ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠢᠢᠷ᠎ᠠ ᠳᠤ ︽ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠬᠡᠷᠡᠭᠵᠢᠭᠦᠯᠬᠦ | ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ | ︽ᠬᠡᠷᠡᠭᠵᠢᠭᠦᠯᠬᠦ ᠰᠠᠨᠠᠯ︾ ᠳᠤ᠂ ᠡᠮ ᠤᠨ ᠵᠦᠢᠯᠡᠰ ᠤᠨ ᠠᠮᠤᠷ ᠲᠦᠪᠰᠢᠨ ᠨᠢ ᠠᠷᠠᠳ ᠣᠯᠠᠨ ᠤ ᠪᠡᠶ᠎ᠡ | ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠨ᠎ᠠ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠥ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ | ᠰᠠᠨᠠᠭ᠎ᠠ ᠶᠢ ᠪᠦᠬᠦ ᠳᠠᠯ᠎ᠠ ᠪᠠᠷ ᠳᠤᠭᠤᠰᠢᠯᠠᠭᠤᠯᠤᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠬᠡᠳᠤᠯᠡᠬᠦ ᠶᠢ | ᠪᠠᠷᠢᠮᠲᠠᠯᠠᠵᠤ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠢᠨᠠᠨ ᠦᠨᠡᠯᠡᠵᠦ | ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠥ᠂ ᠬᠢᠨᠠᠯᠲᠠ ᠬᠠᠮᠢᠶᠠᠷᠤᠯᠲᠠ ᠶᠢᠨ | ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠥ᠂ ᠬᠢᠨᠠᠨ ᠬᠠᠮᠢᠶᠠᠷᠬᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠂ ᠰᠢᠨᠵᠢᠯᠡᠬᠦ ᠤᠬᠠᠭᠠᠨᠴᠢ᠂ ᠦᠨᠳᠦᠷ ᠪᠦᠲᠦᠮᠵᠢᠳᠠᠢ᠂ ᠡᠷᠬᠡ ᠰᠦᠷᠳᠦ ᠡᠮ ᠤᠨ ᠵᠦᠢᠯᠡᠰ ᠤᠨ | ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ ᠲᠡᠭᠦᠯᠳᠡᠷᠵᠢᠭᠦᠯᠤᠨ᠂ ᠡᠮ ᠤᠨ | ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠳᠤ ᠰᠠᠬᠢᠵᠥ᠂ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠬᠠᠤᠯᠢᠵᠢᠯᠳᠡ᠂ ᠳᠡᠯᠡᠬᠡᠶᠢᠴᠢᠯᠡᠯᠳᠡ᠂ | ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠤᠨ᠂ ᠮᠠᠨ ᠤ ᠤᠯᠤᠰ ᠤᠨ ᠡᠮ | ᠦᠢᠯᠡᠳᠬᠦ ᠲᠣᠮᠣ ᠤᠯᠤᠰ ᠠᠴᠠ ᠡᠮ ᠦᠢᠯᠡᠳᠬᠦ ᠬᠦᠴᠦᠷᠬᠡᠭ ᠤᠯᠤᠰ ᠪᠣᠯᠬᠤ ᠳᠠᠪᠠᠯᠲᠠ ᠶᠢ ᠠᠬᠢᠭᠤᠯᠤᠨ᠂ ᠠᠷᠠᠳ | ᠣᠯᠠᠨ ᠤ ᠡᠮ ᠤᠨ ᠵᠦᠢᠯᠡᠰ ᠤᠨ ᠠᠮᠤᠷ ᠲᠦᠪᠰᠢᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠳᠠᠢ ᠬᠡᠵᠥ | ᠵᠢᠭᠠᠵᠥ ᠭᠠᠷᠭᠠᠪᠠ᠃ ︽ᠬᠡᠷᠡᠭᠵᠢᠭᠦᠯᠬᠦ ᠰᠠᠨᠠᠯ︾ ᠳᠤ ᠵᠢᠷᠭᠤᠭᠠᠨ ᠲᠠᠯ᠎ᠠ ᠶᠢᠨ 18 ᠵᠦᠢᠯ ᠤᠨ ᠭᠤᠤᠯᠳᠠᠯᠭ᠎ᠠ ᠲᠠᠢ | ᠠᠵᠢᠯ ᠢ ᠲᠣᠳᠣᠷᠬᠠᠶᠢᠯᠠᠪᠠ᠃ | ᠨᠢᠭᠡ ᠳᠤ᠂ ᠬᠠᠤᠯᠢ ᠲᠣᠭᠲᠠᠭᠠᠯ ᠪᠠ ᠪᠠᠷᠢᠮᠵᠢᠶᠠᠨ ᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ | ᠢᠵᠢ ᠲᠥᠬᠦᠷᠵᠢᠭᠰᠡᠨ ᠬᠠᠤᠯᠢ ᠴᠠᠭᠠᠵᠠ ᠲᠦᠷᠢᠮ ᠳᠤᠬᠳᠠᠭᠠᠯ ᠢ ᠲᠣᠭᠲᠠᠭᠠᠵᠤ ᠵᠠᠰᠠᠪᠤᠷᠢ ᠣᠷᠣᠭᠤᠯᠬᠤ ᠶᠢ | ᠲᠦᠷᠭᠡᠳᠬᠡᠨ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠠᠷᠢᠯᠭᠠᠨ ᠲᠡᠭᠦᠯᠳᠡᠷᠵᠢᠭᠦᠯᠵᠦ᠂ | ᠮᠡᠷᠭᠡᠵᠢᠯ ᠤᠨ ᠵᠦᠭᠯᠡᠭᠦᠷ ᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠡᠮᠬᠢ ᠵᠢᠷᠤᠮ ᠲᠠᠢ ᠠᠬᠢᠭᠤᠯᠤᠨ᠎ᠠ᠃ | ᠵᠠᠰᠠᠭ ᠤᠨ ᠣᠷᠳᠣᠨ ᠭᠤᠤᠯᠯᠠᠨ ᠤᠳᠤᠷᠢᠳᠤᠭᠰᠠᠨ᠂ ᠠᠵᠤ ᠠᠬᠤᠶᠢᠯᠠᠯ ᠭᠤᠤᠯ ᠴᠣᠭᠴᠠ ᠪᠤᠯᠤᠭᠰᠠᠨ᠂ ᠨᠡᠶᠢᠭᠡᠮ | ᠨᠡᠶᠢᠳᠡ ᠪᠠᠷ ᠢᠶᠠᠨ ᠣᠷᠣᠯᠴᠠᠭᠰᠠᠨ ᠪᠠᠷᠢᠮᠵᠢᠶᠠᠳᠤ ᠠᠵᠢᠯ ᠤᠨ ᠲᠣᠭᠲᠠᠴᠠ ᠶᠢ ᠱᠠᠯᠠᠪᠳᠠᠨ ᠲᠡᠭᠦᠯᠳᠡᠷᠵᠢᠭᠦᠯᠦᠨ᠎ᠡ᠃ | ᠪᠠᠷᠢᠮᠵᠢᠶᠠᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠪᠠᠷᠢᠮᠵᠢᠶᠠᠳᠤ | ᠦᠢᠯᠡᠴᠢᠯᠡᠬᠡᠨ ᠤ ᠲᠦᠪᠰᠢᠨ ᠢ ᠳᠡᠭᠡᠭᠰᠢᠯᠡᠭᠦᠯᠦᠨ᠎ᠡ᠃ | ᠬᠤᠶᠠᠷ ᠲᠤ᠂ ᠬᠢᠨᠠᠨ ᠦᠨᠡᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠢᠨᠠᠨ ᠦᠨᠡᠯᠡᠬᠦ ᠲᠣᠭᠲᠠᠴᠠ ᠶᠢ | ᠰᠢᠯᠢᠳᠡᠭᠵᠢᠭᠦᠯᠦᠨ᠎ᠡ᠃ ᠬᠢᠲᠠᠳ ᠡᠮ ᠪᠠ ᠠᠮᠢᠳᠤ ᠪᠣᠳᠠᠰ ᠤᠨ ᠪᠦᠲᠦᠭᠡᠭᠳᠡᠬᠦᠨ ︵ᠸᠠᠺᠼᠢᠨ︶ ᠵᠡᠷᠭᠡ ᠶᠢ ᠬᠢᠨᠠᠨ | ᠦᠨᠡᠯᠡᠬᠦ ᠪᠠᠶᠢᠴᠠᠭᠠᠬᠤ ᠪᠠᠶᠢᠭᠤᠯᠤᠮᠵᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠴᠢᠮ ᠪᠠᠶᠢᠳᠠᠯ ᠢ | ᠠᠷᠭᠠᠴᠠᠭᠠᠬᠤ ᠪᠠ ᠰᠢᠨ᠎ᠡ ᠶᠢ ᠡᠭᠦᠳᠦᠭᠰᠡᠨ ᠡᠮ ᠤᠨ ᠵᠦᠢᠯᠡᠰ ᠡᠮᠴᠢᠯᠡᠭᠡᠨ ᠤ ᠪᠠᠭᠠᠵᠢ ᠬᠡᠷᠡᠭᠰᠡᠯ ᠢ ᠰᠤᠳᠤᠯᠤᠨ | ᠬᠢᠨᠠᠬᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠰᠢᠯᠢᠳᠡᠭᠵᠢᠭᠦᠯᠤᠨ᠂ ᠰᠢᠨ᠎ᠡ ᠮᠡᠷᠭᠡᠵᠢᠯ ᠢ ᠬᠡᠷᠡᠭᠯᠡᠬᠦ | ᠪᠠ ᠰᠢᠨ᠎ᠡ ᠦᠶ᠋ᠯᠡᠳᠬᠦᠨ ᠢ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ᠎ᠠ᠃ ᠬᠢᠲᠠᠳ ᠡᠮ ᠤᠨ ᠬᠢᠨᠠᠨ ᠦᠨᠡᠯᠡᠬᠦ | ᠲᠣᠭᠲᠠᠴᠠ ᠶᠢ ᠰᠢᠯᠢᠳᠡᠭᠵᠢᠭᠦᠯᠵᠦ᠂ ᠬᠢᠲᠠᠳ ᠡᠮ ᠤᠨ ᠰᠤᠳᠤᠯᠤᠨ ᠦᠢᠯᠡᠳᠬᠦ ᠵᠢᠮ᠎ᠡ ᠶᠣᠰᠣ ᠶᠢ ᠵᠢᠷᠤᠮᠯᠠᠨ᠂ | ᠬᠢᠲᠠᠳ ᠡᠮ ᠡᠮᠨᠡᠯᠭᠡ ᠶᠢᠨ ᠤᠨᠤᠯ᠂ ᠬᠥᠮᠦᠨ ᠳᠤ ᠬᠡᠷᠡᠭᠯᠡᠭᠰᠡᠨ ᠲᠤᠷᠰᠢᠯᠭ᠎ᠠ᠂ ᠡᠮᠴᠢᠯᠡᠭᠡᠨ ᠤ ᠲᠤᠷᠰᠢᠯᠲᠠ ᠶᠢ | ᠤᠶᠠᠯᠳᠤᠭᠤᠯᠤᠭᠰᠠᠨ ᠬᠢᠲᠠᠳ ᠡᠮ ᠤᠨ ᠣᠨᠴᠠᠯᠢᠭ ᠢ ᠬᠢᠨᠠᠨ ᠦᠨᠡᠯᠡᠬᠦ ᠭᠡᠷᠡᠴᠢ ᠪᠠᠷᠢᠮᠲᠠ ᠶᠢᠨ ᠰᠢᠰᠲ᠋ᠧᠮ ᠢ | ᠪᠠᠶᠢᠭᠤᠯᠵᠤ᠂ ᠬᠢᠲᠠᠳ ᠡᠮ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ | ᠭᠤᠷᠪᠠ ᠳᠤ᠂ ᠪᠠᠶᠢᠴᠠᠭᠠᠵᠤ ᠬᠠᠤᠯᠢ ᠬᠡᠷᠡᠭᠵᠢᠭᠦᠯᠬᠦ ᠰᠢᠰᠲ᠋ᠧᠮ ᠪᠣᠯᠤᠨ ᠬᠡᠷᠡᠭ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠡᠯ᠎ᠡ ᠱᠠᠲᠤᠨ ᠤ ᠡᠮ ᠤᠨ | ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠬᠤ | ᠪᠠᠶᠢᠴᠠᠭᠠᠭᠴᠢ ᠶᠢᠨ ᠡᠩᠨᠡᠭᠡ ᠶᠢᠨ ᠰᠢᠰᠲ᠋ᠧᠮ ᠢ ᠱᠠᠯᠠᠪᠳᠠᠨ ᠪᠠᠶᠢᠭᠤᠯᠵᠤ᠂ ᠪᠠᠶᠢᠴᠠᠭᠠᠬᠤ ᠬᠦᠴᠦᠨ ᠢ ᠨᠢᠭᠡᠳᠦᠯᠲᠡᠶ | ᠰᠢᠯᠵᠢᠭᠦᠯᠦᠨ ᠲᠣᠮᠢᠯᠠᠬᠤ ᠲᠣᠭᠲᠠᠴᠠ ᠶᠢ ᠪᠠᠶᠢᠭᠤᠯᠤᠨ᠎ᠠ᠃ ᠬᠤᠲᠠ ᠰᠢᠶᠠᠨ ᠤ ᠡᠮ ᠤᠨ ᠵᠦᠢᠯᠡᠰ ᠢ ᠰᠢᠯᠭᠠᠨ | ᠪᠠᠶᠢᠴᠠᠭᠠᠬᠤ ᠵᠡᠷᠭᠡ ᠠᠵᠢᠯ ᠬᠢᠵᠦ ᠪᠠᠶᠢᠭ᠎ᠠ ᠬᠥᠮᠦᠰ ᠤᠨ ᠡᠮ ᠤᠨ ᠵᠦᠢᠯᠡᠰ ᠪᠠᠶᠢᠴᠠᠭᠠᠭᠴᠢ ᠶᠢᠨ ᠬᠢᠷᠢ ᠬᠡᠮ | ᠣᠯᠬᠤ ᠶᠢ ᠵᠣᠷᠢᠭᠵᠢᠭᠤᠯᠤᠨ᠎ᠠ᠃ ᠮᠤᠵᠢ ᠶᠢᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠢᠭᠡᠳ | ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ | ᠰᠢᠶᠠᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠡᠯ᠎ᠡ ᠱᠠᠲᠤᠨ ᠤ ᠡᠮ ᠤᠨ | ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠯᠤᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠤᠨ᠎ᠠ᠃ ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠬᠤ ᠰᠠᠯᠠᠭ᠎ᠠ ᠮᠥᠴᠢᠷ ᠤᠨ ᠡᠮ ᠤᠨ ᠵᠦᠢᠯᠡᠰ ᠤᠨ ᠪᠥᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠬᠠᠮᠵᠢᠯᠴᠠᠭ᠎ᠠ ᠶᠢ ᠴᠢᠩᠭᠠᠳᠬᠠᠵᠤ᠂ ᠡᠮ ᠤᠨ | ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠪᠥᠬᠦ ᠤᠯᠤᠰ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ | ᠪᠠᠶᠢᠬᠤ ᠪᠠᠶᠢᠷᠢᠰᠢᠯ ᠢ ᠪᠦᠷᠢᠯᠳᠦᠭᠦᠯᠤᠨ᠎ᠠ᠃ | ᠳᠥᠷᠪᠡ ᠳᠤ᠂ ᠰᠢᠯᠭᠠᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠤᠨ᠎ᠠ᠃ ᠰᠢᠨᠵᠢᠯᠡᠬᠦ ᠤᠬᠠᠭᠠᠨᠴᠢ ᠡᠷᠬᠡ ᠰᠦᠷᠲᠦ ᠡᠮ ᠤᠨ ᠵᠦᠢᠯᠡᠰ᠂ | ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠭᠤᠶᠤᠯᠠᠯ ᠤᠨ ᠡᠳ᠋ ᠢ ᠰᠢᠯᠭᠠᠨ ᠪᠠᠶᠢᠴᠠᠭᠠᠬᠤ ᠰᠢᠰᠲᠧᠮ ᠢ | ᠲᠡᠭᠦᠯᠳᠡᠷᠵᠢᠭᠦᠯᠵᠦ᠂ ᠮᠤᠵᠢ ᠶᠢᠨ ᠱᠠᠲᠤᠨ ᠤ ᠡᠮ ᠤᠨ ᠵᠦᠢᠯᠡᠰ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ | ᠵᠥᠪᠰᠢᠶᠡᠷᠡᠨᠯ ᠦᠭᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ᠂ ᠨᠠᠵᠠᠭᠠᠢ ᠨᠦᠯᠦᠭᠡ ︵ᠬᠡᠷᠡᠭ︶ ᠶᠢ ᠬᠢᠨᠠᠨ | ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠪᠣᠯᠤᠨ ᠡᠯ᠎ᠡ ᠱᠠᠲᠤᠨ ᠤ ᠨᠠᠵᠠᠭᠠᠢ ᠨᠦᠯᠦᠭᠡ ᠶᠢ ᠬᠢᠨᠠᠨ ᠡᠵᠡᠮᠳᠡᠬᠦ | ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠬᠡᠷᠡᠭᠵᠢᠭᠦᠯᠬᠦ ᠰᠠᠨᠠᠯ︾ ᠳᠤ᠂ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠮ ᠤᠨ ᠵᠦᠢᠯᠡᠰ ᠤᠨ ᠠᠮᠤᠷ ᠲᠦᠪᠰᠢᠨ ᠤ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠬᠤ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠭᠲᠠᠴᠠ ᠶᠢ ᠪᠦᠷᠢᠨᠰᠢᠭᠦᠯᠤᠨ᠎ᠠ᠃ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠣᠨᠴᠠ ᠬᠦᠨᠳᠤ | ᠶᠡᠭᠡ ᠬᠡᠷᠡᠭ ᠢ ᠠᠷᠭᠠᠴᠠᠭᠠᠬᠤ ᠶᠠᠪᠤᠴᠠ ᠳᠠᠬᠢ ᠰᠢᠯᠭᠠᠨ ᠪᠠᠶᠢᠴᠠᠭᠠᠬᠤ᠂ ᠰᠢᠰᠲ᠋ᠧᠮ ᠢ ᠬᠢᠨᠠᠨ ᠪᠠᠶᠢᠴᠠᠭᠠᠬᠤ᠂ ᠬᠢᠨᠠᠨ | ᠦᠨᠡᠯᠡᠵᠦ ᠬᠢᠨᠠᠨ ᠵᠥᠪᠰᠢᠶᠡᠷᠡᠬᠦ᠂ ᠬᠢᠨᠠᠨ ᠡᠵᠡᠮᠳᠡᠵᠦ ᠦᠨᠡᠯᠡᠬᠦ ᠵᠡᠷᠭᠡ ᠠᠵᠢᠯ ᠢ ᠨᠢᠭᠡᠳᠦᠯᠲᠡᠶ ᠵᠢᠯᠣᠭᠤᠳᠬᠤ ᠪᠠ | ᠵᠣᠬᠢᠴᠠᠭᠤᠯᠬᠤ ᠶᠢ ᠴᠢᠩᠭᠠᠳᠬᠠᠨ᠎ᠠ᠃ ᠤᠯᠤᠰ ᠤᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠲᠥᠪ ᠤᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠳᠠᠢ᠃ ᠪᠠᠴᠢᠮ ᠪᠠᠶᠢᠳᠠᠯ ᠢ ᠠᠷᠭᠠᠴᠠᠭᠠᠬᠤ ᠵᠠᠩᠭᠢᠯᠠᠭ᠎ᠠ ᠶᠢᠨ ᠮᠡᠷᠭᠡᠵᠢᠯ ᠢ | ᠰᠤᠳᠤᠯᠤᠨ ᠨᠡᠭᠡᠭᠡᠬᠦ ᠶᠢ ᠴᠢᠩᠭᠠᠳᠬᠠᠨ᠎ᠠ᠃ | ᠲᠠᠪᠤ ᠳᠤ᠂ ᠮᠡᠳᠡᠭᠡ ᠵᠠᠩᠭᠢᠴᠢᠯᠠᠭᠰᠠᠨ ᠮᠥᠷᠳᠡᠨ ᠪᠠᠶᠢᠴᠠᠭᠠᠬᠤ ᠰᠢᠰᠲ᠋ᠧᠮ ᠢ ᠲᠡᠭᠦᠯᠳᠡᠷᠵᠢᠭᠦᠯᠵᠦ᠂ ︽ᠢᠨᠲ᠋ᠧᠷ | ᠰᠦᠯᠵᠢᠶ᠎ᠡ + ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠭᠡ ᠦᠶ᠋ᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠤᠨ᠎ᠠ᠃ ᠪᠥᠬᠦ ᠤᠯᠤᠰ ᠤᠨ ᠡᠮ ᠤᠨ ᠵᠦᠢᠯᠡᠰ ᠤᠨ ᠬᠠᠮᠵᠢᠯᠴᠠᠭᠰᠠᠨ ᠮᠦᠷᠳᠡᠬᠦ ᠲᠠᠪᠴᠠᠩ ᠢ | ᠪᠠᠶᠢᠭᠤᠯᠵᠤ᠂ ᠡᠮ ᠤᠨ ᠵᠦᠢᠯᠡᠰ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠮᠥᠷᠳᠡᠨ | ᠪᠠᠶᠢᠴᠠᠭᠠᠬᠤ ᠶᠢ ᠪᠡᠶᠡᠯᠡᠭᠦᠯᠦᠨ᠂ ᠡᠮᠴᠢᠯᠡᠭᠡᠨ ᠤ ᠪᠠᠭᠠᠵᠢ ᠬᠡᠷᠡᠭᠰᠡᠯ ᠢ ᠴᠣᠷ ᠤᠨ ᠭᠠᠭᠴᠠ ᠢᠯᠭᠠᠬᠤ ᠲᠡᠮᠳᠡᠭ ᠲᠠᠢ | ᠪᠤᠯᠭᠠᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ | ᠪᠣᠯᠤᠨ ᠭᠤᠶᠤᠯᠠᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠲᠣᠮᠣ ᠳ᠋ᠠᠶᠢᠲ᠋ᠠ ᠶᠢᠨ ᠬᠡᠷᠡᠭᠯᠡᠭᠡ ᠶᠢ ᠴᠢᠩᠭᠠᠳᠬᠠᠵᠤ᠂ | ᠬᠢᠨᠠᠯᠲᠠ ᠬᠠᠮᠢᠶᠠᠷᠤᠯᠲᠠ ᠪᠣᠯᠤᠨ ᠠᠵᠤ ᠦᠶ᠋ᠯᠡᠰ ᠤᠨ ᠲᠣᠭᠠᠴᠢᠯᠠᠭᠰᠠᠨ ᠳᠡᠰ ᠳᠡᠪᠰᠢᠯᠳᠡ ᠶᠢ ᠠᠬᠢᠭᠤᠯᠤᠨ᠎ᠠ᠃ | ᠸᠠᠺᠼᠢᠨ᠂ ᠴᠢᠰᠤᠨ ᠤ ᠪᠦᠲᠦᠭᠡᠭᠳᠡᠬᠦᠨ᠂ ᠣᠨᠴᠠᠭᠠᠢ ᠡᠮ ᠤᠨ ᠵᠦᠢᠯᠡᠰ ᠵᠡᠷᠭᠡ ᠬᠢᠨᠠᠯᠲᠠ ᠬᠠᠮᠢᠶᠠᠷᠤᠯᠲᠠ ᠶᠢᠨ | ᠬᠦᠷᠢᠶ᠎ᠡ ᠴᠠᠷᠠᠭ᠎ᠠ ᠳᠠᠬᠢ ᠠᠵᠤ ᠦᠶ᠋ᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠠᠭᠤᠰᠤᠯᠴᠠᠭᠰᠠᠨ ᠬᠡᠷᠡᠭᠯᠡᠭᠡ ᠶᠢ | ᠠᠬᠢᠭᠤᠯᠵᠤ᠂ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠪᠠ ᠦᠨᠡᠮᠯᠡᠯ ᠤᠨ ᠬᠠᠮᠢᠶᠠᠷᠤᠯᠲᠠ ᠶᠢᠨ ᠲᠣᠭᠠᠴᠢᠯᠠᠬᠤ᠂ | ᠲᠤᠤᠷᠴᠢᠯᠠᠬᠤ ᠶᠢ ᠠᠬᠢᠭᠤᠯᠤᠨ᠂ ᠰᠦᠯᠵᠢᠶ᠎ᠡ ᠪᠠᠷ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ | ᠠᠬᠢᠭᠤᠯᠤᠨ᠎ᠠ᠃ | ᠵᠢᠷᠭᠤᠭ᠎ᠠ ᠳᠤ᠂ ᠳᠤᠮᠳᠠᠳᠤ ᠤᠯᠤᠰ ᠤᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ | ᠤᠬᠠᠭᠠᠨᠴᠢ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠡᠩᠨᠡᠭᠡᠨ ᠤ ᠬᠡᠪ | ᠪᠤᠯᠪᠠᠰᠤᠷᠠᠯ ᠪᠣᠯᠤᠨ ᠬᠢᠨᠠᠯᠲᠠ ᠬᠠᠮᠢᠶᠠᠷᠤᠯᠲᠠ ᠶᠢᠨ ᠳᠡᠯᠡᠬᠡᠶᠢᠵᠢᠭᠰᠡᠨ ᠲᠦᠪᠰᠢᠨ ᠢ ᠳᠡᠭᠡᠭᠰᠢᠯᠡᠭᠦᠯᠤᠨ᠎ᠠ᠃ ᠡᠮ ᠤᠨ | ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠢ ᠪᠠᠶᠢᠭᠤᠯᠵᠤ᠂ | ᠬᠢᠨᠠᠯᠲᠠ ᠬᠠᠮᠢᠶᠠᠷᠤᠯᠲᠠ ᠶᠢᠨ ᠰᠢᠨ᠎ᠡ ᠪᠠᠭᠠᠵᠢ ᠬᠡᠷᠡᠭᠰᠡᠯ᠂ ᠰᠢᠨ᠎ᠡ ᠪᠠᠷᠢᠮᠵᠢᠶ᠎ᠠ᠂ ᠰᠢᠨ᠎ᠡ ᠠᠷᠭ᠎ᠠ ᠶᠢᠨ ᠰᠤᠳᠤᠯᠭᠠᠨ | ᠪᠣᠯᠤᠨ ᠬᠡᠷᠡᠭᠯᠡᠭᠡ ᠶᠢ ᠱᠠᠯᠠᠪᠳᠠᠨ ᠠᠬᠢᠭᠤᠯᠤᠨ᠎ᠠ᠃ ᠲᠤᠰᠬᠠᠶ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠢ ᠪᠣᠯᠪᠠᠰᠤᠷᠠᠯ ᠪᠠ ᠳᠠᠳᠤᠯᠭ᠎ᠠ ᠳᠤ | ᠤᠷᠤᠯᠴᠠᠭᠤᠯᠬᠤ ᠶᠢ ᠴᠢᠩᠭᠠᠳᠬᠠᠨ᠎ᠠ᠃ ᠤᠯᠠᠨ ᠤᠯᠤᠰ ᠤᠨ ᠬᠢᠨᠠᠯᠲᠠ ᠬᠠᠮᠢᠶᠠᠷᠤᠯᠲᠠ ᠶᠢᠨ ᠵᠣᠬᠢᠴᠠᠭᠤᠯᠬᠤ | ᠲᠣᠭᠲᠠᠴᠠ ᠳᠤ ᠭᠦᠨᠵᠡᠭᠡᠢ ᠣᠷᠣᠯᠴᠠᠵᠤ᠂ ᠬᠢᠨᠠᠯᠲᠠ ᠬᠠᠮᠢᠶᠠᠷᠤᠯᠲᠠ ᠶᠢ ᠬᠠᠷᠢᠯᠴᠠᠨ ᠮᠡᠳᠡᠷᠡᠬᠦ ᠶᠢ ᠪᠡᠶᠡᠯᠡᠭᠦᠯᠬᠦ ᠶᠢ | ᠠᠬᠢᠭᠤᠯᠵᠤ᠂ ᠪᠡᠭᠡᠵᠢᠩ ᠲᠢᠶᠠᠨᠵᠢᠨ ᠾᠧᠪᠸᠢ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ᠂ | ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ | ᠳᠡᠯᠡᠬᠡᠢ ᠶᠢᠨ ᠲᠡᠷᠢᠭᠦᠨ ᠤ ᠲᠦᠪᠰᠢᠨ ᠳᠤ ᠤᠷᠢᠳ ᠢᠶᠠᠷ ᠬᠦᠷᠭᠡᠬᠦ ᠶᠢ ᠠᠬᠢᠭᠤᠯᠤᠨ᠎ᠠ᠃ | ︽ᠬᠡᠷᠡᠭᠵᠢᠭᠦᠯᠬᠦ ᠰᠠᠨᠠᠯ︾ ᠳᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠵᠠᠰᠠᠯᠲᠠ ᠶᠢᠨ | ᠲᠣᠭᠲᠠᠴᠠ ᠪᠠᠨ ᠲᠡᠭᠦᠯᠳᠡᠷᠵᠢᠭᠦᠯᠤᠨ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠᠨ ᠴᠢᠩᠭᠠᠳᠬᠠᠵᠤ᠂ | ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢ ᠰᠢᠯᠢᠳᠡᠭᠵᠢᠭᠦᠯᠤᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ | ᠨᠠᠩ ᠰᠠᠶᠢᠲᠤᠷ ᠬᠠᠮᠠᠭᠠᠯᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ |