ᠡᠵᠡᠨ᠎ᠡ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ︽ᠨᠢᠭᠡ ᠴᠣᠩᠬᠤᠪᠴᠢ ᠪᠠᠷ ᠪᠦᠬᠦᠨ ᠢ ᠬᠦᠢᠴᠡᠳᠬᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/9/8
     ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠰᠢᠯᠢᠳᠡᠭᠵᠢᠭᠦᠯᠬᠦ ᠶᠢᠨ ᠲᠥᠯᠥᠭᠡ᠂ 9 ᠰᠠᠷ᠎ᠠ ᠶᠢᠨ 3 ᠤ ᠡᠳᠦᠷ ᠪᠣᠯᠲᠠᠯ᠎ᠠ᠂ ᠡᠵᠡᠨ᠎ᠡ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠲᠡᠭᠡᠭᠡᠪᠦᠷᠢ ᠶᠢᠨ ᠶᠠᠪᠤᠳᠠᠯ ᠤᠨ ᠬᠢᠨᠠᠨ ᠵᠥᠪᠰᠢᠶᠡᠷᠡᠯ ᠤᠨ ︽ᠨᠢᠭᠡ ᠴᠣᠩᠬᠤᠪᠴᠢ ᠪᠠᠷ ᠪᠦᠬᠦᠨ ᠢ ᠬᠦᠢᠴᠡᠳᠬᠡᠬᠦ︾ ᠶᠢ ᠪᠥᠬᠦ ᠲᠠᠯ᠎ᠠ ᠪᠠᠷ ᠪᠡᠶᠡᠯᠡᠭᠦᠯᠪᠡ᠃      ︽ᠣᠷᠣᠭᠤᠯᠪᠠᠰᠣ ᠵᠣᠬᠢᠬᠤ ᠶᠢ ᠨᠢ ᠵᠠᠪᠠᠯ ᠣᠷᠣᠭᠤᠯᠵᠤ᠂ ᠣᠷᠣᠭᠤᠯᠣᠭᠰᠠᠨ ᠪᠣᠯ ᠵᠠᠪᠠᠯ ᠡᠷᠬᠡ ᠣᠯᠭᠤᠬᠤ︾ ᠦᠨᠳᠦᠰᠦᠨ ᠵᠠᠷᠴᠢᠮ ᠶᠣᠰᠣᠭᠠᠷ᠂ ᠡᠵᠡᠨ᠎ᠡ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠵᠠᠮ ᠤᠨ ᠶᠠᠪᠤᠳᠠᠯ᠂ ᠲᠡᠭᠡᠭᠡᠪᠦᠷᠢ ᠶᠢᠨ ᠶᠠᠪᠤᠳᠠᠯ ᠤᠨ ᠬᠢᠨᠠᠨ ᠵᠥᠪᠰᠢᠶᠡᠷᠡᠬᠦ ᠡᠭᠦᠷᠭᠡ ᠴᠢᠳᠠᠮᠵᠢ ᠪᠠ ᠡᠷᠬᠡ ᠶᠢᠨ  ᠬᠢᠵᠠᠭᠠᠷᠯᠠᠯ ᠢ ᠲᠥᠪᠯᠡᠷᠡᠭᠦᠯᠦᠨ ᠡᠮᠬᠢᠯᠡᠨ ᠨᠡᠶᠢᠯᠡᠭᠦᠯᠬᠦ ᠶᠢᠨ ᠬᠠᠮᠲᠤ᠂ ᠡᠵᠡᠨ᠎ᠡ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠴᠣᠩᠬᠤᠪᠴᠢ ᠪᠠ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠥᠪᠯᠡᠯᠭᠡ ᠥᠭᠬᠦ ᠤᠲᠠᠰᠤ᠂ ᠴᠣᠩᠬᠤᠪᠴᠢ ᠳᠤ 12328 ᠵᠠᠮ ᠬᠠᠷᠢᠯᠴᠠᠭᠠᠨ ᠤ ᠦᠢᠯᠡᠴᠢᠯᠡᠬᠡᠨ ᠤ ᠤᠲᠠᠰᠤ᠂ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠤᠲᠠᠰᠤᠨ ᠤ ᠵᠠᠭᠠᠯᠳᠤᠯᠭ᠎ᠠ ᠪᠠ ᠲᠤᠬᠠᠶᠢᠯᠠᠭᠰᠠᠨ ᠠᠵᠢᠯ ᠤᠨ ᠵᠥᠪᠯᠡᠯᠭᠡ ᠬᠢᠬᠦ ᠶᠢ ᠲᠥᠪᠯᠡᠷᠡᠭᠦᠯᠦᠨ ᠭᠥᠯᠢᠶᠡᠨ ᠠᠪᠴᠤ ᠬᠦᠢᠴᠡᠳᠬᠡᠨ᠎ᠡ᠃ ᠣᠳᠣᠬᠠᠨ ᠪᠣᠯᠲᠠᠯ᠎ᠠ᠂ ᠬᠦᠢᠴᠡᠳᠭᠡᠭᠰᠡᠨ ᠠᠵᠢᠯ ᠶᠠᠪᠣᠳᠠᠯ ᠤᠨ ᠲᠤᠭ᠎ᠠ ᠨᠡᠶᠢᠲᠡ 155 ᠬᠤᠪᠢ ᠪᠠᠶᠢᠵᠤ᠂ ᠲᠣᠭᠲᠠᠭᠰᠠᠨ ᠬᠤᠭᠤᠴᠠᠭᠠᠨ ᠳᠤ ᠬᠦᠢᠴᠡᠳᠬᠡᠵᠦ ᠳᠠᠭᠤᠰᠬᠠᠭᠰᠠᠨ ᠨᠣᠷᠮ᠎ᠠ ᠨᠢ 100 %᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠨᠢ         100 % ᠪᠠᠶᠢᠵᠤ᠂ ᠡᠵᠡᠨ᠎ᠡ ᠬᠤᠰᠢᠭᠤᠨ  ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠵᠠᠰᠠᠭ ᠵᠠᠬᠢᠷᠭᠠᠨ  ᠤ ᠬᠢᠨᠠᠨ ᠵᠥᠪᠰᠢᠶᠡᠷᠡᠬᠦ ᠵᠦᠢᠯᠡᠰ  ᠢ ᠪᠦᠬᠦᠨ  ᠢ ᠴᠣᠩᠬᠤᠪᠴᠢ  ᠪᠠᠷ ᠬᠦᠢᠴᠡᠳᠬᠡᠬᠦ  ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠬᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠬᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠵᠠᠮ ᠬᠠᠷᠢᠯᠴᠠᠭᠠᠨ ᠤ ᠦᠢᠯᠡᠴᠢᠯᠡᠬᠡᠨ ᠤ ᠴᠣᠩᠬᠤᠪᠴᠢ︾ ᠶᠢᠨ ᠰᠢᠨ᠎ᠡ ᠳᠦᠷᠢ ᠲᠥᠷᠬᠦ ᠶᠢ ᠪᠣᠶ ᠪᠣᠯᠭᠠᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号