ᠨᠠᠮᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ᠂ ᠪᠦᠬᠦ ᠤᠷᠤᠨ ᠤ | ︽ᠬᠤᠶᠠᠷ ᠢ ᠬᠦᠩᠭᠡᠷᠡᠭᠦᠯᠬᠦ︾ ᠠᠵᠢᠯ ᠤᠨ ᠬᠤᠷᠠᠯ ᠬᠤᠷᠠᠯᠳᠤᠵᠤ᠂ ᠪᠦᠬᠦ ᠤᠷᠤᠨ ᠤ ︽ᠬᠤᠶᠠᠷ ᠢ ᠬᠦᠩᠭᠡᠷᠡᠭᠦᠯᠬᠦ︾ | ᠠᠵᠢᠯ ᠳᠤ ᠪᠦᠬᠦ ᠲᠠᠯ᠎ᠠ ᠶᠢᠨ ᠱᠠᠭᠠᠷᠳᠠᠯᠭ᠎ᠠ ᠳᠤᠷᠠᠳᠴᠤ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃ ᠡᠨᠡᠬᠦ | ᠪᠠᠶᠢᠷᠢᠯᠠᠭᠤᠯᠤᠯᠳᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠬᠤ ᠪᠠᠷ ᠠᠯᠠᠱᠠ ᠵᠡᠭᠦᠨ ᠬᠤᠰᠢᠭᠤᠨ ᠤ | ᠮᠤᠩᠭᠤᠯ ᠦᠨᠳᠦᠰᠦᠳᠡᠨ ᠤ ᠰᠤᠷᠭᠠᠭᠤᠯᠢ ᠰᠢᠨ᠎ᠡ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠤ ᠤᠯᠠᠨ ᠵᠦᠢᠯ ᠤᠨ | ᠠᠷᠭ᠎ᠠ ᠪᠠᠷᠢᠯ ᠢᠶᠠᠷ ᠰᠢᠨ᠎ᠠ ᠲᠦᠷᠦ ᠶᠢᠨ ᠪᠤᠳᠤᠯᠭ᠎ᠠ ᠶᠢ ᠪᠤᠳᠠᠳᠠᠢ ᠨᠠᠶᠢᠳᠠᠪᠤᠷᠢᠵᠢᠭᠤᠯᠵᠤ ᠪᠠᠶᠢᠨ᠎ᠠ᠃ | ᠠᠯᠠᠱᠠ ᠵᠡᠬᠦᠨ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠨᠢ ᠲᠤᠰ ᠰᠤᠷᠤᠯᠭ᠎ᠠ ᠶᠢᠨ | ᠬᠤᠭᠤᠴᠠᠭ᠎ᠠ ᠠᠴᠠ ᠡᠬᠢᠯᠡᠨ ᠬᠢᠴᠢᠶᠡᠯᠯᠡᠬᠦ ᠪᠠᠭᠰᠢ ᠶᠢᠨ ᠠᠯᠪᠠᠨ ᠰᠢᠷᠡᠭᠡᠨ ᠲᠡᠭᠡᠷ᠎ᠡ ᠲᠠᠰᠬᠠᠯ ᠦᠯᠡᠳᠡᠭᠡᠭᠰᠡᠨ ᠴᠠᠭ ᠤᠨ | ᠤᠷᠳᠤ ᠶᠢ ᠲᠡᠮᠳᠡᠭᠯᠡᠬᠦ ᠺᠠᠷᠲ ᠪᠠᠶᠢᠷᠢᠯᠠᠭᠤᠯᠵᠦ᠂ ᠬᠢᠴᠢᠶᠡᠯ ᠲᠦᠷᠦᠯ ᠪᠤᠯᠭᠠᠨ ᠤ ᠪᠠᠭᠰᠢ ᠶᠢᠨ ᠡᠳᠦᠷ ᠪᠤᠯᠭᠠᠨ ᠤ | ᠲᠠᠰᠬᠠᠯ ᠦᠯᠡᠳᠡᠭᠡᠭᠰᠡᠨ ᠴᠠᠭ ᠤᠨ ᠤᠷᠳᠤ ᠶᠢ ᠲᠡᠮᠳᠡᠭᠯᠡᠵᠦ᠂ 1 — 2 ᠳ᠋ᠤᠭᠠᠷ ᠤᠨ ᠳᠤ ᠬᠡᠷ ᠪᠦᠯᠢ ᠶᠢᠨ | ᠪᠢᠴᠢᠭ ᠤᠨ ᠲᠠᠰᠬᠠᠯ ᠦᠯᠡᠳᠡᠬᠡᠬᠦ ᠦᠭᠡᠢ᠂ 3 — 6 ᠳ᠋ᠤᠭᠠᠷ ᠤᠨ ᠤ ᠪᠢᠴᠢᠭ ᠤᠨ ᠲᠠᠰᠬᠠᠯ ᠢ ᠪᠡᠶᠡᠯᠡᠬᠦᠯᠬᠦ | ᠲᠤᠮᠳᠠᠴᠢ ᠴᠠᠭ ᠢ 60 ᠮᠢᠨᠦ᠋ᠲ ᠠᠴᠠ ᠬᠡᠳᠦᠷᠡᠬᠦᠯᠬᠦ ᠦᠭᠡᠢ ︵ᠲᠤᠮᠳᠠᠴᠢ ᠴᠠᠭ ᠬᠡᠳᠡᠭ ᠨᠢ ᠰᠤᠷᠤᠯᠭ᠎ᠠ ᠶᠢᠨ ᠬᠢᠷᠢ | ᠲᠦᠪᠰᠢᠨ ᠲᠤᠮᠳᠠ ᠠᠴᠠ ᠪᠠᠷᠤᠭᠳᠠᠢ ᠰᠤᠷᠤᠭᠴᠢ 60 ᠮᠢᠨᠦ᠋ᠲ ᠲᠤ ᠬᠢᠵᠦ ᠲᠠᠭᠤᠰᠬᠠᠬᠤ ᠶᠢ ᠶᠠᠷᠢᠵᠦ ᠪᠤᠢ︶᠂ 7 | — 9 ᠳ᠋ᠤᠬᠡᠷ ᠤᠨ ᠤ ᠪᠢᠴᠢᠭ ᠤᠨ ᠲᠠᠰᠬᠠᠯ ᠢ ᠪᠡᠶᠡᠯᠡᠬᠦᠯᠬᠦ ᠲᠤᠮᠳᠠᠴᠢ ᠴᠠᠭ ᠢ 90 ᠮᠢᠨᠦ᠋ᠲ ᠠᠴᠠ ᠬᠡᠳᠦᠷᠡᠬᠦᠯᠬᠦ | ᠦᠭᠡᠢ ᠪᠠᠶᠢᠬᠤ ᠬᠠᠳᠠᠭᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠤ ᠡᠬᠢᠯᠡᠭᠰᠡᠨ ᠤ ᠬᠠᠮᠳᠤ ᠰᠤᠷᠤᠭᠴᠢᠳ ᠤᠨ | ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠤᠷᠤᠯᠴᠠᠬᠤ ᠶᠢ ᠴᠢᠬᠤᠯᠠᠴᠢᠯᠠᠨ ᠦᠵᠡᠵᠦ᠂ ᠡᠳᠦᠷ ᠪᠦᠷᠢ ᠨᠢᠭᠡ ᠲᠠᠮᠢᠷ ᠤᠨ | ᠬᠢᠴᠢᠶᠡᠯ ᠲᠤᠬᠢᠷᠠᠭᠤᠯᠤᠭᠰᠠᠨ ᠰᠠᠭᠤᠷᠢᠨ ᠲᠡᠭᠡᠷ᠎ᠡ ᠬᠢᠴᠢᠶᠡᠯ ᠤᠨ ᠭᠠᠳᠠᠨᠡᠬᠢ ᠬᠦᠳᠡᠯᠭᠡᠭᠡᠨ ᠤ ᠴᠠᠭ ᠢ 20 | ᠮᠢᠨᠦ᠋ᠲ ᠠᠴᠠ ᠤᠬᠤᠷ ᠪᠠᠶᠢᠯᠭᠠᠬᠤ ᠦᠭᠡᠢ ᠲᠤᠭᠳᠠᠭᠠᠯ ᠭᠠᠷᠭᠠᠬᠰᠠᠨ ᠪᠠᠶᠢᠨ᠎ᠠ᠃ ︽ᠬᠤᠶᠠᠷ ᠢ ᠬᠦᠩᠭᠡᠷᠡᠭᠦᠯᠬᠦ︾ | ᠲᠦᠷᠦ ᠶᠢᠨ ᠪᠤᠳᠤᠯᠭ᠎ᠠ ᠨᠢ ᠰᠤᠷᠭᠠᠭᠤᠯᠢ ᠶᠢᠨ ᠵᠢᠭᠠᠨ ᠰᠤᠷᠭᠠᠯᠳᠠ ᠳᠤ ᠨᠡᠩ ᠦᠨᠳᠦᠷ ᠱᠠᠭᠠᠷᠳᠠᠯᠭ᠎ᠠ ᠲᠠᠯᠪᠢᠵᠤ᠂ | ᠬᠢᠴᠢᠶᠡᠯ ᠵᠢᠭᠠᠬᠤ ᠪᠠ ᠬᠢᠴᠢᠶᠡᠯ ᠤᠨ ᠭᠠᠳᠠᠨᠠᠬᠢ ᠦᠢᠯᠡᠴᠢᠯᠡᠭᠡᠨ ᠤ ᠠᠵᠢᠯ ᠢ ᠨᠠᠷᠢᠯᠢᠭ ᠵᠤᠬᠢᠶᠠᠨ ᠪᠠᠶᠢᠭᠤᠯᠵᠤ᠂ | ᠬᠢᠴᠢᠶᠡᠯ ᠤᠨ ᠲᠠᠩᠬᠢᠮ ᠤᠨ ︽45 ᠮᠢᠨᠦ᠋ᠲ︾ ᠠᠴᠠ ᠦᠷ᠎ᠡ ᠪᠦᠲᠦᠮᠵᠢ ᠣᠯᠵᠤ᠂ ᠳᠠᠰᠬᠠᠯ ᠳᠠᠭᠠᠭᠠᠯᠭᠠᠪᠤᠷᠢ ᠶᠢᠨ | ᠳᠦᠰᠦᠪ ᠲᠥᠯᠥᠪᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠳᠤ ᠥᠷᠭᠡᠨ ᠣᠯᠠᠨ ᠪᠠᠭᠰᠢ ᠨᠠᠷ ᠤᠨ | ᠴᠢᠳᠠᠪᠤᠷᠢ ᠪᠤᠯᠪᠠᠰᠤᠷᠠᠯ ᠢᠶᠠᠨ ᠳᠡᠭᠡᠭᠰᠢᠯᠡᠬᠦᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ | ᠪᠡᠶᠡᠯᠡᠭᠦᠯᠬᠦ ᠶᠢ ᠴᠢᠩᠭᠠᠳᠬᠠᠬᠰᠠᠠ ᠶᠠᠪᠤᠳᠠᠯ ᠪᠤᠯᠤᠨ᠎ᠠ᠃ | ︽ᠬᠤᠶᠠᠷ ᠢ ᠬᠦᠩᠭᠡᠷᠡᠭᠦᠯᠬᠦ︾ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠪᠠᠯ ᠰᠠᠶ᠋ᠢ ᠴᠢᠨᠠᠷ ᠰᠠᠶᠢᠲᠠᠶ | ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠭᠤᠤᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠤᠷᠴᠢᠨ | ᠨᠦᠭᠦᠴᠡᠯ ᠢ ᠪᠠᠶᠢᠭᠤᠯᠵᠤ᠂ ᠬᠡᠦᠬᠡᠳ ᠤᠳ ᠢ ᠳᠠᠷᠤᠭᠠᠰᠦ ᠦᠭᠡᠢ᠂ ᠡᠷᠡᠭᠦᠯ ᠢᠶᠠᠷ ᠦᠰᠦᠨ ᠪᠤᠶᠢᠵᠢᠭᠤᠯᠵᠤ ᠴᠢᠳᠠᠨ᠎ᠠ᠃ | ᠠᠯᠠᠱᠠ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠲᠡᠳ᠋ ᠵᠠᠬᠢᠷᠤᠯ ᠨᠠᠶᠠᠨᠳᠠᠢ | ᠬᠡᠯᠡᠬᠦ ᠳᠡᠭᠡᠨ᠂ ︽ᠬᠢᠴᠢᠶᠡᠯ ᠤᠨ ᠭᠠᠳᠠᠨᠡᠬᠢ ᠡᠯ᠎ᠡ ᠵᠦᠢᠯ ᠤᠨ ᠪᠤᠯᠪᠠᠰᠤᠷᠠᠯ᠂ ᠬᠢᠴᠢᠶᠡᠯ ᠨᠦᠬᠦᠬᠦ ᠠᠩᠬᠢ ᠶᠢ | ᠵᠤᠬᠰᠤᠭᠠᠬᠰᠠᠨ ᠨᠢ ᠰᠤᠷᠭᠠᠭᠤᠯᠢ ᠶᠢᠨ ᠵᠢᠭᠠᠨ ᠰᠤᠷᠭᠠᠯᠳᠠ ᠪᠤᠯᠤᠨ ᠪᠠᠭᠰᠢ ᠨᠠᠷ ᠤᠨ ᠡᠬᠦᠷᠭᠡ ᠬᠠᠷᠢᠭᠤᠴᠠᠯᠭ᠎ᠠ ᠳᠤ | ᠨᠡᠩ ᠦᠨᠳᠦᠷ ᠱᠠᠭᠠᠷᠳᠠᠯᠭ᠎ᠠ ᠲᠠᠯᠪᠢᠵᠡᠢ᠃ ᠮᠠᠨ ᠤ ᠰᠤᠷᠭᠠᠭᠤᠯᠢ ᠡᠨᠡ ᠬᠤᠭᠤᠴᠠᠭ᠎ᠠ 20 ᠭᠠᠷᠤᠢ ᠰᠢᠨ᠎ᠡ ᠪᠠᠭᠰᠢ | ᠡᠯᠰᠡᠵᠦ᠂ ᠤᠤᠯ ᠤᠨ ᠪᠠᠭᠰᠢ ᠨᠠᠷ ᠤᠨ ᠵᠢᠭᠠᠨ ᠰᠤᠷᠭᠠᠬᠤ ᠶᠠᠰᠤ ᠴᠢᠨᠠᠷ ᠢ ᠲᠡᠭᠡᠭᠰᠢᠯᠡᠬᠦᠯᠦᠨ᠂ ᠬᠢᠴᠢᠶᠡᠯ ᠤᠨ | ᠴᠠᠭ ᠲᠤ ᠰᠤᠷᠤᠭᠴᠢᠳ ᠲᠤ ᠬᠢᠴᠢᠶᠡᠯ ᠤᠨ ᠠᠭᠤᠯᠭ᠎ᠠ ᠶᠢ ᠨᠢ ᠡᠵᠡᠮᠰᠢᠬᠦᠯᠬᠦ ᠪᠠᠷ ᠴᠢᠷᠮᠠᠶᠢᠬᠤ ᠶᠢᠨ ᠲᠠᠭᠠᠤ ᠡᠳᠦᠷ | ᠪᠤᠯᠭᠠᠨ ᠤ ᠲᠠᠪᠳᠠᠯᠭ᠎ᠠ ᠲᠡᠭᠡᠷ᠎ᠡ ᠰᠤᠷᠤᠭᠴᠢᠳ ᠤᠨ ᠡᠳᠦᠷ ᠤᠨ ᠰᠤᠷᠤᠭᠰᠠᠨ ᠮᠡᠳᠡᠯᠭᠡ ᠶᠢ ᠪᠠᠳᠤᠳᠬᠠᠬᠤ᠂ ᠲᠠᠰᠬᠠᠯ | ᠲᠠᠭᠠᠭᠠᠯᠭᠠᠪᠤᠷᠢ ᠶᠢ ᠵᠢᠭᠠᠨ ᠵᠢᠯᠤᠭᠤᠳᠬᠤ ᠴᠠᠭ ᠵᠠᠪ ᠭᠠᠷᠭᠠᠬᠤ ᠪᠠᠷ ᠲᠤᠭᠳᠠᠭᠰᠠᠨ ᠶᠤᠮ᠃ ᠤᠳᠤ ᠡᠨᠡ ᠠᠵᠢᠯ ᠢ | ᠶᠠᠭ ᠡᠬᠢᠯᠡᠬᠦᠯᠵᠦ ᠪᠠᠶᠢᠭ᠎ᠠ ᠤᠴᠢᠷ ᠠᠴᠠ ᠰᠤᠷᠤᠭᠴᠢᠳ ᠤᠨ ᠰᠤᠷᠤᠯᠴᠠᠬᠤ ᠴᠠᠭ ᠵᠠᠪ ᠤᠨ ᠲᠠᠯ᠎ᠠ ᠪᠠᠷ ᠪᠠᠰᠠ ᠲᠠᠬᠢᠨ | ᠲᠤᠬᠢᠷᠠᠭᠤᠯᠤᠯᠳᠠ ᠬᠢᠬᠦ᠂ ᠵᠢᠭᠠᠬᠤ ᠶᠢᠨ ᠲᠠᠭᠠᠤ ᠰᠤᠳᠤᠯᠵᠤ᠂ ᠠᠶᠢᠮᠠᠭ᠂ ᠬᠤᠰᠢᠭᠤᠨ ᠤ ᠰᠤᠷᠭᠠᠨ ᠬᠦᠮᠦᠵᠢᠯ | ᠪᠡᠶ᠎ᠡ ᠶᠢᠨ ᠲᠠᠮᠢᠷ ᠤᠨ ᠲᠤᠪᠴᠢᠶᠠᠨ ᠤ ᠱᠠᠭᠠᠷᠳᠠᠯᠭ᠎ᠠ ᠶᠤᠰᠤᠭᠠᠷ ᠰᠤᠷᠤᠭᠴᠢᠳ ᠤᠨ ᠲᠠᠷᠤᠭᠠᠰᠤ ᠶᠢ ᠬᠦᠩᠭᠡᠯᠡᠭᠰᠡᠨ | ᠰᠠᠭᠤᠷᠢᠨ ᠲᠡᠭᠡᠷ᠎ᠡ ᠵᠢᠭᠠᠨ ᠰᠤᠷᠭᠠᠬᠤ ᠶᠠᠰᠤ ᠴᠢᠨᠠᠷ ᠢᠶᠠᠨ ᠲᠡᠭᠡᠭᠰᠢᠯᠡᠬᠦᠯᠬᠦ ᠪᠠᠷ ᠴᠢᠷᠮᠠᠶᠢᠵᠤ ᠪᠠᠶᠢᠨ᠎ᠠ︾ ᠭᠡᠵᠤ | ᠪᠠᠶᠢᠯ᠎ᠠ᠃ | ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠵᠤᠬᠰᠤᠭᠠᠬᠰᠠᠨ ᠲᠤᠬᠠᠢ ᠬᠢᠴᠢᠶᠡᠯ ᠤᠨ | ᠭᠠᠳᠠᠨᠠᠬᠢ ᠴᠠᠭ ᠢᠶᠠᠷ ᠪᠤᠯᠪᠠᠰᠤᠷᠠᠯ ᠳᠤ ᠤᠷᠤᠯᠴᠠᠳᠠᠭ ᠰᠤᠷᠤᠬᠴᠢ ᠪᠤᠯᠤᠨ ᠭᠡᠷ ᠤᠨ ᠠᠬᠠᠮᠠᠳ ᠦᠪᠡᠷ ᠤᠨ ᠭᠡᠰᠡᠨ | ᠦᠵᠡᠯᠳᠡ ᠦᠢᠯᠠᠭᠠᠯᠳᠠ ᠲᠠᠢ ᠪᠠᠶᠢᠯ᠎ᠠ᠃ ︽ᠮᠠᠨ ᠤ ᠬᠡᠤᠭᠡᠳ ᠠᠩᠬ᠎ᠠ ᠲᠤᠮᠳᠠᠳᠤ ᠳᠤ ᠤᠷᠤᠭᠰᠠᠨ ᠠᠴᠠ ᠬᠤᠶᠢᠰᠢ | ᠬᠢᠴᠢᠶᠡᠯ ᠳᠡᠭᠡᠨ ᠬᠦᠴᠢᠷᠳᠡᠵᠦ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠠᠩᠭᠢ ᠳᠤ ᠲᠡᠤᠭᠡ᠂ ᠭᠠᠵᠠᠷ ᠵᠦᠢ᠂ | ᠠᠩᠭ᠍ᠯᠢ ᠬᠡᠯᠡ ᠵᠡᠷᠭᠡ ᠬᠢᠴᠢᠶᠡᠯ ᠲᠦᠷᠦᠯ ᠢ ᠪᠠᠶᠢᠩᠭᠤ ᠶᠢᠨ ᠴᠢᠨᠠᠷᠳᠠᠢ ᠨᠦᠬᠦᠵᠦ᠂ ᠰᠡᠬᠦᠯᠡᠷ ᠨᠢ ᠲᠤᠭ᠎ᠠ | ᠪᠤᠳᠤᠯᠭ᠎ᠠ ᠶᠢᠨ ᠬᠢᠴᠢᠶᠡᠯ ᠢ ᠨᠦᠬᠦᠵᠦ ᠪᠠᠶᠢᠯ᠎ᠠ᠃ ᠬᠡᠷᠪᠡ ᠰᠤᠷᠭᠠᠭᠤᠯᠢ ᠶᠢᠨ ᠭᠠᠳᠠᠨᠡᠬᠢ ᠪᠤᠯᠪᠠᠰᠤᠷᠠᠯ ᠤᠨ | ᠪᠠᠶᠢᠭᠤᠯᠤᠮᠵᠢ ᠶᠢ ᠵᠤᠬᠰᠤᠭᠠᠪᠠᠯ ᠪᠠᠭᠰᠢ ᠶᠢᠨ ᠬᠢᠴᠢᠶᠡᠯ ᠤᠨ ᠴᠠᠭ ᠲᠤ ᠵᠢᠭᠠᠬᠤ ᠪᠠ ᠬᠢᠴᠢᠶᠡᠯ ᠤᠨ ᠭᠠᠳᠠᠨᠠᠬᠢ | ᠵᠢᠯᠤᠭᠤᠳᠤᠯᠭ᠎ᠠ ᠶᠢ ᠴᠢᠩᠭᠠᠳᠬᠠᠬᠤ ᠴᠢᠬᠤᠯᠠ ᠲᠠᠢ ᠮᠦᠷᠳᠡᠭᠡᠨ ᠰᠤᠷᠤᠬᠴᠢᠳ ᠤᠨ ᠪᠡᠶ᠎ᠡ ᠪᠠᠨ ᠲᠠᠭᠠᠭᠠᠵᠤ | ᠲᠠᠪᠳᠠᠯᠭ᠎ᠠ ᠪᠤᠯᠪᠠᠰᠤᠷᠠᠯ ᠢᠶᠠᠨ ᠭᠦᠢᠴᠡᠳᠭᠡᠬᠦ᠂ ᠬᠢᠴᠢᠶᠡᠯ ᠤᠨ ᠰᠤᠷᠤᠬᠰᠠᠨ ᠠᠭᠤᠯᠭ᠎ᠠ ᠪᠠᠨ ᠴᠠᠭ ᠲᠠᠭᠠᠨ ᠡᠵᠡᠮᠰᠢᠵᠤ | ᠠᠪᠬᠤ ᠲᠠᠯ᠎ᠠ ᠪᠠᠷ ᠴᠢᠩᠭ᠎ᠠ ᠠᠳᠬᠤᠪᠠᠯ ᠲᠠᠭᠠᠷᠠᠨ᠎ᠠ᠃ ᠮᠢᠨᠤ ᠬᠡᠤᠬᠡᠳ ᠪᠠᠶᠢᠷᠢ ᠳᠤ ᠰᠠᠭᠤᠵᠤ ᠪᠠᠶᠢᠬᠤ ᠲᠤᠯᠠ | ᠬᠢᠴᠢᠶᠡᠯ ᠤᠨ ᠭᠠᠳᠠᠨᠠᠬᠢ ᠴᠠᠭ ᠢᠶᠠᠷ ᠭᠡᠷ ᠤᠨ ᠠᠬᠠᠮᠠᠳ ᠵᠢᠭᠠᠨ ᠵᠢᠯᠤᠭᠤᠳᠴᠤ ᠴᠢᠳᠠᠬᠤ ᠦᠭᠡᠢ᠂ ᠰᠤᠷᠤᠬᠴᠢ ᠶᠢᠨ | ᠪᠠᠶ᠎ᠡ ᠪᠠᠨ ᠲᠠᠭᠠᠭᠠᠵᠤ ᠰᠤᠷᠬᠤ ᠲᠠᠯ᠎ᠠ ᠪᠠᠷ ᠰᠠᠨᠠᠭ᠎ᠠ ᠪᠤᠯᠵᠤ ᠪᠠᠶᠢᠨ᠎ᠠ︾ ᠬᠡᠵᠦ ᠬᠡᠷ ᠤᠨ ᠠᠬᠠᠮᠠᠳ ᠵᠠᠶᠠᠭᠠᠴᠢᠮᠡᠭ | ᠶᠠᠷᠢᠨ᠎ᠠ᠃ ᠲᠤᠰ ᠰᠤᠷᠭᠠᠭᠤᠯᠢ ᠡᠨᠡ ᠵᠢᠯ ᠠᠴᠠ ᠲᠡᠭᠡᠷ᠎ᠡ ᠱᠠᠳᠤᠨ ᠤ ᠲᠤᠭᠳᠠᠭᠠᠯ ᠶᠤᠰᠤᠭᠠᠷ ᠪᠦᠬᠦ ᠰᠤᠷᠭᠠᠭᠤᠯᠢ ᠶᠢᠨ | ᠡᠯ᠎ᠡ ᠤᠨ ᠨᠢᠬᠡᠴᠡ ᠶᠢᠨ ᠭᠠᠷᠠᠭ ᠪᠦᠷᠢ ᠶᠢᠨ ᠬᠢᠴᠢᠶᠡᠯ ᠤᠨ ᠲᠤᠭ᠎ᠠ ᠳᠤ ᠵᠤᠬᠢᠬᠤ ᠲᠤᠬᠢᠷᠠᠭᠤᠯᠤᠯᠳᠠ ᠬᠢᠵᠤ᠂ | ᠬᠢᠴᠢᠶᠡᠯ ᠤᠨ ᠵᠢᠭᠠᠨ ᠰᠤᠷᠭᠠᠯᠳᠠ ᠬᠢᠭᠡᠳ ᠬᠢᠴᠢᠶᠡᠯ ᠤᠨ ᠭᠠᠳᠠᠨᠠᠬᠢ ᠲᠠᠪᠳᠠᠯᠭ᠎ᠠ ᠦᠢᠯᠡᠴᠢᠯᠡᠭᠡ ᠶᠢᠨ ᠴᠠᠭ ᠢ | ᠵᠤᠬᠢᠰᠳᠠᠢ ᠵᠤᠬᠢᠴᠠᠭᠤᠯᠵᠤ ᠪᠠᠶᠢᠨ᠎ᠠ᠃ | ᠣᠶᠢᠷ᠎ᠠ ᠶᠢᠨ ᠵᠢᠯ ᠤᠳ ᠲᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠷᠤᠭᠠᠰᠤ ᠬᠡᠲᠦ | ᠬᠦᠨᠳᠦ᠂ ᠨᠢᠳᠦᠨ ᠡᠮᠦᠨᠡᠬᠢ ᠶᠢ ᠯᠡ ᠦᠵᠡᠬᠦ᠂ ᠠᠰᠢᠭ ᠲᠤᠰᠠ ᠶᠢ ᠬᠦᠭᠡᠭᠡᠴᠡᠯᠳᠦᠬᠦ ᠠᠰᠠᠭᠤᠳᠠᠯ ᠤᠯᠠᠮ ᠠᠴᠠ | ᠤᠯᠠᠮ ᠬᠦᠨᠳᠦ ᠨᠣᠴᠢᠲᠠᠶ ᠪᠣᠯᠵᠤ᠂ ᠢᠯᠠᠩᠭᠤᠶ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ | ᠡᠮᠬᠢ ᠵᠢᠷᠤᠮ ᠥᠬᠡᠶ ᠬᠥᠭᠵᠢᠵᠦ᠂ ︽ᠰᠤᠷᠭᠠᠭᠤᠯᠢ ᠶᠢᠨ ᠳᠣᠲᠣᠷᠠᠬᠢ ᠳᠠᠷᠤᠭᠠᠰᠤ ᠶᠢ ᠬᠥᠩᠭᠡᠷᠡᠭᠦᠯᠬᠦ ᠳᠤ | ᠰᠤᠷᠭᠠᠭᠤᠯᠢ ᠶᠢᠨ ᠭᠠᠳᠠᠨᠠᠬᠢ ᠳᠠᠷᠤᠭᠠᠰᠤ ᠨᠢ ᠨᠡᠮᠡᠭᠳᠡᠭᠰᠡᠨ︾ ᠦᠵᠡᠭᠳᠡᠯ ᠲᠣᠪᠤᠶᠢᠮ᠎ᠠ ᠢᠯᠡᠷᠡᠵᠦ᠂ ᠬᠡᠷ ᠪᠦᠯᠢ ᠶᠢᠨ | ᠠᠵᠤ ᠠᠬᠤᠶ ᠶᠢᠨ ᠳᠠᠷᠤᠭᠠᠰᠤ ᠶᠢ ᠲᠠᠰᠤᠷᠠᠯᠲᠠ ᠥᠬᠡᠶ ᠬᠦᠨᠳᠦᠷᠡᠭᠦᠯᠵᠦ᠂ ᠰᠤᠷᠭᠠᠭᠤᠯᠢ ᠶᠢᠨ ᠵᠢᠭᠠᠨ ᠰᠤᠷᠭᠠᠯᠳᠠ᠂ | ᠬᠡᠷ ᠤᠨ ᠠᠬᠠᠮᠠᠳ᠂ ᠰᠤᠷᠤᠭᠴᠢᠳ ᠲᠤ ᠲᠠᠷᠤᠭᠠᠰᠤ ᠠᠪᠴᠢᠷᠠᠵᠤ ᠪᠠᠶᠢᠪᠠ᠃ ᠡᠶᠢᠮᠦ ᠪᠠᠶᠢᠳᠠᠯ ᠳᠤᠤᠷ᠎ᠠ᠂ ᠰᠤᠷᠭᠠᠨ | ᠬᠥᠮᠦᠵᠢᠯ ᠤᠨ ᠪᠤᠰᠤᠳᠴᠢ ᠵᠢᠮ᠎ᠡ ᠶᠣᠰᠣ ᠶᠢ ᠵᠢᠷᠤᠮᠯᠠᠨ ︽ᠬᠤᠶᠠᠷ ᠢ ᠬᠦᠩᠭᠡᠷᠡᠭᠦᠯᠬᠦ︾ ᠠᠵᠢᠯ ᠢ ᠪᠥᠬᠦ ᠲᠠᠯ᠎ᠠ ᠪᠠᠷ | ᠠᠬᠢᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠰᠤᠷᠭᠠᠭᠤᠯᠢ᠂ ᠨᠡᠶᠢᠭᠡᠮ᠂ ᠬᠡᠷ ᠪᠦᠯᠢ ᠶᠢᠨ | ᠬᠦᠴᠦᠨ ᠢ ᠨᠢᠭᠡᠳᠦᠯᠲᠡᠶ ᠲᠥᠯᠥᠪᠯᠡᠨ᠂ ᠬᠠᠷᠢᠯᠴᠠᠨ ᠣᠶᠢᠯᠠᠭᠠᠯᠴᠠᠨ ᠳᠡᠮᠵᠢᠬᠦ ᠭᠤᠷᠪᠠ ᠶᠢ ᠨᠢᠭᠡ | ᠴᠤᠭᠴᠠᠵᠢᠭᠤᠯᠤᠭᠰᠠᠨ ᠬᠦᠮᠦᠨ ᠬᠦᠮᠦᠵᠢᠭᠦᠯᠬᠦ ᠳᠦᠯᠦᠪᠰᠢᠯ ᠢ ᠪᠣᠶ ᠪᠣᠯᠭᠠᠵᠤ᠂ ᠳᠠᠷᠤᠭᠠᠰᠤ ᠶᠢ ᠬᠥᠩᠭᠡᠷᠡᠭᠦᠯᠵᠦ᠂ | ᠦᠢᠯᠡᠴᠢᠯᠡᠭᠡ ᠶᠢ ᠰᠠᠶᠢᠵᠢᠷᠠᠭᠤᠯᠬᠤ ᠶᠢ ᠪᠡᠶᠡᠯᠡᠭᠦᠯᠪᠡᠯ ᠰᠠᠶ᠋ᠢ ᠰᠤᠷᠭᠠᠨ ᠬᠥᠮᠦᠵᠢᠯ ᠤᠨ ᠮᠥᠨ ᠴᠢᠨᠠᠷ ᠢ ᠭᠦᠢᠴᠡᠳ | ᠪᠠᠳᠠᠷᠠᠭᠤᠯᠵᠤ᠂ ︽ᠬᠤᠶᠠᠷ ᠢ ᠬᠦᠩᠭᠡᠷᠡᠭᠦᠯᠬᠦ︾ ᠶᠢ ᠪᠣᠳᠠᠲᠤ ᠦᠷ᠎ᠡ ᠪᠦᠲᠦᠮᠵᠢ ᠲᠠᠢ ᠪᠣᠯᠭᠠᠵᠤ ᠴᠢᠳᠠᠨ᠎ᠠ᠃ |