ᠲᠠᠷᠢᠶᠠᠨ ᠤ ᠬᠠᠮᠢᠶᠠᠷᠤᠯᠲᠠ ᠶᠢ ᠠᠰᠢᠭᠯᠠᠨ ᠡᠪᠡᠳᠴᠢᠨ ᠬᠤᠷᠤᠬᠠᠢ ᠶᠢᠨ ᠬᠦᠨᠦᠭᠡᠯ ᠢ ᠬᠡᠷᠬᠢᠨ ᠬᠢᠵᠠᠭᠠᠷᠯᠠᠬᠤ ᠪᠤᠢ
ᠨᠡᠶᠢᠲᠡᠯᠡᠭᠰᠡᠨ ᠴᠠᠭ᠄
2021/9/7
    ᠲᠠᠷᠢᠶᠠᠨ ᠤ ᠬᠠᠮᠢᠶᠠᠷᠤᠯᠲᠠ ᠳᠤ ᠤᠰᠤ ᠶᠢ ᠲᠣᠬᠢᠷᠠᠭᠤᠯᠬᠤ᠂ ᠵᠣᠬᠢᠰᠲᠠᠢ ᠪᠤᠷᠳᠤᠭᠤᠷ ᠤᠷᠤᠭᠤᠯᠬᠤ ᠵᠢᠴᠢ ᠲᠠᠷᠢᠶ᠎ᠠ ᠶᠢ ᠴᠡᠪᠡᠷᠯᠡᠬᠦ ᠵᠡᠷᠭᠡ ᠠᠷᠭ᠎ᠠ ᠪᠠᠭᠲᠠᠨ᠎ᠠ᠃    1. ᠵᠣᠬᠢᠰᠲᠠᠢ ᠤᠰᠤᠯᠠᠬᠤ᠃ ᠢᠩᠭᠢᠬᠦ ᠨᠢ ᠡᠪᠡᠳᠴᠢᠨ ᠬᠤᠷᠤᠬᠠᠢ ᠶᠢᠨ ᠬᠦᠨᠦᠭᠡᠯ ᠢ ᠪᠦᠲᠦᠮᠵᠢᠲᠡᠢ ᠬᠢᠵᠠᠭᠠᠷᠯᠠᠵᠤ᠂ ᠬᠦᠨᠦᠭᠡᠯᠲᠦ ᠰᠢᠪᠡᠵᠢ ᠨᠢ ᠬᠦᠴᠢᠯᠳᠦ᠋ᠷᠦᠭᠴᠢ ᠳᠤᠲᠠᠭᠳᠠᠭᠰᠠᠨ ᠪᠠᠶᠢᠳᠠᠯ ᠳᠤᠤᠷ᠎ᠠ ᠪᠦᠲᠡᠩᠰᠡᠨ ᠦᠬᠦᠨ᠎ᠡ᠃ ᠴᠠᠭᠠᠨ ᠨᠤᠭᠤᠭ᠎ᠠ ᠶᠢ ᠦᠨᠳᠦᠷ ᠳᠠᠯᠠᠩᠯᠠᠨ ᠲᠠᠷᠢᠪᠠᠯ ᠴᠠᠭᠠᠨ ᠨᠤᠭᠤᠭ᠎ᠠ ᠶᠢᠨ ᠢᠯᠵᠢᠷᠡᠬᠦ ᠡᠪᠡᠳᠴᠢᠨ ᠢ ᠪᠠᠭᠠᠰᠬᠠᠵᠤ ᠴᠢᠳᠠᠨ᠎ᠠ᠃ ᠲᠤᠳᠤᠷᠭ᠎ᠠ ᠶᠢᠨ ᠲᠠᠷᠢᠶ᠎ᠠ ᠶᠢ ᠵᠣᠬᠢᠰᠲᠠᠢ ᠨᠠᠷᠠᠨ ᠳᠤ ᠡᠭᠡᠭᠡᠪᠡᠯ ᠨᠢᠰᠦᠭᠴᠢ ᠲᠡᠯᠡᠭᠴᠢ᠂ ᠨᠠᠪᠴᠢᠨ ᠤ ᠲᠠᠷᠴᠠ᠂ ᠠᠷᠲᠤ ᠬᠤᠪᠠᠭ᠋ᠠᠶᠢᠷᠠᠬᠤ ᠡᠪᠡᠳᠴᠢᠨ᠂ ᠲᠤᠳᠤᠷᠭᠠᠨ ᠤ ᠬᠠᠯᠠᠭᠤᠨ ᠡᠪᠡᠳᠴᠢᠨ ᠵᠡᠷᠭᠡ ᠶᠢ ᠰᠡᠷᠭᠡᠶᠢᠯᠡᠨ ᠵᠠᠰᠠᠬᠤ ᠳᠤ ᠬᠠᠪᠰᠤᠷᠤᠮᠵᠢ ᠪᠣᠯᠣᠨ᠎ᠠ᠃ ᠭᠡᠪᠡᠴᠦ ᠤᠰᠤᠯᠠᠬᠤ ᠦᠶᠡᠰ ᠵᠠᠷᠢᠮ ᠳᠠᠭᠠᠨ ᠪᠠᠰᠠ ᠬᠡᠰᠡᠭ ᠭᠠᠵᠠᠷ ᠤᠨ ᠡᠪᠡᠳᠴᠢᠨ ᠤ ᠬᠦᠨᠦᠭᠡᠯ ᠢ ᠲᠠᠷᠬᠠᠭᠠᠳᠠᠭ᠃ ᠤᠰᠣ ᠬᠤᠷᠠᠮᠳᠤᠬᠤ ᠪᠣᠶᠣ ᠬᠦᠷᠦᠰᠦᠨ ᠤ ᠴᠢᠭᠢᠭ ᠬᠡᠳᠦ ᠦᠨᠳᠦᠷ ᠪᠣᠯ ᠵᠠᠷᠢᠮ ᠡᠪᠡᠳᠴᠢᠨ ᠤ ᠡᠭᠦᠰᠬᠦ ᠳᠤ ᠠᠰᠢᠭᠲᠠᠢ᠃    2. ᠵᠣᠬᠢᠰᠲᠠᠢ ᠪᠤᠷᠳᠤᠭᠤᠷ ᠤᠷᠤᠭᠤᠯᠬᠤ᠃ ᠵᠣᠬᠢᠰᠲᠠᠢ ᠪᠤᠷᠳᠤᠭᠤᠷ ᠤᠷᠤᠭᠤᠯᠬᠤ ᠨᠢ ᠲᠠᠷᠢᠮᠠᠯ ᠤᠨ ᠰᠢᠮ᠎ᠡ ᠲᠡᠵᠢᠭᠡᠯ ᠢ ᠰᠠᠶᠢᠵᠢᠷᠠᠭᠤᠯᠵᠤ᠂ ᠬᠠᠮᠠᠭᠠᠯᠠᠬᠤ ᠴᠢᠨᠠᠷᠲᠠᠢ ᠢᠯᠴᠦᠦᠯᠢᠭ ᠡᠰ ᠪᠠ ᠬᠠᠮᠠᠭᠠᠯᠠᠬᠤ ᠴᠢᠨᠠᠷᠲᠠᠢ ᠪᠤᠳᠠᠰ ᠤᠨ ᠪᠦᠷᠢᠯᠳᠦᠬᠦ ᠶᠢ ᠠᠬᠢᠭᠤᠯᠤᠨ᠂ ᠣᠷᠭᠤᠯᠲᠠ ᠶᠢᠨ ᠬᠤᠷᠳᠤᠴᠠ ᠶᠢ ᠠᠬᠢᠭᠤᠯᠤᠨ ᠬᠦᠨᠦᠭᠡᠯᠲᠦ ᠠᠮᠢᠳᠤ ᠪᠤᠳᠠᠰ ᠤᠨ ᠰᠤᠷᠭᠤᠭ ᠬᠤᠭᠤᠴᠠᠭ᠎ᠠ ᠶᠢ ᠪᠤᠭᠤᠨᠢᠰᠬᠠᠵᠤ᠂ ᠲᠠᠷᠢᠮᠠᠯ ᠤᠨ ᠡᠪᠡᠳᠴᠢᠨ ᠢ ᠡᠰᠡᠷᠭᠦᠴᠡᠬᠦ ᠪᠠ ᠡᠪᠡᠳᠴᠢᠨ ᠢ ᠳᠠᠭᠠᠭᠠᠯᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠬᠦᠷᠦᠰᠦᠨ ᠤ ᠰᠢᠨᠵᠢ ᠴᠢᠨᠠᠷ ᠪᠣᠯᠣᠨ ᠬᠦᠷᠦᠰᠦᠨ ᠤ ᠮᠢᠺᠷᠤᠪ ᠤᠨ ᠰᠦᠷᠦᠭᠵᠢᠯ ᠤᠨ ᠪᠦᠲᠦᠴᠡ ᠶᠢ ᠦᠭᠡᠷᠡᠴᠢᠯᠡᠵᠦ᠂ ᠬᠦᠷᠦᠰᠦᠨ ᠳᠤᠲᠤᠷᠠᠬᠢ ᠬᠦᠨᠦᠭᠡᠯᠲᠦ ᠠᠮᠢᠳᠤ ᠪᠤᠳᠠᠰ ᠤᠨ ᠤᠷᠤᠰᠢᠨ ᠠᠮᠢᠳᠤᠷᠠᠬᠤ ᠨᠦᠭᠦᠴᠡᠯ ᠢ ᠪᠠᠭᠤᠷᠠᠭᠤᠯᠤᠨ᠎ᠠ᠃    3. ᠲᠠᠷᠢᠶᠠᠨ ᠤ ᠡᠷᠡᠭᠦᠯ ᠬᠠᠮᠠᠭᠠᠯᠠᠯ᠃ ᠲᠠᠷᠢᠮᠠᠯ ᠤᠨ ᠦᠯᠡᠳᠡᠭᠳᠡᠯ ᠪᠤᠳᠠᠰ ᠢ ᠴᠡᠪᠡᠷᠯᠡᠨ ᠬᠠᠶᠠᠵᠤ ᠬᠦᠨᠦᠭᠡᠯᠲᠦ ᠰᠢᠪᠡᠵᠢ ᠶᠢᠨ ᠦᠷᠡᠵᠢᠬᠦ ᠪᠠ ᠡᠪᠦᠯᠵᠢᠬᠦ ᠠᠮᠢᠳᠤᠷᠠᠯ ᠤᠨ ᠣᠷᠴᠢᠨ ᠢ ᠡᠪᠳᠡᠬᠦ ᠨᠢ ᠰᠢᠪᠡᠵᠢ ᠶᠢᠨ ᠬᠦᠨᠦᠭᠡᠯ ᠢ ᠬᠢᠵᠠᠭᠠᠷᠯᠠᠬᠤ ᠪᠠᠰᠠ ᠨᠢᠭᠡᠨ ᠴᠢᠬᠤᠯᠠ ᠠᠷᠭ᠎ᠠ ᠪᠠ ᠮᠡᠷᠭᠡᠵᠢᠯ ᠮᠦᠨ᠃ ᠵᠢᠱᠢᠶᠡᠯᠡᠪᠡᠯ ᠡᠯ᠎ᠡ ᠵᠦᠢᠯ ᠤᠨ ᠲᠠᠷᠢᠶ᠎ᠠ᠂ ᠨᠤᠭᠤᠭ᠎ᠠ ᠶᠢᠨ ᠬᠠᠰᠢᠶ᠎ᠠ᠂ ᠵᠢᠮᠢᠰ ᠤᠨ ᠬᠦᠷᠢᠶᠡᠯᠡᠩ ᠳᠠᠬᠢ ᠬᠤᠷᠤᠬᠠᠶᠢᠳᠤᠭᠰᠠᠨ ᠨᠠᠪᠴᠢ ᠵᠢᠮᠢᠰ ᠪᠣᠯᠣᠨ ᠬᠦᠷᠮᠡᠭ ᠢ ᠴᠠᠭ ᠲᠤᠬᠠᠢ ᠳᠤᠨᠢ ᠴᠡᠪᠡᠷᠯᠡᠨ ᠬᠠᠶᠠᠬᠤ ᠵᠡᠷᠭᠡ ᠨᠢ ᠲᠠᠷᠢᠶᠠᠨ ᠳᠠᠬᠢ ᠠᠰᠢᠭᠲᠤ ᠡᠪᠡᠳᠴᠢᠨ ᠬᠤᠷᠤᠬᠠᠢ ᠶᠢᠨ ᠰᠠᠭᠤᠷᠢ ᠲᠤᠭ᠎ᠠ ᠶᠢ ᠪᠠᠭᠠᠰᠬᠠᠵᠤ ᠴᠢᠳᠠᠨ᠎ᠠ᠃ ᠡᠯᠳᠡᠪ ᠡᠪᠡᠰᠦ ᠶᠢ ᠴᠡᠪᠡᠷᠯᠡᠬᠦ ᠨᠢ ᠲᠠᠷᠢᠮᠠᠯ ᠤᠨ ᠡᠪᠡᠳᠴᠢᠨ ᠬᠤᠷᠤᠬᠠᠢ ᠶᠢᠨ ᠬᠦᠨᠦᠭᠡᠯ ᠤᠨ ᠬᠠᠯᠳᠠᠪᠤᠷᠢᠯᠠᠯ ᠤᠨ ᠡᠬᠢ ᠶᠢ ᠪᠠᠭᠠᠰᠬᠠᠵᠤ ᠴᠢᠳᠠᠨ᠎ᠠ᠃     4. ᠬᠦᠷᠦᠰᠦ ᠶᠢ ᠠᠷᠢᠭᠤᠳᠬᠠᠨ᠎ᠠ᠃ ᠨᠦᠭᠦᠴᠡᠯ ᠲᠠᠢ ᠪᠣᠯ 7᠂ 8 ᠰᠠᠷ᠎ᠠ ᠳᠠᠬᠢ ᠨᠠᠷᠠᠨ ᠤ ᠰᠢᠭᠤᠳ ᠳᠣᠰᠣᠯᠲᠠ ᠶᠢᠨ ᠴᠠᠭ ᠨᠢ ᠤᠷᠲᠤ᠂ ᠳᠣᠯᠠᠭᠠᠨ ᠤ ᠬᠡᠮᠵᠢᠶ᠎ᠡ ᠦᠨᠳᠦᠷ ᠪᠠᠶᠢᠬᠤ ᠶᠢ ᠠᠰᠢᠭᠯᠠᠨ ᠬᠦᠷᠦᠰᠦ ᠶᠢ ᠠᠷᠢᠭᠤᠳᠬᠠᠪᠠᠯ ᠵᠣᠬᠢᠨ᠎ᠠ᠃     ︵ᠢᠷᠡᠯᠲᠡ᠄ ᠰᠢ ᠢᠩ ᠤᠨ ᠨᠠᠶᠢᠷᠠᠭᠤᠯᠤᠭᠰᠠᠨ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶  
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号