᠢᠭᠤᠯᠴᠢᠯᠠᠯ + ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ︾᠂ ︽ᠵᠢᠭᠤᠯᠴᠢᠯᠠᠯ + ᠪᠡᠶ᠎ᠡ ᠶᠢᠨ ᠲᠠᠮᠢᠷ︾᠂ ︽ᠵᠢᠭᠤᠯᠴᠢᠯᠠᠯ + ᠰᠣᠶᠣᠯ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠶᠡᠬᠡᠪᠡᠷ ᠳᠡᠯᠭᠡᠷᠡᠭᠦᠯᠵᠦ᠂ ᠥᠪᠡᠷᠮᠢᠴᠡ ᠣᠨᠴᠠᠯᠢᠭ ᠲᠠᠢ᠂ ᠢᠯᠡ ᠲᠣᠳᠣ ᠣᠨᠴᠠᠯᠢᠭ ᠲᠠᠢ ᠲᠠᠷᠢᠶᠠᠴᠢᠨ ᠠᠶᠢᠯ ᠤᠨ ᠵᠢᠭᠤᠯᠴᠢᠯᠠᠯ ᠪᠠ ᠮᠠᠯᠴᠢᠨ ᠠᠶᠢᠯ ᠤᠨ ᠵᠢᠭᠤᠯᠴᠢᠯᠠᠯ ᠢ ᠴᠢᠷᠮᠠᠶᠢᠨ ᠨᠡᠭᠡᠭᠡᠨ ᠬᠥᠭᠵᠢᠭᠦᠯᠵᠦ᠂ ᠵᠢᠭᠤᠯᠴᠢᠯᠠᠭᠰᠠᠳ ᠲᠤ ᠭᠦᠨ ᠵᠤᠵᠠᠭᠠᠨ ᠦᠨᠳᠦᠰᠦᠲᠡᠨ ᠤ ᠣᠨᠴᠠᠯᠢᠭᠲᠤ ᠰᠣᠶᠣᠯ ᠢ ᠣᠶᠢᠯᠠᠭᠠᠭᠤᠯᠪᠠ᠃ ᠪᠦᠬᠦ ᠠᠶᠢᠮᠠᠭ ᠤᠨ 9 ᠣᠨᠴᠠᠯᠢᠭᠲᠤ ᠲᠣᠰᠬᠤᠨ ᠨᠢ ᠠᠷᠠᠳ ᠤᠨ ᠣᠷᠣᠨ ᠰᠠᠭᠤᠴᠠ ᠶᠢᠨ ᠪᠡᠶᠡᠴᠢᠯᠡᠨ ᠣᠶᠢᠯᠠᠭᠠᠬᠤ᠂ ᠣᠨᠴᠠᠯᠢᠭᠲᠤ ᠢᠳᠡᠭᠡᠨ ᠤᠮᠳᠠᠭᠠᠨ᠂ ᠵᠢᠭᠤᠯᠴᠢᠯᠠᠯ ᠪᠠᠷᠠᠭ᠎ᠠ ᠬᠤᠳᠠᠯᠳᠤᠨ ᠠᠪᠬᠤ᠂ ᠰᠣᠶᠣᠯ ᠤᠨ ᠡᠭᠦᠳᠦᠯᠲᠡ ᠨᠡᠭᠡᠭᠡᠯᠲᠡ᠂ ᠨᠡᠭᠦᠳᠡᠯ ᠮᠠᠯᠵᠢᠯ ᠤᠨ ᠠᠮᠢᠳᠤᠷᠠᠯ ᠢ ᠪᠡᠶᠡᠴᠢᠯᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠢᠯᠡᠴᠢᠯᠡᠬᠡᠨ ᠤ ᠵᠢᠭᠤᠯᠴᠢᠯᠠᠯ ᠤᠨ ᠨᠢᠭᠡ ᠪᠦᠯᠦᠭ ᠴᠡᠭ ᠢ ᠪᠦᠷᠢᠯᠳᠦᠭᠦᠯᠵᠦ᠂ ᠵᠢᠭᠤᠯᠴᠢᠯᠠᠯ ᠢᠶᠠᠷ ᠲᠠᠷᠢᠶᠠᠯᠠᠩ ᠢ ᠨᠥᠬᠦᠪᠥᠷᠢᠯᠡᠬᠦ᠂ ᠵᠢᠭᠤᠯᠴᠢᠯᠠᠯ ᠢᠶᠠᠷ ᠲᠠᠷᠢᠶᠠᠯᠠᠩ ᠢ ᠲᠡᠳᠬᠦᠬᠦ᠂ ᠵᠢᠭᠤᠯᠴᠢᠯᠠᠯ ᠢᠶᠠᠷ ᠲᠠᠷᠢᠶᠠᠯᠠᠩ ᠢ ᠠᠬᠢᠭᠤᠯᠬᠤ ᠰᠠᠶᠢᠨ ᠰᠠᠶᠢᠬᠠᠨ ᠬᠥᠭᠵᠢᠯᠲᠡ ᠶᠢᠨ ᠵᠠᠮ ᠢᠶᠠᠷ ᠵᠠᠮᠨᠠᠪᠠ᠃       ᠭᠤᠷᠪᠠ᠂ ᠦᠨᠳᠦᠰᠦᠲᠡᠨ ᠤ ᠰᠣᠶᠣᠯ ᠢ ᠬᠠᠮᠠᠭᠠᠯᠠᠨ ᠪᠠᠳᠠᠷᠠᠭᠤᠯᠬᠤ ᠪᠣᠯ ᠴᠥᠭᠡᠨ ᠲᠣᠭᠠᠲᠤ ᠦᠨᠳᠦᠰᠦᠲᠡᠨ ᠤ ᠣᠨᠴᠠᠯᠢᠭ ᠲᠠᠢ ᠠᠶᠢᠯ ᠲᠣᠰᠬᠤᠨ ᠤ ᠬᠥᠭᠵᠢᠯᠲᠡ ᠳᠠᠪᠰᠢᠯᠲᠠ ᠶᠢᠨ ᠴᠢᠬᠤᠯᠠ ᠠᠷᠭ᠎ᠠ ᠵᠠᠮ ᠪᠣᠯᠤᠨ᠎ᠠ       ᠦᠨᠳᠦᠰᠦᠲᠡᠨ ᠤ ᠰᠣᠶᠣᠯ ᠪᠣᠯ ᠣᠨᠴᠠᠯᠢᠭᠲᠤ ᠲᠣᠰᠬᠤᠨ ᠤ ᠰᠦᠭ ᠰᠦᠨᠡᠰᠦ ᠮᠥᠨ᠂ ᠦᠨᠳᠦᠰᠦᠲᠡᠨ ᠤ ᠰᠣᠶᠣᠯ ᠢ ᠬᠠᠮᠠᠭᠠᠯᠠᠨ ᠪᠠᠳᠠᠷᠠᠭᠤᠯᠬᠤ ᠪᠣᠯ ᠣᠨᠴᠠᠯᠢᠭᠲᠤ ᠲᠣᠰᠬᠤᠨ ᠤ ᠬᠠᠮᠠᠭᠠᠯᠠᠯᠲᠠ ᠪᠠ ᠬᠥᠭᠵᠢᠯᠲᠡ ᠶᠢᠨ ᠭᠤᠤᠯᠳᠠᠯᠭ᠎ᠠ ᠮᠥᠨ᠃ ᠨᠢᠭᠡ ᠳᠤ᠂ ᠡᠯ᠎ᠡ ᠬᠤᠰᠢᠭᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠦᠨᠳᠦᠰᠦᠲᠡᠨ ᠤ ᠤᠨᠴᠠᠯᠢᠭᠳᠤ ᠠᠶᠢᠯ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ︽ᠬᠠᠮᠠᠭᠠᠯᠠᠬᠤ ᠳᠤᠮᠳᠠ ᠬᠥᠭᠵᠢᠭᠦᠯᠵᠦ᠂ ᠬᠥᠭᠵᠢᠭᠦᠯᠬᠦ ᠳᠤᠮᠳᠠ ᠬᠠᠮᠠᠭᠠᠯᠠᠬᠤ︾ ᠦᠨᠳᠦᠰᠦᠨ ᠵᠠᠷᠴᠢᠮ ᠢ ᠵᠢᠷᠤᠮᠯᠠᠨ᠂ ᠦᠨᠳᠦᠰᠦᠲᠡᠨ ᠤ ᠰᠣᠶᠣᠯ ᠤᠨ ᠠᠭᠤᠯᠤᠭᠳᠠᠬᠤᠨ ᠢᠶᠠᠷ ᠭᠦᠨ ᠵᠤᠵᠠᠭᠠᠨ ᠠᠶᠢᠯ ᠲᠣᠰᠬᠤᠨ ᠢ ᠬᠠᠮᠠᠭᠠᠯᠠᠬᠤ ᠵᠠᠷᠴᠢᠮ ᠶᠣᠰᠣᠭᠠᠷ ᠬᠥᠭᠵᠢᠯᠲᠡ ᠶᠢᠨ ᠲᠥᠯᠥᠪᠵᠢᠭᠦᠯᠭᠡ ᠲᠣᠭᠲᠠᠭᠠᠵᠤ᠂ ᠦᠨᠳᠦᠰᠦᠲᠡᠨ ᠤ ᠰᠣᠶᠣᠯ ᠤᠨ ᠬᠠᠮᠠᠭᠠᠯᠠᠯᠲᠠ ᠪᠠᠷ ᠪᠠᠭᠤᠷᠠᠶ ᠠᠶᠢᠯ ᠲᠣᠰᠬᠤᠨ ᠢ ᠬᠥᠭᠵᠢᠭᠦᠯᠬᠦ ᠰᠡᠳᠬᠢᠴᠡ ᠶᠣᠰᠣᠭᠠᠷ ᠬᠠᠮᠠᠭᠠᠯᠠᠬᠤ ᠲᠥᠯᠥᠪᠵᠢᠭᠦᠯᠭᠡ ᠲᠣᠭᠲᠠᠭᠠᠵᠤ᠂ ᠣᠯᠠᠨ ᠡᠰᠢᠲᠦ ᠨᠢᠭᠡ ᠴᠣᠭᠴᠠᠵᠢᠭᠰᠠᠨ᠂ ᠬᠠᠮᠲᠤ ᠣᠷᠣᠰᠢᠵᠤ ᠬᠠᠷᠢᠯᠴᠠᠨ ᠨᠥᠬᠦᠪᠥᠷᠢᠯᠡᠬᠦ ᠳᠦᠯᠦᠪᠰᠢᠯ ᠢ ᠪᠣᠶ ᠪᠣᠯᠭᠠᠵᠤ᠂ ᠴᠥᠭᠡᠨ ᠲᠣᠭᠠᠲᠤ ᠦᠨᠳᠦᠰᠦᠲᠡᠨ ᠤ ᠤᠨᠴᠠᠯᠢᠭᠳᠤ ᠠᠶᠢᠯ ᠲᠣᠰᠬᠤᠨ ᠤ ᠡᠯ᠎ᠡ ᠠᠵᠢᠯ ᠦᠢᠯᠡᠰ ᠤᠨ ᠬᠥᠭᠵᠢᠯᠲᠡ ᠳᠠᠪᠰᠢᠯᠲᠠ ᠶᠢ ᠠᠬᠢᠭᠤᠯᠪᠠ᠃ ᠬᠤᠶᠠᠷ ᠲᠤ᠂         ︽ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠭᠠᠴᠠᠭ᠎ᠠ ᠲᠣᠰᠬᠤᠨ︾ ᠢᠶᠠᠷ ᠨᠡᠷᠡᠶᠢᠳᠦᠭᠳᠡᠭᠰᠡᠨ ᠭᠠᠴᠠᠭ᠎ᠠ᠂ ᠨᠡᠶᠢᠭᠡᠮ ᠲᠣᠭᠤᠷᠢᠭ ᠲᠤ ᠴᠥᠮ ᠦᠨᠳᠦᠰᠦᠲᠡᠨ ᠤ ᠰᠣᠶᠣᠯ ᠤᠨ ᠬᠥᠳᠡᠯᠭᠡᠭᠡᠨ ᠤ ᠲᠠᠰᠤᠭ ᠢ ᠪᠠᠶᠢᠭᠤᠯᠪᠠ᠃ ᠵᠠᠷᠢᠮ ᠣᠨᠴᠠᠯᠢᠭ ᠲᠠᠢ ᠲᠣᠰᠬᠤᠨ ᠳᠤ ᠪᠠᠰᠠ ᠰᠣᠶᠣᠯ ᠤᠨ ᠲᠠᠯᠠᠪᠠᠢ᠂ ᠠᠷᠠᠳ ᠤᠨ ᠵᠠᠩ ᠦᠢᠯᠡ ᠶᠢᠨ ᠮᠦᠽᠧᠶ᠂ ᠦᠨᠳᠦᠰᠦᠲᠡᠨ ᠤ ᠰᠣᠶᠣᠯ ᠤᠨ ᠤᠷᠲᠤ ᠬᠤᠩᠭᠢᠯ ᠵᠡᠷᠭᠡ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠢ᠂ ᠣᠯᠠᠨ ᠨᠡᠶᠢᠲᠡ ᠶᠢᠨ ᠰᠣᠶᠣᠯ ᠲᠠᠮᠢᠷ ᠤᠨ ᠲᠥᠬᠦᠭᠡᠷᠦᠮᠵᠢ ᠶᠢᠨ ᠪᠦᠷᠢᠨ ᠪᠦᠲᠦᠨ ᠪᠠᠶᠢᠬᠤ ᠨᠣᠷᠮ᠎ᠠ ᠶᠢ 100 % ᠳᠤ ᠬᠦᠷᠭᠡᠵᠦ᠂ ᠦᠨᠳᠦᠰᠦᠲᠡᠨ ᠤ ᠰᠣᠶᠣᠯ ᠤᠨ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ ᠪᠠᠷ ᠦᠷᠨᠢᠬᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠣᠬᠢᠶᠠᠨ ᠪᠠᠶᠢᠭᠤᠯᠵᠤ ᠥᠷᠨᠢᠭᠦᠯᠬᠦ ᠨᠢ ᠦᠨᠳᠦᠰᠦᠲᠡᠨ ᠤ ᠣᠨᠴᠠᠯᠢᠭ ᠲᠠᠢ᠂ ᠣᠷᠣᠨ ᠨᠤᠲᠤᠭ ᠤᠨ ᠣᠨᠴᠠᠯᠢᠭ ᠲᠠᠢ ᠰᠣᠶᠣᠯ ᠲᠠᠮᠢᠷ ᠤᠨ ᠬᠥᠳᠡᠯᠭᠡᠭᠡᠨ ᠪᠠ ᠨᠥᠬᠦᠷᠯᠡᠯ ᠤᠨ ᠬᠥᠳᠡᠯᠭᠡᠭᠡᠨ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠪᠦᠯᠬᠦᠮᠳᠡᠯ ᠪᠠ ᠡᠶ᠎ᠡ ᠵᠣᠬᠢᠴᠠᠯ ᠢ ᠦᠨᠡᠨᠬᠦ ᠴᠢᠩᠭᠠᠳᠬᠠᠨ᠂ ᠦᠨᠳᠦᠰᠦᠲᠡᠨ ᠤ ᠰᠣᠶᠣᠯ ᠢ ᠪᠦᠲᠦᠮᠵᠢᠲᠡᠶ ᠤᠯᠠᠮᠵᠢᠯᠠᠨ ᠵᠠᠯᠭᠠᠮᠵᠢᠯᠠᠵᠦ᠂ ᠦᠨᠳᠦᠰᠦᠲᠡᠨ ᠤ ᠰᠣᠶᠣᠯ ᠤᠨ ᠶᠡᠭᠡ ᠬᠥᠭᠵᠢᠯᠲᠡ ᠶᠡᠭᠡ ᠴᠡᠴᠡᠭᠯᠡᠯᠲᠡ ᠶᠢᠨ ᠠᠭᠤᠷ ᠠᠮᠢᠰᠬᠤᠯ ᠢ  ᠴᠢᠩᠭᠠᠷᠠᠭᠤᠯᠣᠨ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠤ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠠᠴᠢᠶᠠᠯᠠᠪᠤᠷᠢ ᠶᠢᠨ  ᠦᠢᠯᠡᠳᠦᠯ ᠢ ᠤᠯᠠᠮ ᠨᠢᠭᠡ ᠠᠯᠬᠤᠮ ᠢᠯᠡᠷᠡᠭᠦᠯᠪᠡ᠃       ᠳᠥᠷᠪᠡ᠂ ᠡᠮᠬᠢᠯᠡᠨ ᠨᠡᠶᠢᠯᠡᠭᠦᠯᠵᠦ ᠬᠦᠴᠦᠯᠡᠬᠦ ᠪᠣᠯ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠪᠣᠯᠤᠨ᠎ᠠ       ᠡᠯ᠎ᠡ ᠲᠠᠯ᠎ᠠ ᠶᠢᠨ ᠠᠵᠢᠯ ᠤᠨ ᠬᠦᠴᠦᠨ ᠪᠠ ᠡᠬᠢ ᠪᠠᠶᠠᠯᠢᠭ ᠢ ᠵᠣᠬᠢᠴᠠᠭᠤᠯᠤᠨ ᠡᠮᠬᠢᠯᠡᠨ ᠨᠡᠶᠢᠯᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ︽ᠡᠭᠦᠷᠭᠡ ᠶᠢ ᠬᠠᠮᠲᠤᠪᠠᠷ ᠡᠭᠦᠷᠭᠡᠯᠡᠬᠦ᠂ ᠬᠠᠮᠲᠤᠪᠠᠷ ᠡᠭᠦᠳᠦᠨ ᠪᠠᠶᠢᠭᠤᠯᠵᠤ ᠬᠠᠮᠲᠤᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤᠪᠠᠷ ᠬᠡᠷᠡᠭᠯᠡᠬᠦ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ︾ ᠠᠵᠢᠯ ᠤᠨ ᠳᠦᠯᠦᠪᠰᠢᠯ ᠢ ᠪᠤᠢ ᠪᠣᠯᠭᠠᠪᠠ᠃ ᠨᠢᠭᠡ ᠳᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠬᠡᠷᠡᠭᠲᠡᠶ᠃ ᠦᠨᠳᠦᠰᠦᠲᠡᠨ᠂ ᠶᠠᠳᠠᠭᠤ ᠶᠢ ᠲᠡᠳᠬᠦᠬᠦ᠂ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠶ᠂ ᠣᠢ ᠰᠢᠭᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠪᠠ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠬᠠᠮᠲᠤᠷᠠᠯᠴᠠᠬᠤ ᠲᠣᠭᠲᠠᠴᠠ ᠶᠢ ᠪᠠᠶᠢᠭᠤᠯᠤᠨ᠂ ᠲᠤᠰ ᠲᠤᠰ ᠤᠨ ᠬᠦᠷᠢᠶ᠎ᠡ ᠭᠡᠪᠴᠢᠶᠡᠨ ᠳᠡᠭᠡᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠬᠠᠮᠲᠤᠪᠠᠷ ᠠᠬᠢᠭᠤᠯᠬᠤ ᠴᠢᠭᠯᠡᠯ ᠪᠠ ᠪᠣᠳᠠᠲᠠᠶ ᠠᠷᠭ᠎ᠠ ᠬᠡᠮᠵᠢᠶ᠎ᠡ ᠶᠢ ᠳᠣᠳᠣᠷᠬᠠᠶᠢᠯᠠᠪᠠ᠃ ᠬᠤᠶᠠᠷ ᠲᠤ᠂ ᠰᠣᠶᠣᠯ᠂ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠶ ᠵᠡᠷᠭᠡ ᠲᠥᠷᠥᠯ ᠵᠦᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠬᠡᠷᠡᠭᠲᠡᠶ᠃ ᠰᠣᠶᠣᠯ᠂ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠶ᠂ ᠣᠨᠴᠠᠯᠢᠭᠲᠤ ᠠᠶᠢᠯ ᠲᠣᠰᠬᠤᠨ ᠵᠡᠷᠭᠡ ᠲᠥᠷᠥᠯ ᠵᠦᠢᠯ ᠢ ᠨᠢᠭᠡ ᠳᠣᠣᠷ᠎ᠠ ᠪᠠᠶᠢᠭᠤᠯᠬᠤ᠂ ᠳᠦᠭᠦᠭᠡᠷᠦᠮᠵᠢ ᠶᠢ ᠨᠢᠭᠡ ᠳᠣᠣᠷ᠎ᠠ ᠪᠠᠶᠢᠭᠤᠯᠬᠤ᠂ ᠠᠵᠢᠯᠯᠠᠭ᠎ᠠ ᠶᠢ ᠨᠢᠭᠡ ᠳᠣᠣᠷ᠎ᠠ ᠬᠤᠯᠪᠣᠬᠤ ᠪᠠᠷ ᠴᠢᠷᠮᠠᠶᠢᠵᠤ᠂ ᠳᠠᠩ ᠭᠠᠭᠴᠠ ᠲᠥᠷᠥᠯ ᠵᠦᠢᠯ ᠤᠨ ᠪᠡᠯᠡ ᠮᠥᠩᠭᠦ ᠶᠢᠨ ᠣᠷᠣᠭᠤᠯᠤᠯᠲᠠ ᠬᠦᠷᠦᠯᠴᠡᠬᠦ ᠦᠭᠡᠶ ᠪᠠᠶᠢᠬᠤ ᠠᠰᠠᠭᠤᠳᠠᠯ ᠢ ᠦᠨᠡᠨᠬᠦ  ᠰᠢᠢᠳᠪᠦᠷᠢᠯᠡᠪᠡ᠃ ᠭᠤᠷᠪᠠ ᠳᠤ᠂ ᠬᠠᠮᠢᠶ᠎ᠠ ᠪᠦᠬᠦᠢ ᠠᠵᠢᠯ ᠤᠨ ᠰᠠᠯᠠᠭ᠎ᠠ ᠮᠥᠴᠢᠷ ᠤᠨ ᠬᠦᠴᠦᠨ ᠢ ᠡᠮᠬᠢᠯᠡᠨ ᠨᠡᠶᠢᠯᠡᠭᠦᠯᠬᠦ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠥᠪᠡᠷᠮᠢᠴᠡ ᠳᠠᠪᠠᠭᠤᠯᠢᠭ ᠪᠣᠯᠤᠨ ᠠᠵᠢᠯ ᠤᠨ ᠨᠥᠬᠦᠴᠡᠯ ᠢ ᠭᠦᠢᠴᠡᠳ ᠠᠰᠢᠭᠯᠠᠨ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭ ᠪᠦᠬᠦᠢ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠣᠨᠴᠠᠯᠢᠭ ᠪᠦᠬᠦᠢ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠪᠣᠯᠤᠨ ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠤᠯᠠᠮ ᠢᠶᠠᠷ ᠣᠨᠴᠠᠯᠢᠭ ᠪᠦᠬᠦᠢ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠬᠦᠯᠪᠡ᠃
 
ᠢᠷᠡᠯᠲᠡ᠄ ᠠᠶᠢᠮᠠᠭ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号