ᠳᠠᠶᠢᠴᠢᠨ ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠪᠠᠶᠢᠴᠠᠭᠠᠨ ᠰᠣᠳᠣᠯᠣᠭᠰᠠᠨ ᠪᠥᠭᠡᠳ ᠪᠠᠭᠰᠢ ᠶᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2021/9/8
      9 ᠰᠠᠷ᠎ᠠ ᠶᠢᠨ 7 ᠤ ᠡᠳᠦᠷ᠂ ᠭᠤᠴᠢᠨ ᠳᠣᠯᠣᠭᠠᠳᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠲᠣᠭᠤᠷᠢᠭ ᠲᠤ ᠬᠦᠷᠴᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠪᠠᠭᠰᠢ ᠨᠠᠷ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠪᠥᠬᠦ ᠠᠶᠢᠮᠠᠭ ᠤᠨ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠨ ᠤ ᠰᠤᠷᠭᠠᠨ ᠬᠥᠮᠦᠵᠢᠯ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠣᠯᠠᠨ ᠳᠤ ᠪᠠᠭᠰᠢ ᠶᠢᠨ ᠪᠠᠶᠠᠷ ᠤᠨ ᠮᠡᠨᠳᠦᠴᠢᠯᠡᠯ ᠳᠡᠪᠰᠢᠬᠦᠯᠵᠦ ᠪᠠᠶᠢᠨ᠎ᠠ ᠭᠡᠪᠡ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠶ ᡁᠢ ᠭᠦᠸᠧ᠂ ᠠᠶᠢᠮᠠᠭ ᠤᠨ ᠳᠡᠳ᠋ ᠳᠠᠷᠤᠭ᠎ᠠ ᠯᠸᠢ ᠬᠠᠶ ᠪᠠᠷ᠎ᠠ ᠪᠣᠯᠪᠠ᠃
     ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠵᠦ ᠪᠦᠬᠦᠯᠢ ᠴᠣᠭᠴᠠ ᠪᠠᠷ ᠢᠶᠠᠨ ᠰᠢᠨ᠎ᠡ ᠰᠤᠷᠭᠠᠭᠤᠯᠢ ᠶᠢᠨ ᠲᠣᠭᠤᠷᠢᠭ ᠲᠤ ᠨᠡᠭᠦᠪᠡ᠃ ᠳᠠᠶᠢᠴᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ  ᠵᠦᠢᠯ ᠤᠨ ᠠᠵᠢᠯ ᠤᠨ ᠪᠠᠶᠢᠳᠠᠯ ᠢ ᠮᠠᠰᠢ ᠬᠠᠯᠠᠮᠵᠢᠯᠠᠵᠤ᠂ ᠵᠢᠭᠠᠨ ᠰᠤᠷᠭᠠᠯᠲᠠ ᠶᠢᠨ ᠠᠰᠠᠷ ᠲᠤ ᠢᠷᠡᠬᠦ ᠳᠤ ᠶᠠᠭ ᠬᠢᠴᠢᠶᠡᠯ ᠤᠨ ᠵᠠᠪᠰᠠᠷᠯᠠᠭ᠎ᠠ ᠪᠣᠯᠣᠭᠰᠠᠨ ᠪᠠᠶᠢᠯ᠎ᠠ᠃ ᠳᠠᠶᠢᠴᠢᠨ ᠬᠢᠴᠢᠶᠡᠯ ᠤᠨ ᠬᠡᠷ ᠲᠤ ᠣᠷᠣᠵᠤ ᠪᠠᠭᠰᠢ ᠰᠤᠷᠤᠭᠴᠢᠳ ᠲᠠᠢ ᠰᠠᠨᠠᠯ ᠢᠶᠠᠨ ᠰᠣᠯᠢᠯᠴᠠᠵᠤ᠂ ᠰᠤᠷᠤᠭᠴᠢᠳ ᠤᠨ ᠰᠤᠷᠭᠠᠭᠤᠯᠢ ᠶᠢᠨ ᠰᠢᠨ᠎ᠡ ᠣᠷᠴᠢᠨ ᠲᠣᠭᠤᠷᠢᠨ ᠤ ᠲᠤᠬᠠᠶ ᠲᠥᠷᠥᠭᠳᠡᠯ ᠪᠠ ᠰᠤᠷᠤᠯᠴᠠᠯᠭ᠎ᠠ ᠶᠢᠨ ᠪᠠᠶᠢᠳᠠᠯ ᠢ ᠯᠠᠪᠯᠠᠨ ᠠᠰᠠᠭᠤᠵᠤ᠂ ᠪᠠᠭᠰᠢ ᠨᠠᠷ ᠠᠴᠠ ᠡᠯ᠎ᠡ ᠬᠢᠴᠢᠶᠡᠯ ᠲᠥᠷᠥᠯ ᠤᠨ ᠵᠢᠭᠠᠨ ᠰᠤᠷᠭᠠᠯᠲᠠ ᠵᠢᠴᠢ ᠡᠯ᠎ᠡ ᠵᠦᠢᠯ ᠤᠨ ᠠᠵᠢᠯᠯᠠᠭ᠎ᠠ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠰᠤᠷᠤᠭᠴᠢᠳ ᠲᠠᠢ ᠬᠠᠮᠲᠤ ᠪᠠᠷ ᠪᠠᠭᠰᠢ ᠶᠢᠨ ᠵᠢᠭᠠᠨ ᠰᠤᠷᠭᠠᠯᠲᠠ ᠶᠢᠨ ᠬᠢᠴᠢᠶᠡᠯ ᠢ ᠰᠣᠨᠣᠰᠪᠠ᠃ ᠬᠡᠯᠡ ᠪᠢᠴᠢᠭ ᠪᠠ ᠲᠣᠭᠠᠨ ᠤ ᠤᠬᠠᠭᠠᠨ ᠤ ᠵᠢᠭᠠᠨ ᠰᠤᠳᠤᠯᠬᠤ ᠳᠤᠭᠤᠶᠢᠯᠠᠩ ᠤᠨ ᠠᠯᠪᠠᠨ ᠬᠡᠷ ᠲᠤ᠂ ᠳᠠᠶᠢᠴᠢᠨ ᠬᠢᠴᠢᠶᠡᠯ ᠪᠡᠯᠡᠳᠬᠡᠵᠦ ᠪᠠᠶᠢᠭ᠎ᠠ ᠪᠠᠭᠰᠢ ᠨᠠᠷ ᠤᠨ ᠠᠮᠤᠷ ᠢ ᠠᠰᠠᠭᠤᠵᠤ᠂ ᠪᠠᠭᠰᠢ ᠨᠠᠷ ᠤᠨ ᠠᠵᠢᠯ᠂ ᠰᠤᠷᠤᠯᠭ᠎ᠠ ᠪᠠ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠰᠤᠷᠭᠠᠭᠤᠯᠢ ᠶᠢᠨ ︽ᠬᠤᠶᠠᠷ ᠢ ᠬᠦᠩᠭᠡᠷᠡᠬᠦᠯᠬᠦ︾ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠪᠠᠭᠰᠢ ᠨᠠᠷ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠲᠡᠳᠡᠨ ᠤ ᠠᠵᠢᠯ ᠦᠢᠯᠡᠰ ᠢᠶᠠᠨ ᠳᠡᠭᠡᠳᠦᠯᠡᠵᠦ᠂ ᠵᠢᠭᠠᠨ ᠰᠤᠷᠭᠠᠯᠲᠠ ᠶᠢᠨ ᠡᠮᠦᠨ᠎ᠡ ᠹᠷᠣᠨᠲ ᠲᠤ ᠰᠢᠷᠭᠠᠭᠤ ᠬᠠᠲᠠᠭᠤᠵᠢᠯᠲᠠᠶ ᠠᠵᠢᠯᠯᠠᠵᠤ ᠪᠠᠶᠢᠬᠤ ᠶᠢ ᠮᠠᠭᠲᠠᠨ ᠰᠠᠶᠢᠰᠢᠶᠠᠵᠤ᠂ ᠲᠡᠳᠡᠨ ᠳᠤ ᠪᠠᠶᠠᠷ ᠤᠨ ᠡᠳᠦᠷ ᠤᠨ ᠳᠣᠲᠣᠨᠣ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠵᠦ᠂ ᠲᠡᠳᠡᠨ ᠢ ᠦᠷᠭᠦᠯᠵᠢᠯᠡᠨ ᠴᠢᠷᠮᠠᠶᠢᠨ ᠠᠵᠢᠯᠯᠠᠵᠤ᠂ ᠰᠤᠷᠭᠠᠨ ᠬᠥᠮᠦᠵᠢᠯ ᠤᠨ ᠦᠢᠯᠡᠰ ᠲᠤ ᠨᠠᠩ ᠶᠡᠭᠡ ᠬᠤᠪᠢ ᠨᠡᠮᠡᠷᠢ ᠦᠵᠡᠭᠦᠯᠦᠭᠡᠷᠡᠶ ᠭᠡᠵᠦ ᠵᠣᠷᠢᠭᠵᠢᠭᠤᠯᠪᠠ᠃ ᠬᠡᠯᠡ ᠪᠢᠴᠢᠭ ᠤᠨ ᠪᠠᠭᠰᠢ ᠬᠢᠴᠢᠶᠡᠯ ᠪᠡᠯᠡᠳᠬᠡᠵᠦ ᠪᠠᠶᠢᠯ᠎ᠠ᠃ ᠳᠠᠶᠢᠴᠢᠨ ᠬᠡᠯᠡ ᠪᠢᠴᠢᠭ ᠤᠨ ᠬᠢᠴᠢᠶᠡᠯ ᠤᠨ ᠳᠡᠪᠲᠡᠷ ᠢ ᠠᠪᠴᠤ ᠤᠷᠪᠠᠭᠤᠯᠤᠨ ᠦᠵᠡᠵᠦ᠂ ᠬᠡᠯᠡ ᠪᠢᠴᠢᠭ ᠤᠨ ᠪᠠᠭᠰᠢ ᠠᠴᠠ ᠰᠤᠷᠤᠭᠴᠢᠳ ᠤᠨ ᠬᠡᠯᠡ ᠪᠢᠴᠢᠭ ᠰᠤᠷᠬᠤ ᠳᠣᠬᠠᠢ ᠳᠤᠷ᠎ᠠ ᠪᠠᠬ᠎ᠠ ᠶᠢ ᠪᠠᠶᠢᠨ ᠪᠠᠶᠢᠨ ᠯᠠᠪᠯᠠᠨ ᠠᠰᠠᠭᠤᠵᠤ᠂ ᠬᠡᠯᠡ ᠪᠢᠴᠢᠭ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠵᠤ ᠪᠠᠶᠢᠪᠠ᠃ ᠳᠠᠶᠢᠴᠢᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠲᠦᠭᠡᠮᠡᠯᠵᠢᠭᠦᠯᠬᠦ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠷᠭ᠎ᠠ ᠵᠠᠮ ᠮᠥᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠨ ᠬᠡᠷᠡᠭᠯᠡᠬᠦ ᠪᠣᠯ ᠦᠨᠳᠦᠰᠦᠲᠡᠨ ᠨᠦᠭᠦᠳ ᠤᠨ ᠬᠠᠮᠲᠤ ᠶᠢᠨ ᠬᠠᠷᠢᠭᠤᠴᠠᠯᠭ᠎ᠠ ᠮᠥᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠯᠭᠡᠷᠡᠭᠦᠯᠬᠦ ᠪᠠ ᠳᠦᠷᠢᠮᠵᠢᠬᠦᠯᠦᠨ ᠬᠡᠷᠡᠭᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠤᠯᠠᠮᠵᠢᠯᠠᠨ ᠪᠠᠳᠠᠷᠠᠭᠤᠯᠵᠤ᠂ ᠰᠤᠷᠤᠭᠴᠢᠳ ᠤᠨ ᠨᠡᠩ ᠰᠠᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠠ᠃
      ᠬᠢᠮᠢ ᠶᠢᠨ ᠲᠤᠷᠰᠢᠯᠲᠠ ᠶᠢᠨ ᠲᠠᠰᠤᠭ ᠲᠤ᠂ ᠳᠠᠶᠢᠴᠢᠨ ᠵᠢᠭᠠᠨ ᠰᠤᠷᠭᠠᠯᠲᠠ ᠶᠢᠨ ᠬᠡᠮᠵᠢᠭᠦᠷᠯᠢᠭ ᠤᠨ ᠲᠤᠬᠢᠷᠠᠭᠤᠯᠤᠯᠳᠠ ᠶᠢᠨ ᠪᠠᠶᠢᠳᠠᠯ ᠢ ᠨᠠᠷᠢᠨ ᠠᠰᠠᠭᠤᠵᠤ᠂ ᠬᠢᠴᠢᠶᠡᠯ ᠣᠷᠣᠵᠤ ᠪᠠᠶᠢᠭ᠎ᠠ ᠪᠠᠭᠰᠢ ᠪᠣᠯᠤᠨ ᠰᠣᠷᠣᠭᠴᠢᠳ ᠲᠠᠢ ᠶᠠᠷᠢᠯᠴᠠᠵᠤ᠂ ᠪᠠᠭᠰᠢ ᠶᠢᠨ ᠲᠤᠷᠰᠢᠯᠲᠠ ᠶᠢᠨ ᠠᠵᠢᠯᠯᠠᠭᠠᠨ ᠤ ᠦᠵᠡᠬᠦᠯᠦᠯᠭᠡ ᠶᠢ ᠰᠣᠨᠢᠷᠬᠠᠵᠤ᠂ ᠬᠡᠮᠵᠢᠭᠦᠷᠯᠢᠭ ᠲᠥᠬᠦᠭᠡᠷᠦᠮᠵᠢ ᠶᠢᠨ ᠬᠡᠷᠡᠭᠯᠡᠯᠲᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠵᠥᠭᠡᠯᠡᠨ ᠬᠠᠲᠠᠭᠤ ᠬᠡᠷᠡᠭᠰᠡᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠰᠤᠷᠤᠭᠴᠢᠳ ᠤᠨ ᠨᠡᠶᠢᠲᠡ ᠶᠢᠨ ᠪᠠᠶᠢᠷᠢ ᠳᠤ᠂ ᠳᠠᠶᠢᠴᠢᠨ ᠴᠡᠪᠡᠷ ᠴᠡᠮᠴᠡᠭᠡᠷ ᠥᠷᠥᠭᠡ ᠪᠠ ᠲᠡᠷᠢ ᠲᠡᠭᠰᠢ ᠡᠪᠬᠡᠵᠦ ᠲᠠᠯᠪᠢᠭᠰᠠᠨ ᠣᠷᠣ ᠬᠥᠨᠵᠢᠯᠡ ᠶᠢ ᠦᠵᠡᠭᠡᠳ ᠮᠠᠰᠢ ᠪᠠᠶᠠᠷᠯᠠᠵᠤ᠂ ᠰᠤᠷᠭᠠᠭᠤᠯᠢ ᠶᠢᠨ ᠬᠠᠷᠢᠭᠤᠴᠠᠯᠭᠠᠲᠠᠨ ᠢ ᠬᠠᠮᠢᠶᠠᠷᠤᠯᠲᠠ ᠪᠠᠨ ᠴᠢᠩᠭᠠᠳᠬᠠᠵᠤ᠂ ᠬᠡᠦᠬᠡᠳ ᠤᠳ ᠲᠤ ᠲᠠᠭᠠᠯᠠᠮᠵᠢᠲᠠᠶ ᠰᠤᠷᠤᠯᠭ᠎ᠠ ᠠᠮᠢᠳᠤᠷᠠᠯ ᠤᠨ ᠣᠷᠴᠢᠨ ᠲᠣᠭᠤᠷᠢᠨ ᠢ ᠡᠭᠦᠳᠦᠨ ᠥᠭᠴᠦ᠂ ᠬᠡᠦᠬᠡᠳ ᠤᠳ ᠢ ᠰᠠᠨᠠᠭ᠎ᠠ ᠠᠮᠤᠷ ᠰᠣᠷᠣᠯᠴᠠᠭᠤᠯᠵᠦ᠂ ᠡᠷᠡᠭᠦᠯ ᠢᠶᠠᠷ ᠦᠰᠦᠨ ᠪᠣᠶᠢᠵᠢᠭᠤᠯᠬᠤ ᠬᠡᠷᠡᠭᠲᠡᠶ ᠭᠡᠵᠦ ᠵᠠᠬᠢᠪᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠣᠭᠰᠠᠨ ᠤ ᠳᠠᠷᠠᠭ᠎ᠠ ᠳᠠᠶᠢᠴᠢᠨ᠂ ᠰᠤᠷᠭᠠᠨ ᠬᠥᠮᠦᠵᠢᠯ ᠪᠣᠯ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠠᠭᠤᠷᠢ ᠮᠥᠨ᠂ ᠮᠥᠨ ᠴᠦ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠴᠢᠬᠤᠯᠠ ᠲᠠᠯ᠎ᠠ ᠪᠣᠯᠤᠨ᠎ᠠ᠂ ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠢ ᠮᠠᠰᠢ ᠠᠩᠬᠠᠷᠴᠤ ᠪᠠᠶᠢᠨ᠎ᠠ᠂ ᠰᠤᠷᠤᠭᠴᠢ ᠶᠢᠨ ᠭᠡᠷ ᠤᠨ ᠠᠬᠠᠮᠠᠳ ᠮᠠᠰᠢ ᠬᠦᠰᠡᠵᠦ ᠪᠠᠶᠢᠨ᠎ᠠ᠃ ᠪᠦᠬᠦ ᠠᠶᠢᠮᠠᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠪᠣᠯᠤᠨ ᠥᠷᠭᠡᠨ ᠣᠯᠠᠨ ᠪᠠᠭᠰᠢ ᠨᠠᠷ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠰᠡᠳᠬᠢᠯ ᠲᠠᠯᠪᠢᠨ ᠰᠤᠷᠤᠯᠴᠠᠨ ᠣᠶᠢᠯᠠᠭᠠᠵᠦ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠦᠨᠳᠦᠰᠦᠨ ᠡᠭᠦᠷᠭᠡ ᠪᠣᠯᠭᠠᠬᠤ ᠶᠢ ᠪᠠᠷᠢᠮᠳᠠᠯᠠᠨ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠳᠦᠷᠦ ᠳᠡᠭᠡᠨ ᠴᠢᠳᠠᠪᠤᠷᠢᠲᠠᠨ ᠬᠥᠮᠦᠵᠢᠭᠦᠯᠵᠦ ᠥᠭᠬᠦ ᠡᠭᠦᠷᠭᠡ ᠶᠢ ᠪᠠᠳᠣ ᠴᠡᠬᠡᠵᠢᠯᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠦ᠂ ︽ᠬᠤᠶᠠᠷ ᠢ ᠬᠦᠩᠭᠡᠷᠡᠬᠦᠯᠬᠦ︾ ᠠᠵᠢᠯ ᠤᠨ ᠱᠠᠭᠠᠷᠳᠠᠯᠭ᠎ᠠ ᠶᠢ ᠰᠠᠶᠢᠲᠤᠷ   ᠨᠠᠶᠢᠳᠠᠪᠣᠷᠢᠵᠢᠭᠤᠯᠣᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠶ᠃ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠶᠡᠭᠡ ᠪᠠᠷ ᠪᠠᠳᠠᠷᠠᠭᠤᠯᠵᠤ᠂ ᠪᠠᠭᠰᠢ ᠶᠢ ᠬᠠᠯᠠᠮᠵᠢᠯᠠᠨ ᠬᠠᠶᠢᠷᠠᠯᠠᠵᠤ᠂ ᠪᠠᠭᠰᠢ ᠶᠢᠨ ᠠᠵᠢᠯ  ᠠᠮᠢᠳᠤᠷᠠᠯ ᠳᠤ ᠨᠡᠩ ᠰᠠᠶᠢᠨ ᠨᠥᠬᠦᠴᠡᠯ ᠪᠦᠷᠢᠯᠳᠦᠭᠦᠯᠵᠦ᠂ ᠪᠠᠭᠰᠢ ᠶᠢ ᠨᠡᠶᠢᠭᠡᠮ ᠤᠨ ᠬᠦᠨᠳᠦᠳᠬᠡᠯ ᠢ ᠬᠠᠮᠤᠭ ᠤᠨ ᠢᠯᠡᠬᠦᠦ ᠣᠯᠤᠭᠰᠠᠨ ᠠᠵᠢᠯ ᠮᠡᠷᠭᠡᠵᠢᠯ ᠪᠣᠯᠭᠠᠵᠤ᠂ ᠥᠷᠭᠡᠨ ᠤᠯᠠᠨ ᠪᠠᠭᠰᠢ ᠳᠤ ᠪᠠᠶᠢᠪᠠᠰᠤ ᠵᠣᠬᠢᠬᠤ ᠨᠡᠶᠢᠭᠡᠮ ᠤᠨ ᠨᠡᠷ᠎ᠡ ᠬᠦᠨᠳᠦ ᠶᠢ ᠡᠳ᠋ᠯᠡᠭᠦᠯᠵᠦ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠠᠵᠢᠯ ᠤᠨ ᠪᠠᠶᠢᠷᠢ ᠳᠡᠭᠡᠷ᠎ᠡ ᠨᠠᠮ ᠪᠣᠯᠤᠨ ᠠᠷᠠᠳ ᠲᠦᠮᠡᠨ ᠤ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃
       ᠳᠠᠶᠢᠴᠢᠨ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠤᠨ ᠳᠦᠯᠦᠭᠡᠯᠡᠭᠴᠢ᠂ ᠪᠥᠬᠦ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠡᠷᠢᠭᠦᠨ ᠤ ᠬᠤᠪᠢ ᠬᠥᠮᠦᠨ᠂ ᠪᠥᠬᠦ ᠤᠯᠤᠰ ᠤᠨ ᠵᠠᠭᠤᠨ ᠰᠢᠯᠢᠳᠡᠭ ᠵᠠᠬᠢᠷᠤᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ᠂ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠨᠢᠭᠡᠳᠦᠭᠡᠷ ᠴᠡᠴᠡᠷᠯᠢᠭ ᠤᠨ ᠤᠤᠯ ᠤᠨ ᠳᠠᠷᠤᠭ᠎ᠠ ᠶᠢᠨ ᠲᠤᠶᠠᠭ᠎ᠠ ᠶᠢᠨ ᠬᠢᠨ ᠳᠤ ᠬᠦᠷᠴᠦ ᠪᠣᠯᠭᠤᠭᠠᠨ ᠲᠣᠬᠤᠨᠢᠭᠤᠯᠵᠤ᠂ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠠᠵᠢᠯ ᠠᠴᠠ ᠪᠠᠨ ᠠᠮᠠᠷᠠᠭᠰᠠᠨ ᠠᠮᠢᠳᠤᠷᠠᠯ ᠢ ᠨᠢ ᠯᠠᠪᠯᠠᠨ ᠠᠰᠠᠭᠤᠵᠤ᠂ ᠲᠡᠭᠦᠨ ᠠᠴᠠ ᠰᠤᠷᠭᠠᠨ ᠬᠥᠮᠦᠵᠢᠯ ᠤᠨ ᠠᠵᠢᠯ ᠤᠨ ᠲᠤᠬᠠᠶ ᠰᠠᠨᠠᠯ ᠰᠠᠨᠠᠭᠤᠯᠭ᠎ᠠ ᠬᠤᠷᠢᠶᠠᠵᠤ᠂ ᠲᠡᠭᠦᠨ ᠢ ᠰᠤᠷᠭᠠᠨ ᠬᠥᠮᠦᠵᠢᠯ ᠢ ᠢᠯᠡᠭᠦᠬᠡᠨ ᠬᠠᠯᠠᠮᠵᠢᠯᠠᠨ ᠳᠡᠮᠵᠢᠵᠦ᠂ ᠠᠯᠠᠱᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠢᠯᠡᠭᠦᠬᠡᠨ ᠠᠷᠭ᠎ᠠ ᠤᠬᠠᠭᠠᠨ ᠭᠠᠷᠭᠠᠵᠤ ᠥᠭᠬᠦ ᠶᠢᠨ ᠬᠠᠮᠲᠤ ᠪᠠᠭᠰᠢ ᠶᠢᠨ ᠪᠠᠶᠠᠷ ᠤᠨ ᠰᠣᠷᠭᠤᠭ ᠴᠡᠴᠡᠭ ᠬᠦᠷᠭᠡᠵᠦ᠂ ᠲᠡᠭᠦᠨ ᠢᠶᠠᠷ ᠳᠠᠮᠵᠢᠭᠤᠯᠤᠨ ᠪᠥᠬᠦ ᠠᠶᠢᠮᠠᠭ ᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号