ᠯᠢ ᠵᠦᠩ ᠽᠧᠩ ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠳᠤ ᠪᠠᠶᠢᠴᠠᠭᠠᠨ ᠰᠣᠳᠣᠯᠬᠤ ᠶᠢᠨ ᠬᠠᠮᠲᠤ ᠪᠠᠭᠰᠢ ᠨᠠᠷ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2021/9/8
      ᠭᠤᠴᠢᠨ ᠳᠣᠯᠣᠭᠠᠳᠡᠬᠢ ᠪᠠᠭᠰᠢ ᠶᠢᠨ ᠪᠠᠶᠠᠷ ᠬᠦᠷᠴᠦ ᠢᠷᠡᠬᠦ ᠠᠴᠠ ᠡᠮᠦᠨᠡᠬᠡᠨ᠂ 9 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠳᠤ ᠪᠠᠶᠢᠴᠠᠭᠠᠨ ᠰᠣᠳᠣᠯᠵᠦ᠂ ᠪᠠᠭᠰᠢ ᠨᠠᠷ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠲᠡᠳᠡᠨ ᠢᠶᠠᠷ ᠳᠠᠮᠵᠢᠭᠤᠯᠤᠨ ᠥᠷᠭᠡᠨ ᠣᠯᠠᠨ ᠪᠠᠭᠰᠢ ᠪᠠ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠵᠦᠩᠨᠡᠯ ᠳᠡᠪᠰᠢᠭᠦᠯᠵᠡᠶ᠃
       ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠳᠤ᠂ ᠯᠢ ᠵᠥᠩ ᠽᠧᠩ ᠤᠷᠢᠳ ᠬᠤᠵᠢᠳ ᠰᠡᠳᠬᠢᠴᠡ ᠶᠢᠨ ᠵᠥᠪᠯᠡᠯᠭᠡ ᠥᠭᠬᠦ ᠲᠠᠰᠤᠭ᠂ ᠪᠠᠶᠢᠷᠢ ᠶᠢᠨ ᠠᠰᠠᠷ᠂ ᠲᠠᠮᠢᠷ ᠤᠨ ᠲᠠᠯᠠᠪᠠᠶ᠂ ᠬᠤᠭᠤᠯᠠᠨ ᠬᠡᠷ ᠪᠠ ᠵᠢᠭᠠᠨ ᠰᠤᠷᠭᠠᠯᠲᠠ ᠶᠢᠨ ᠠᠰᠠᠷ ᠲᠤ ᠬᠦᠷᠴᠦ᠂ ᠰᠤᠷᠭᠠᠭᠤᠯᠢ ᠶᠢᠨ ᠵᠢᠭᠠᠨ ᠰᠤᠷᠭᠠᠯᠲᠠ᠂ ᠬᠠᠲᠠᠭᠤ ᠬᠡᠷᠡᠭᠰᠡᠯ ᠤᠨ ᠲᠥᠬᠦᠭᠡᠷᠦᠮᠵᠢ᠂ ᠪᠠᠭᠰᠢ ᠶᠢᠨ ᠬᠦᠴᠦᠨ᠂ ᠰᠤᠷᠭᠠᠨ ᠬᠥᠮᠦᠵᠢᠯ ᠤᠨ ᠰᠣᠷᠣᠭᠴᠢ ᠶᠢᠨ ᠢᠷᠡᠯᠲᠡ᠂ ᠰᠡᠳᠬᠢᠴᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠢᠴᠢ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠤᠷᠭᠠᠨ ᠬᠥᠮᠦᠵᠢᠯ ᠪᠣᠯ ᠤᠯᠤᠰ ᠢᠶᠠᠨ ᠲᠣᠭᠲᠠᠨᠢᠭᠤᠯᠬᠤ ᠶᠢᠨ ᠦᠨᠳᠦᠰᠦ᠂ ᠤᠯᠤᠰ ᠢᠶᠠᠨ ᠬᠦᠴᠦᠷᠬᠡᠭᠵᠢᠭᠦᠯᠬᠦ ᠶᠢᠨ ᠰᠠᠭᠤᠷᠢ ᠮᠥᠨ᠃ ᠰᠤᠷᠭᠠᠨ ᠬᠥᠮᠦᠵᠢᠯ ᠢ ᠡᠩ  ᠳᠡᠷᠢᠬᠦᠨ ᠳᠤ ᠬᠦᠭᠵᠢᠬᠦᠯᠬᠦ ᠶᠢ ᠪᠠᠷᠢᠮᠲᠠᠯᠠᠵᠤ᠂ ︽ᠵᠥᠭᠡᠯᠡᠨ︾᠂ ︽ᠬᠠᠲᠠᠭᠤ︾ ᠶᠢ ᠵᠡᠷᠭᠡ ᠪᠠᠷ ᠬᠡᠷᠡᠭᠵᠢᠭᠦᠯᠵᠦ᠂ ᠣᠯᠠᠨ ᠲᠠᠯ᠎ᠠ ᠶᠢ ᠵᠡᠷᠭᠡ ᠪᠠᠷ ᠠᠳᠬᠤᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠬᠦᠴᠦᠯᠡᠨ ᠰᠠᠶᠢᠲᠤᠷ ᠡᠷᠭᠢᠯᠡᠬᠦ ᠬᠡᠷᠡᠭᠲᠡᠶ᠃ ︽ᠬᠤᠶᠠᠷ ᠢ ᠬᠦᠩᠭᠡᠷᠡᠬᠦᠯᠬᠦ︾ ᠠᠵᠢᠯ ᠢ ᠡᠷᠡᠰ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠤ ᠬᠥᠮᠦᠵᠢᠯ ᠭᠤᠸ᠎ᠠ ᠰᠠᠶᠢᠬᠠᠨ ᠤ ᠬᠥᠮᠦᠵᠢᠯ ᠢ ᠬᠡᠪ ᠴᠢᠨᠠᠷ ᠤᠨ ᠬᠥᠮᠦᠵᠢᠯ ᠲᠠᠢ ᠵᠣᠯᠭᠠᠭᠤᠯᠵᠤ᠂ ᠬᠠᠷᠢᠯᠴᠠᠨ ᠵᠣᠬᠢᠴᠠᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ᠂ ᠢᠳᠡᠵᠦ ᠤᠤᠭᠤᠬᠤ ᠤᠨᠲᠠᠵᠤ ᠬᠡᠪᠲᠡᠬᠦ ᠵᠡᠷᠭᠡ ᠠᠰᠠᠭᠤᠳᠠᠯ ᠢ ᠨᠠᠩ ᠢᠯᠡᠭᠦᠦ ᠬᠠᠯᠠᠮᠵᠢᠯᠠᠨ ᠠᠩᠬᠠᠷᠴᠤ᠂ ᠬᠡᠦᠬᠡᠳ ᠤᠳ ᠢ ᠰᠠᠶᠢᠨ ᠰᠣᠷᠣᠯᠴᠠᠭᠤᠯᠵᠦ᠂ ᠰᠠᠶᠢᠨ ᠰᠠᠭᠤᠯᠭᠠᠵᠦ᠂ ᠬᠤᠭᠤᠯᠠᠨ ᠤ ᠠᠮᠤᠷ ᠲᠦᠪᠰᠢᠨ ᠢ ᠪᠠᠳᠣᠯᠠᠬᠤ ᠬᠡᠷᠡᠭᠲᠡᠶ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠨᠭ᠍ᠬᠢᠯ ᠢ ᠭᠦᠶᠦᠯᠭᠡᠨ ᠦᠵᠡᠵᠦ᠂ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ ᠪᠠᠶᠢᠭ᠎ᠠ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠯᠢ ᠵᠦᠩ ᠽᠧᠩ ᠠᠴᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠬᠦ ᠨᠢ ᠣᠳᠣᠬᠠᠨ ᠳᠤ ᠠᠰᠢᠭᠲᠠᠢ ᠮᠥᠷᠲᠡᠭᠡᠨ ᠠᠯᠤᠰ ᠢᠷᠡᠭᠡᠳᠦᠢ ᠳᠤ ᠴᠦ ᠠᠰᠢᠭᠲᠠᠢ ᠪᠠᠶᠢᠵᠤ᠂ ᠴᠥᠭᠡᠨ ᠲᠣᠭᠠᠲᠤ ᠦᠨᠳᠦᠰᠦᠲᠡᠨ ᠤ ᠬᠡᠦᠬᠡᠳ ᠤᠳ ᠤᠨ ᠨᠡᠩ ᠰᠠᠶᠢᠨ ᠢᠶᠠᠷ ᠮᠡᠳᠡᠯᠭᠡ ᠰᠤᠷᠬᠤ᠂ ᠨᠡᠶᠢᠭᠡᠮ ᠳᠤ ᠠᠭᠤᠰᠤᠯᠴᠠᠬᠤ᠂ ᠬᠠᠷᠠᠭ᠎ᠠ ᠪᠠᠨ ᠥᠷᠭᠡᠳᠬᠡᠬᠦ᠂ ᠥᠪᠡᠷ ᠢ ᠪᠠᠨ ᠢᠯᠡᠷᠡᠭᠦᠯᠬᠦ᠂ ᠡᠷᠡᠮᠡᠬᠡᠶᠢᠯᠡᠨ ᠲᠡᠮᠡᠴᠡᠬᠦ᠂ ᠬᠦᠰᠡᠯ ᠢᠶᠠᠨ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠦᠨᠳᠦᠰᠦᠲᠡᠨ ᠤ ᠰᠤᠷᠭᠠᠭᠤᠯᠢ ᠶᠢᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠤᠬᠠᠭᠤᠯᠤᠨ ᠲᠠᠶᠢᠯᠪᠤᠷᠢᠯᠠᠵᠤ᠂ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠰᠤᠷᠤᠭᠴᠢᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠦᠨᠡᠨᠬᠦ ᠪᠣᠳᠠᠲᠠᠶ ᠨᠠᠷᠢᠯᠢᠭ ᠬᠢᠵᠦ᠂ ᠬᠡᠦᠬᠡᠳ ᠤᠳ ᠤᠨ ︽ᠦᠰᠦᠨ ᠪᠤᠶᠢᠵᠢᠬᠤ︾ ︽ᠴᠢᠳᠠᠪᠤᠷᠢᠲᠠᠨ ᠪᠣᠯᠬᠤ︾ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ︽ᠪᠠᠭᠰᠢ ᠰᠠᠶᠢᠨ ᠵᠢᠭᠠᠵᠤ᠂ ᠰᠤᠷᠤᠭᠴᠢᠳ ᠰᠠᠶᠢᠨ ᠰᠤᠷᠴᠤ᠂ ᠬᠡᠷ ᠤᠨ ᠠᠬᠠᠮᠠᠳ ᠪᠦᠷ ᠰᠠᠶᠢᠨ ᠭᠡᠵᠦ ᠬᠡᠯᠡᠬᠦ︾ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠬᠡᠦᠬᠡᠳ ᠤᠳ ᠢ ᠨᠠᠩ ᠰᠠᠶᠢᠨ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠡᠬᠡ ᠤᠯᠤᠰ ᠤᠨ ᠢᠶᠠᠨ ᠲᠥᠯᠥᠭᠡ ᠵᠢᠳᠬᠦᠬᠦᠯᠬᠦ ᠬᠡᠷᠡᠭᠲᠡᠶ ᠭᠡᠵᠦ ᠴᠢᠬᠤᠯᠠᠴᠢᠯᠠᠪᠠ᠃
      ᠯᠢ ᠵᠥᠩ ᠽᠧᠩ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠭᠰᠢ ᠤᠳᠤᠨᠭᠡᠷᠡᠯ ᠪᠣᠯᠤᠨ ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠸᠠᠩ ᠱᠤᠤ ᠴᠢᠶᠠᠨ ᠤ ᠬᠢᠨ ᠳᠤ ᠬᠦᠷᠴᠦ᠂ ᠲᠡᠳᠡᠨ ᠳᠤ ᠰᠣᠷᠭᠤᠭ ᠴᠡᠴᠡᠭ ᠬᠦᠷᠭᠡᠵᠦ᠂ ᠵᠥᠩᠨᠡᠯ ᠳᠡᠪᠰᠢᠭᠦᠯᠦᠭᠰᠡᠨ ᠪᠥᠭᠡᠳ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠯᠢ ᠵᠥᠩ ᠽᠧᠩ ᠠᠴᠠ᠂ ᠪᠠᠭᠰᠢ ᠪᠣᠯ ᠰᠤᠷᠭᠠᠨ ᠬᠥᠮᠦᠵᠢᠯ ᠢ ᠬᠥᠭᠵᠢᠭᠦᠯᠬᠦ ᠡᠬᠢ ᠰᠤᠷᠪᠤᠯᠵᠢ ᠮᠥᠨ᠃ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠨ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠢᠴᠢᠭ ᠵᠢᠭᠠᠵᠤ ᠬᠥᠮᠦᠨ ᠬᠥᠮᠦᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠤᠭᠴᠢᠳ ᠤᠨ ᠦᠰᠦᠨ ᠪᠣᠶᠢᠵᠢᠯᠳᠠ ᠶᠢᠨ ᠵᠢᠯᠣᠭᠤᠳᠣᠭᠴᠢ ᠪᠠ ᠵᠠᠮᠴᠢᠯᠠᠭᠴᠢ ᠪᠣᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠴᠡᠴᠡᠷᠯᠢᠭᠴᠢ ᠶᠢᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠤᠨ᠂ ᠶᠣᠰᠣ ᠰᠤᠷᠲᠠᠬᠤᠨ ᠢᠶᠠᠷ ᠪᠡᠶ᠎ᠡ ᠰᠡᠳᠬᠢᠯ ᠢ ᠤᠮᠳᠠᠯᠠᠵᠤ᠂ ᠦᠢ ᠣᠯᠠᠨ ᠬᠦᠮᠦᠰ ᠢ ᠰᠤᠷᠭᠠᠨ ᠬᠥᠮᠦᠵᠢᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠪᠡ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号