ᠠᠯᠠᠱᠠ ᠠᠶᠢᠮᠠᠭ 2021 ᠤᠨ ᠤ ᠶᠠᠰᠤ ᠴᠢᠨᠠᠷ ᠤᠨ ᠰᠠᠷ᠎ᠠ ᠶᠢᠨ ᠠᠵᠢᠯᠯᠠᠭᠠᠨ ᠢᠶᠠᠨ ᠡᠬᠢᠯᠡᠬᠦᠯᠪᠡ
ᠨᠡᠶᠢᠲᠡᠯᠡᠭᠰᠡᠨ ᠴᠠᠭ᠄
2021/9/8
     ︽ᠡᠨᠡ ᠴᠠᠬᠢᠯᠭᠠᠨ ᠤᠳᠠᠰᠤ ᠬᠠᠭᠤᠷᠮᠠᠭ ᠤᠤ︖ ᠬᠡᠷᠬᠢᠨ ᠢᠯᠭᠠᠨ ᠲᠠᠨᠢᠬᠤ ᠪᠤᠢ︖︾ ︽ᠡᠳᠡᠭᠡᠷ ᠢᠳᠡᠰᠢᠨ ᠨᠤᠭᠤᠭ᠎ᠠ ᠶᠢ ᠶᠠᠭᠠᠬᠢᠵᠦ ᠰᠢᠯᠭᠠᠨ ᠪᠠᠶᠢᠴᠠᠭᠠᠵᠦ ᠪᠠᠶᠢᠬᠤ ᠪᠤᠢ︖ ᠲᠡᠭᠡᠷᠡᠬᠢ ᠬᠢᠮᠢ ᠶᠢᠨ ᠡᠮ ᠤᠨ ᠦᠯᠡᠳᠡᠭᠳᠡᠯ ᠢ ᠰᠢᠯᠭᠠᠨ ᠪᠠᠶᠢᠴᠠᠭᠠᠵᠦ ᠴᠢᠳᠠᠬᠤ ᠤᠤ︖︾ 9 ᠰᠠᠷ᠎ᠠ ᠶᠢᠨ 6 ᠤ ᠡᠳᠦᠷ᠂ ᠪᠠᠶᠠᠨᠬᠤᠳᠠ ᠶᠢᠨ ᠤᠯᠠᠨ ᠬᠡᠷᠡᠭᠴᠡᠭᠡᠳᠦ ᠪᠡᠶ᠎ᠠ ᠶᠢᠨ ᠲᠠᠮᠢᠷ ᠤᠨ ᠲᠠᠯᠠᠪᠠᠢ ᠳᠤ ᠰᠠᠭᠤᠭᠠᠯᠢ ᠠᠷᠠᠳ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠠᠵᠢᠯᠳᠠᠨ ᠠᠴᠠ ᠡᠶᠢᠨᠬᠦ ᠠᠰᠠᠭᠤᠨ ᠯᠠᠪᠯᠠᠵᠦ ᠪᠠᠶᠢᠯ᠎ᠠ᠃ ᠤᠢᠢᠯᠠᠭᠠᠭᠰᠠᠨ ᠢᠶᠠᠷ ᠠᠯᠠᠱᠠ ᠠᠶᠢᠮᠠᠭ ᠤᠨ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠠᠴᠠ       ︽ᠶᠠᠰᠤ ᠴᠢᠨᠠᠷ ᠢ ᠲᠡᠭᠡᠭᠰᠢᠯᠡᠬᠦᠯᠬᠦ ᠠᠵᠢᠯᠯᠠᠭᠠᠨ ᠢ ᠬᠦᠨᠵᠡᠭᠡᠢ ᠬᠡᠷᠡᠭᠵᠢᠬᠦᠯᠵᠦ᠂ ᠶᠠᠰᠤ ᠴᠢᠨᠠᠷ ᠤᠨ ᠬᠦᠴᠦᠷᠭᠡᠭ ᠤᠯᠤᠰ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠶ᠎ᠠ︾ ᠪᠦᠬᠦ ᠤᠯᠤᠰ ᠤᠨ ᠶᠠᠰᠤ ᠴᠢᠨᠠᠷ ᠤᠨ ᠰᠠᠷ᠎ᠠ ᠶᠢᠨ ᠠᠵᠢᠯᠯᠠᠭᠠᠨ ᠢ ᠡᠬᠢᠯᠡᠬᠦᠯᠵᠦ᠂ ᠰᠠᠭᠤᠭᠠᠯᠢ ᠠᠷᠠᠳ ᠤᠨ ᠶᠠᠰᠤ ᠴᠢᠨᠠᠷ ᠤᠨ ᠲᠠᠨᠢᠯᠳᠠ ᠶᠢ ᠲᠡᠭᠡᠭᠰᠢᠯᠡᠬᠦᠯᠬᠦ ᠶᠢ ᠵᠤᠷᠢᠭᠰᠠᠨ ᠪᠠᠶᠢᠨ᠎ᠠ᠃      ᠲᠤᠬᠠᠢ ᠶᠢᠨ ᠲᠠᠯᠠᠪᠤᠷ ᠲᠤ ᠲᠡᠯᠭᠡᠨ ᠦᠵᠡᠬᠦᠯᠬᠦ᠂ ᠤᠬᠠᠭᠤᠯᠬᠤ ᠮᠠᠲ᠋ᠧᠷᠢᠶᠠᠯ ᠲᠠᠷᠬᠠᠭᠠᠬᠤ᠂ ᠬᠤᠳᠠᠯ ᠬᠠᠭᠤᠷᠮᠠᠭ ᠢ ᠢᠯᠭᠠᠨ ᠲᠠᠨᠢᠬᠤ᠂ ᠴᠠᠬᠢᠯᠭᠠᠨ ᠵᠢᠩᠨᠡᠬᠦᠷ ᠢ ᠰᠢᠯᠭᠠᠨ ᠪᠠᠶᠢᠴᠠᠭᠠᠬᠤ᠂ ᠢᠳᠡᠰᠢᠨ ᠨᠤᠭᠤᠭ᠎ᠠ ᠶᠢ ᠶᠠᠭᠠᠬᠢᠵᠦ ᠰᠢᠯᠭᠠᠨ ᠪᠠᠶᠢᠴᠠᠭᠠᠬᠤ᠂ ᠴᠢᠰᠤᠨ ᠲᠠᠷᠤᠯᠳᠠ ᠶᠢ ᠪᠠᠶᠢᠴᠠᠭᠠᠬᠤ ᠵᠡᠷᠭᠡ ᠤᠯᠠᠨ ᠵᠦᠢᠯ ᠤᠨ ᠠᠵᠢᠯᠯᠠᠭᠠᠨ ᠦᠷᠨᠢᠬᠦᠯᠵᠦ᠂ ᠤᠯᠠᠨ ᠲᠦᠮᠡᠨ ᠤ ᠠᠰᠠᠭᠤᠨ ᠯᠠᠪᠯᠠᠯᠭ᠎ᠠ ᠪᠠ ᠢᠯᠡᠴᠢᠯᠡᠨ ᠮᠡᠳᠡᠬᠦᠯᠦᠯᠳᠡ ᠶᠢ ᠲᠤᠰᠤᠭᠰᠠᠨ ᠪᠠᠶᠢᠨ᠎ᠠ᠃      ᠤᠢᠢᠯᠠᠭᠠᠭᠰᠠᠨ ᠢᠶᠠᠷ᠂ ᠡᠨᠡ ᠵᠢᠯ ᠤᠨ ᠶᠠᠰᠤ ᠴᠢᠨᠠᠷ ᠤᠨ ᠰᠠᠷ᠎ᠠ ᠶᠢᠨ ᠠᠵᠢᠯᠯᠠᠭᠠᠨ ᠨᠢ ᠪᠦᠬᠦ ᠠᠷᠠᠳ ᠤᠨ ᠶᠠᠰᠤ ᠴᠢᠨᠠᠷ ᠤᠨ ᠲᠠᠨᠢᠯᠳᠠ ᠶᠢ ᠲᠡᠭᠡᠭᠰᠢᠯᠡᠬᠦᠯᠬᠦ᠂ ᠶᠠᠰᠤ ᠴᠢᠨᠠᠷ ᠤᠨ ᠬᠦᠴᠦᠷᠭᠡᠭ ᠠᠶᠢᠮᠠᠭ ᠢ ᠪᠦᠳᠦᠭᠡᠨ ᠪᠠᠶᠢᠭᠤᠯᠬᠤ᠂ ᠶᠠᠰᠤ ᠴᠢᠨᠠᠷ ᠤᠨ ᠰᠠᠭᠤᠷᠢ ᠲᠦᠬᠦᠭᠡᠷᠦᠮᠵᠢ ᠶᠢ ᠪᠦᠷᠢᠨᠰᠢᠬᠦᠯᠬᠦ᠂ ᠬᠠᠤᠯᠢ ᠬᠡᠷᠡᠭᠵᠢᠬᠦᠯᠦᠯᠳᠡ ᠶᠢ ᠬᠢᠨᠠᠨ ᠬᠠᠮᠢᠶᠠᠷᠬᠤ ᠶᠢ ᠴᠢᠩᠭᠠᠳᠬᠠᠬᠤ ᠵᠡᠷᠭᠡ ᠲᠦᠷᠪᠡᠨ ᠲᠠᠯ᠎ᠠ ᠶᠢᠨ ᠠᠭᠤᠯᠭ᠎ᠠ ᠶᠢ ᠪᠠᠭᠳᠠᠭᠠᠵᠦ᠂ ᠠᠵᠦ ᠠᠬᠤᠢᠢᠯᠠᠯ ᠤᠨ ᠶᠠᠰᠤ ᠴᠢᠨᠠᠷ ᠢᠶᠠᠨ ᠲᠡᠭᠡᠭᠰᠢᠯᠡᠬᠦᠯᠦᠨ ᠲᠡᠰ ᠲᠡᠪᠰᠢᠬᠦᠯᠦᠨ ᠬᠦᠭᠵᠢᠬᠦ ᠶᠢ ᠠᠬᠢᠭᠤᠯᠵᠦ᠂ ᠠᠷᠠᠳ ᠤᠯᠠᠨ ᠳᠤ ᠪᠤᠳᠠᠳᠠᠢ ᠶᠠᠰᠤ ᠴᠢᠨᠠᠷ ᠤᠨ ᠠᠰᠠᠭᠤᠳᠠᠯ ᠢ ᠰᠢᠢᠳᠪᠦᠷᠢᠯᠡᠨ ᠦᠭᠬᠦ ᠪᠤᠯᠤᠨ᠎ᠠ᠃ ᠡᠬᠦᠨ ᠳᠤ ᠶᠠᠰᠤ ᠴᠢᠨᠠᠷ ᠤᠨ ᠬᠦᠴᠦᠷᠭᠡᠭ ᠠᠶᠢᠮᠠᠭ ᠤᠨ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ ᠲᠦᠷᠪᠡᠳᠦᠭᠡᠷ ᠬᠤᠭᠤᠴᠠᠭᠠᠨ ᠤ ᠠᠯᠠᠱᠠ ᠠᠶᠢᠮᠠᠭ ᠤᠨ ᠲᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠯᠤᠭᠰᠠᠨ ᠠᠵᠦ ᠠᠬᠤᠢᠢᠯᠠᠯ ᠢ ᠱᠠᠩᠨᠠᠨ ᠬᠦᠬᠢᠬᠦᠯᠵᠦ᠂ ᠶᠠᠰᠤ ᠴᠢᠨᠠᠷ ᠤᠨ ᠬᠠᠮᠢᠶᠠᠷᠤᠯᠳᠠ ᠶᠢ ᠪᠠᠷᠢᠮᠵᠢᠶᠠᠵᠢᠭᠤᠯᠤᠨ ᠠᠵᠦ ᠠᠬᠤᠢᠢᠯᠠᠯ ᠤᠨ ᠪᠦᠬᠦ ᠲᠠᠯ᠎ᠠ ᠪᠠᠷ ᠶᠠᠰᠤ ᠴᠢᠨᠠᠷ ᠤᠨ ᠬᠠᠮᠢᠶᠠᠷᠤᠯᠳᠠ ᠪᠠᠨ ᠴᠢᠩᠭᠠᠳᠬᠠᠬᠤ ᠶᠢ ᠵᠢᠯᠤᠭᠤᠳᠬᠤ ᠪᠤᠯᠤᠨ᠎ᠠ᠃ ᠶᠠᠰᠤ ᠴᠢᠨᠠᠷ ᠤᠨ ᠰᠠᠭᠤᠷᠢ ᠲᠦᠬᠦᠭᠡᠷᠦᠮᠵᠢ ᠶᠢ ᠪᠦᠷᠢᠨᠰᠢᠬᠦᠯᠬᠦ ᠲᠠᠯ᠎ᠠ ᠪᠠᠷ ᠪᠠᠷᠢᠮᠵᠢᠶᠠᠵᠢᠭᠤᠯᠬᠤ ᠶᠢ ᠲᠡᠪᠰᠢᠬᠦᠯᠬᠦ ᠠᠵᠢᠯᠯᠠᠭᠠᠨ᠂ ᠤᠯᠠᠮᠵᠢᠯᠠᠯᠳᠦ ᠴᠠᠭᠠᠨ ᠢᠳᠡᠭᠡᠨ ᠤ ᠪᠦᠳᠦᠭᠡᠭᠳᠡᠬᠦᠨ ᠤ ᠤᠢᠢᠯᠡᠰ ᠢ ᠬᠦᠭᠵᠢᠬᠦᠯᠬᠦ ᠠᠵᠢᠯᠯᠠᠭᠠᠨ᠂ ᠲᠤᠮᠳᠠ ᠪᠠᠭ᠎ᠠ ᠠᠵᠦ ᠠᠬᠤᠢᠢᠯᠠᠯ ᠤᠨ ᠶᠠᠰᠤ ᠴᠢᠨᠠᠷ ᠤᠨ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠠᠵᠢᠯᠯᠠᠭᠠᠨ᠂ ᠬᠢᠨᠠᠨ ᠰᠢᠯᠭᠠᠬᠤ ᠴᠢᠳᠠᠪᠤᠷᠢ ᠶᠢ ᠲᠡᠭᠡᠰᠢᠯᠡᠬᠦᠯᠬᠦ ᠠᠵᠢᠯᠯᠠᠭᠠᠨ᠂ ᠶᠠᠰᠤ ᠴᠢᠨᠠᠷ ᠤᠨ ᠰᠠᠭᠤᠷᠢ ᠲᠦᠬᠦᠭᠡᠷᠦᠮᠵᠢ ᠶᠢᠨ ︽ᠨᠢᠭᠡ ᠦᠷᠳᠡᠭᠡᠨ ᠤ ᠬᠡᠯᠪᠡᠷᠢ︾ ᠶᠢᠨ ᠦᠢᠯᠡᠴᠢᠯᠡᠭᠡᠨ᠂ ᠠᠯᠠᠱᠠ ᠶᠢᠨ ᠴᠠᠭᠠᠨ ᠨᠣᠯᠣᠣᠷ ᠤᠨ ᠶᠠᠰᠤ ᠴᠢᠨᠠᠷ ᠤᠨ ᠪᠠᠷᠢᠮᠵᠢᠶ᠎ᠠ ᠶᠢᠨ ᠰᠢᠰᠲ᠋ᠧᠮ ᠢ ᠬᠢᠨᠠᠨ ᠪᠠᠳᠤᠯᠠᠬᠤ᠂ ᠤᠷᠭᠠᠨᠢᠭ ᠪᠦᠳᠦᠭᠡᠭᠳᠡᠬᠦᠨ ᠢ ᠤᠬᠠᠭᠤᠯᠬᠤ ᠭᠠᠷᠠᠭ ᠪᠤᠯᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠨᠡᠭᠡᠭᠡᠯᠳᠡ ᠶᠢᠨ ᠡᠳᠦᠷ ᠤᠨ ᠠᠵᠢᠯᠯᠠᠭᠠᠨ ᠢ ᠦᠷᠨᠢᠬᠦᠯᠬᠦ ᠪᠤᠯᠤᠨ᠎ᠠ᠃ ᠬᠠᠤᠯᠢ ᠬᠡᠷᠡᠭᠵᠢᠬᠦᠯᠦᠯᠳᠡ ᠶᠢ ᠬᠢᠨᠠᠨ ᠬᠠᠮᠢᠶᠠᠷᠬᠤ ᠶᠢ ᠴᠢᠩᠭᠠᠳᠬᠠᠬᠤ ᠲᠠᠯ᠎ᠠ ᠪᠠᠷ ︽ᠡᠮᠤᠰᠬᠦ᠂ ᠢᠳᠡᠬᠦ᠂ ᠶᠠᠪᠤᠬᠤ᠂ ᠰᠠᠭᠤᠬᠤ︾ ᠲᠤᠰᠬᠠᠢ ᠲᠦᠷᠦᠯ ᠤᠨ ᠴᠡᠭᠴᠡᠯᠡᠬᠦ ᠠᠵᠢᠯᠯᠠᠭᠠᠨ ᠦᠷᠨᠢᠬᠦᠯᠬᠦ᠂ ᠢᠳᠡᠭᠡᠨ᠂ ᠡᠮ ᠤᠨ ᠵᠦᠢᠯᠡᠰ᠂ ᠣᠨᠴᠣᠭᠤᠢ ᠢᠳᠡᠭᠡᠨ᠂ ᠴᠢᠬᠢᠷᠠᠭᠵᠢᠭᠤᠯᠬᠤ ᠢᠳᠡᠭᠡᠨ᠂ ᠣᠨᠴᠣᠭᠤᠢ ᠲᠦᠬᠦᠭᠡᠷᠦᠮᠵᠢ ᠵᠡᠷᠭᠡ ᠬᠦᠷᠢᠶ᠎ᠡ ᠬᠡᠪᠴᠢᠶᠡᠨ ᠤ ᠲᠤᠰᠬᠠᠢ ᠴᠡᠭᠴᠡᠯᠡᠯᠳᠡ᠂ ᠬᠢᠨᠠᠨ ᠪᠠᠶᠢᠴᠠᠭᠠᠬᠤ᠂ ᠰᠢᠰᠲ᠋ᠧᠮ ᠤᠨ ᠪᠠᠶᠢᠴᠠᠭᠠᠯᠳᠠ ᠵᠡᠷᠭᠡ ᠠᠵᠢᠯᠯᠠᠭᠠᠨ ᠢ ᠦᠷᠨᠢᠬᠦᠯᠬᠦ ᠪᠤᠯᠤᠨ᠎ᠠ᠃      ︽ᠪᠢᠳᠠ ᠤᠯᠠᠨ ᠵᠦᠢᠯ ᠤᠨ ᠤᠬᠠᠭᠤᠯᠬᠤ ᠦᠢᠯᠡᠴᠢᠯᠡᠭᠡ ᠪᠤᠯᠤᠨ ᠲᠤᠰᠬᠠᠢ ᠬᠠᠤᠯᠢ ᠬᠡᠷᠡᠭᠵᠢᠬᠦᠯᠬᠦ ᠪᠠᠶᠢᠴᠠᠭᠠᠯᠳᠠ ᠶᠢ ᠨᠢᠬᠡ ᠰᠠᠷ ᠎ᠠ ᠶᠢᠨ ᠬᠤᠭᠤᠴᠠᠭ᠎ᠠ ᠲᠠᠢ ᠦᠷᠨᠢᠬᠦᠯᠬᠦ ᠪᠠᠷ ᠲᠠᠮᠵᠢᠨ ᠪᠦᠬᠦ ᠨᠡᠶᠢᠬᠡᠮ ᠤᠨ ᠶᠠᠰᠤ ᠴᠢᠨᠠᠷ ᠤᠨ ᠲᠠᠨᠢᠯᠳᠠ ᠶᠢ ᠦᠨᠡᠨᠬᠦ ᠲᠡᠭᠡᠭᠰᠢᠯᠡᠬᠦᠯᠦᠨ᠎ᠡ᠃ ᠡᠬᠦᠨ ᠤ ᠬᠠᠮᠳᠦ ᠤᠯᠠᠨ ᠲᠦᠮᠡᠨ ᠳᠤ ᠪᠤᠳᠠᠳᠤ ᠶᠠᠪᠤᠳᠠᠯ ᠪᠡᠶᠡᠯᠡᠬᠦᠯᠵᠦ ᠦᠭᠬᠦ ᠠᠵᠢᠯᠯᠠᠭᠠᠨ ᠦᠷᠨᠢᠬᠦᠯᠦᠨ ᠠᠵᠦ ᠠᠬᠤᠢᠢᠯᠠᠯ᠂ ᠤᠯᠠᠨ ᠲᠦᠮᠡᠨ ᠳᠤ ᠶᠠᠰᠤ ᠴᠢᠨᠠᠷ ᠤᠨ ᠪᠤᠳᠠᠳᠤ ᠠᠵᠢᠯ ᠢ ᠬᠢᠵᠦ ᠦᠭᠬᠦᠨ᠎ᠡ︾ ᠭᠡᠵᠦ ᠠᠶᠢᠮᠠᠭ ᠤᠨ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶᠠᠨ ᠤ ᠪᠦᠳᠦᠭᠡᠭᠳᠡᠬᠦᠨ ᠤ ᠶᠠᠰᠤ ᠴᠢᠨᠠᠷ ᠤᠨ ᠰᠠᠯᠠᠭᠠᠨ ᠲᠠᠷᠤᠭ᠎ᠠ ᠳ᠋ᠤᠸᠠᠨ ᠸᠧᠨ ᠰᠢᠤᠸᠠᠨ ᠶᠠᠷᠢᠵᠦ ᠪᠠᠶᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号