ᠳᠠᠶᠢᠴᠢᠨ ᠠᠶᠢᠮᠠᠭ ᠤᠨ ᠬᠠᠮᠲᠤᠷᠠᠭᠰᠠᠨ ᠰᠤᠷᠪᠤᠯᠵᠢᠯᠠᠭ᠎ᠠ ᠬᠦᠯᠢᠶᠡᠬᠦ ᠲᠥᠪ ᠲᠤ ᠬᠦᠷᠴᠦ ᠣᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2021/9/8
     9 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠠᠶᠢᠮᠠᠭ ᠤᠨ ᠬᠠᠮᠲᠤᠷᠠᠭᠰᠠᠨ ᠰᠤᠷᠪᠤᠯᠵᠢᠯᠠᠭ᠎ᠠ ᠬᠦᠯᠢᠶᠡᠬᠦ ᠲᠥᠪ ᠲᠤ ᠬᠦᠷᠴᠦ ᠣᠯᠠᠨ ᠲᠦᠮᠡᠨ ᠤ ᠰᠤᠷᠪᠤᠯᠵᠢᠯᠠᠭ᠎ᠠ ᠶᠢ ᠭᠥᠯᠢᠶᠡᠨ ᠠᠪᠴᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠲᠠᠨ ᠰᠣᠨᠣᠰᠴᠤ᠂ ᠬᠤᠯᠪᠣᠭᠳᠠᠯ ᠪᠥᠬᠦᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠣᠯᠠᠨ ᠲᠦᠮᠡᠨ ᠤ ᠵᠦᠶ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠲᠣᠬᠢᠲᠠᠶ ᠰᠢᠢᠳᠪᠦᠷᠢᠯᠡᠵᠦ᠂ ᠣᠯᠠᠨ ᠲᠦᠮᠡᠨ ᠳᠤ ᠬᠠᠤᠯᠢ ᠬᠡᠷᠡᠭᠵᠢᠭᠦᠯᠵᠦ ᠬᠠᠤᠯᠢ ᠪᠠᠷᠢᠭᠰᠠᠨ ᠬᠡᠷᠡᠭ ᠨᠢᠭᠡᠪᠦᠷᠢ ᠠᠴᠠ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠳᠠᠶᠢᠴᠢᠨ ᠰᠤᠷᠪᠤᠯᠵᠢᠯᠠᠬᠤ ᠪᠠᠷ ᠢᠷᠡᠭᠰᠡᠳ ᠤᠨ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠲᠤᠰᠬᠠᠭᠰᠠᠨ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ᠲᠤᠬᠠᠢ ᠨᠠᠷᠢᠨ ᠨᠢᠮᠪᠠᠢ ᠠᠰᠠᠭᠤᠨ ᠯᠠᠪᠯᠠᠵᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠠᠩᠬᠠᠷᠤᠯ ᠳᠤ ᠲᠤᠬᠠᠢ ᠶᠢᠨ ᠭᠠᠵᠠᠷ ᠲᠤᠨᠢ ᠬᠠᠷᠢᠭᠤᠯᠲᠠ ᠥᠭᠴᠦ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠪᠠ ᠠᠷᠭ᠎ᠠ ᠬᠡᠮᠵᠢᠶ᠎ᠡ ᠶᠢ ᠬᠢᠨᠠᠮᠠᠭᠠᠢ ᠰᠤᠳᠤᠯᠵᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠢ ᠨᠠᠮ ᠪᠠ ᠵᠠᠰᠠᠭ ᠤᠨ ᠣᠷᠳᠣᠨ ᠢ ᠢᠲᠡᠭᠡᠵᠦ᠂ ᠬᠠᠤᠯᠢ ᠴᠠᠭᠠᠵᠠ ᠶᠢ ᠢᠲᠡᠭᠡᠵᠦ᠂ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠪᠦᠬᠦ ᠲᠠᠯ᠎ᠠ ᠪᠠᠷ ᠬᠠᠩᠭᠠᠵᠤ᠂ ᠳᠠᠬᠢᠨ ᠰᠢᠭᠦᠬᠦ ᠵᠠᠷᠭᠤ ᠬᠦᠯᠢᠶᠡᠬᠦ ᠪᠡᠯᠡᠳᠬᠡᠯ ᠢ ᠢᠳᠡᠪᠬᠢᠲᠡᠢ ᠰᠠᠶᠢᠲᠤᠷ ᠬᠢᠵᠦ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ ᠶᠢ ᠵᠣᠷᠢᠭᠵᠢᠭᠤᠯᠪᠠ᠃      ᠳᠠᠶᠢᠴᠢᠨ ᠠᠴᠠ᠂ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠠᠬᠢᠳᠠᠯ ᠰᠤᠷᠪᠤᠯᠵᠢᠯᠠᠭ᠎ᠠ ᠪᠣᠯ ᠠᠷᠠᠳ ᠤᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠮᠥᠨ᠂ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠠᠬᠢᠳᠠᠯ ᠰᠤᠷᠪᠤᠯᠵᠢᠯᠠᠭ᠎ᠠ ᠶᠢ ᠰᠠᠶᠢᠲᠤᠷ ᠰᠢᠢᠳᠪᠦᠷᠢᠯᠡᠬᠦ ᠪᠣᠯ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠠᠬᠢᠭᠤᠯᠬᠤ᠂ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠶᠢᠨ ᠰᠠᠭᠤᠷᠢᠯᠠᠬᠤ ᠴᠢᠨᠠᠷᠲᠠᠢ ᠠᠵᠢᠯ ᠮᠥᠨ᠃ ᠬᠠᠤᠯᠢ ᠪᠠᠷᠢᠬᠤ ᠪᠠᠶᠢᠭᠤᠯᠣᠯᠭ᠎ᠠ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠳᠤ ᠬᠢᠨᠠᠮᠠᠭᠠᠢ ᠬᠠᠨᠳᠤᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠤᠯᠢ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠴᠢᠩᠭ᠎ᠠ ᠵᠢᠷᠤᠮᠯᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠬᠡ ᠪᠠᠨ ᠬᠡᠷᠡᠭᠵᠢᠭᠦᠯᠦᠨ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠬᠠᠤᠯᠢ ᠶᠣᠰᠣᠭᠠᠷ ᠲᠥᠪ ᠭᠤᠣᠯᠴᠢ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠤᠯᠠᠨ ᠲᠦᠮᠡᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠲᠤᠬᠠᠢ ᠶᠢᠨ ᠬᠥᠮᠦᠨ ᠳᠤ ᠬᠠᠤᠯᠢ ᠶᠣᠰᠣ ᠶᠢ ᠲᠣᠳᠣᠷᠬᠠᠢ ᠶᠠᠷᠢᠵᠤ᠂ ᠤᠴᠢᠷ ᠶᠣᠰᠣ ᠶᠢ ᠲᠣᠳᠣᠷᠬᠠᠢ ᠶᠠᠷᠢᠵᠤ᠂ ᠶᠣᠰᠣ ᠤᠴᠢᠷ ᠢ ᠣᠶᠢᠯᠠᠭᠠᠵᠤ᠂ ᠵᠠᠬᠢᠳᠠᠯ ᠰᠤᠷᠪᠤᠯᠵᠢᠯᠠᠭ᠎ᠠ ᠭᠢᠭᠰᠡᠳ ᠤᠨ ᠬᠠᠤᠯᠢ ᠶᠣᠰᠣᠭᠠᠷ ᠣᠶᠤᠨᠴᠢ ᠪᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠶᠢ ᠢᠳᠡᠪᠬᠢᠲᠡᠢ ᠬᠦᠲᠦᠯᠦᠨ ᠵᠢᠯᠣᠭᠤᠳᠴᠤ᠂ ᠬᠠᠤᠯᠢ ᠪᠠᠷᠢᠬᠤ ᠪᠠᠶᠢᠭᠤᠯᠣᠯᠭ᠎ᠠ ᠶᠢᠨ ᠭᠠᠷᠭᠠᠭᠰᠠᠨ ᠲᠠᠰᠤᠯᠤᠯᠲᠠ ᠪᠠ ᠲᠣᠭᠲᠠᠭᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠵᠥᠷᠢᠴᠡᠯ ᠢ ᠰᠢᠢᠳᠪᠦᠷᠢᠯᠡᠬᠦ ᠳᠤᠮᠳᠠᠬᠢ ᠬᠠᠤᠯᠢ ᠴᠠᠭᠠᠵᠠ ᠶᠢᠨ ᠬᠠᠯᠳᠠᠵᠦ ᠪᠣᠯᠣᠰᠢ ᠦᠬᠡᠢ ᠳᠠᠷᠬᠠᠨ ᠪᠠᠶᠢᠷᠢ ᠰᠠᠭᠤᠷᠢ ᠶᠢ ᠴᠢᠩᠭᠠᠳᠬᠠᠵᠤ᠂ ᠬᠠᠤᠯᠢ ᠶᠣᠰᠣᠭᠠᠷ ᠠᠵᠢᠯ ᠶᠠᠪᠤᠳᠠᠯ ᠬᠦᠢᠴᠡᠳᠬᠡᠬᠦ᠂ ᠬᠠᠤᠯᠢ ᠶᠣᠰᠣᠭᠠᠷ ᠲᠥᠪ ᠭᠤᠤᠯᠴᠢ ᠪᠠᠷ ᠰᠢᠭᠦᠨ ᠲᠠᠰᠤᠯᠬᠤ ᠶᠢ ᠪᠠᠷᠢᠮᠲᠠᠯᠠᠵᠤ᠂ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠬᠠᠤᠯᠢ ᠴᠠᠭᠠᠵᠠ ᠶᠢᠨ ᠲᠠᠰ ᠳᠠᠷᠠᠭᠠᠯᠠᠯ ᠳᠣᠲᠣᠷ᠎ᠠ ᠲᠣᠬᠢᠲᠠᠶ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ ᠬᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号