ᠪᠥᠬᠦ ᠣᠷᠣᠨ ᠤ ᠰᠢᠤᠳᠠᠨ ᠤ ᠬᠠᠮᠢᠶᠠᠷᠤᠯᠲᠠ ᠶᠢᠨ ᠰᠢᠰᠲ᠋ᠧᠮ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/9/8
      ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ︽2021 ᠣᠨ ᠤ ᠪᠥᠬᠦ ᠣᠷᠣᠨ ᠤ ᠰᠢᠤᠳᠠᠨ ᠤ ᠬᠠᠮᠢᠶᠠᠷᠤᠯᠲᠠ ᠶᠢᠨ ᠰᠢᠰᠲ᠋ᠧᠮ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠠᠵᠢᠯ ᠤᠨ ᠭᠤᠤᠯᠳᠠᠯᠭ᠎ᠠ︾ ᠶᠢ ᠲᠣᠭᠲᠠᠭᠠᠨ ᠳᠠᠷᠤᠮᠠᠯᠯᠠᠨ ᠲᠠᠷᠬᠠᠭᠠᠪᠠ᠃       ᠠᠵᠢᠯ ᠤᠨ ᠭᠤᠤᠯᠳᠠᠯᠭ᠎ᠠ ᠳᠤ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂   ︽ᠠᠷᠪᠠᠨ ᠳᠥᠷᠪᠡᠳᠦᠭᠡᠷ ᠲᠠᠪᠤᠨ ᠵᠢᠯ︾ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠶ᠋ᠯᠡᠰ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠬᠦ ᠶᠢ ᠴᠢᠨᠠᠷ ᠰᠠᠶᠢᠲᠠᠶ ᠪᠡᠶᠡᠯᠡᠭᠦᠯᠵᠦ᠂ ᠠᠵᠢᠯ ᠲᠥᠷᠥᠯ ᠤᠨ ᠲᠥᠯᠥᠪᠵᠢᠭᠦᠯᠭᠡ ᠬᠢᠭᠡᠳ ᠣᠷᠣᠨ ᠨᠤᠲᠤᠭ ᠤᠨ ᠲᠥᠯᠥᠪᠵᠢᠭᠦᠯᠭᠡ ᠶᠢᠨ ᠵᠣᠯᠭᠠᠯᠴᠠᠭ᠎ᠠ ᠶᠢ ᠴᠢᠩᠭᠠᠳᠬᠠᠨ᠂ ᠲᠥᠯᠥᠪᠵᠢᠭᠦᠯᠭᠡ ᠶᠢ ᠤᠬᠠᠭᠤᠯᠤᠨ ᠲᠤᠭᠤᠰᠢᠯᠠᠭᠤᠯᠬᠤ ᠶᠢ ᠢᠳᠡᠪᠬᠢᠲᠡᠶ ᠠᠬᠢᠭᠤᠯᠤᠨ᠎ᠠ︔ ᠲᠥᠷᠥ ᠶᠢᠨ ᠪᠣᠳᠣᠯᠭ᠎ᠠ ᠶᠢᠨ ᠠᠵᠢᠯ ᠢ ᠰᠠᠶᠢᠲᠤᠷ ᠠᠳᠬᠤᠬᠤ ᠶᠢ ᠴᠢᠩᠭᠠᠳᠬᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠭᠠᠰᠢᠬᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠮᠬᠢᠯᠡᠨ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠳᠠᠩᠰᠠᠯᠠᠬᠤ ᠶᠢ ᠴᠢᠩᠭᠠᠳᠬᠠᠨ᠎ᠠ︔ ᠬᠠᠤᠯᠢ ᠪᠠᠷ ᠵᠠᠰᠠᠬᠤ ᠰᠢᠦᠳᠠᠨ ᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠤᠯᠢᠵᠢᠯ ᠤᠨ ᠰᠢᠦᠳᠠᠨ ᠤ ᠪᠠᠶᠢᠭᠤᠯᠤᠯᠲᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠠᠵᠢᠯ ᠲᠦᠷᠦᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠤᠨ ᠲᠤᠭᠤᠰᠢᠯᠠᠭᠤᠯᠵᠤ᠂ ᠠᠵᠢᠯ ᠲᠦᠷᠦᠯ ᠤᠨ ᠳᠣᠲᠣᠭᠠᠳᠤ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢᠵᠢᠯ ᠤᠨ ᠬᠥᠮᠦᠵᠢᠯ ᠪᠣᠯᠪᠠᠰᠤᠷᠠᠯ ᠢ ᠰᠠᠶᠢᠲᠤᠷ ᠬᠢᠬᠦ ᠶᠢᠨ ᠬᠠᠮᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠦᠷᠭᠦᠯᠵᠢᠯᠡᠨ ᠰᠠᠶᠢᠲᠤᠷ ᠠᠳᠬᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠡᠷᠡᠭ ᠤᠨ ᠡᠪᠬᠡᠮᠡᠯ ᠢ ᠦᠨᠡᠯᠡᠨ ᠶᠠᠷᠢᠯᠴᠠᠬᠤ ᠠᠵᠢᠯ ᠢ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠲᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠷᠢᠮᠵᠢᠶ᠎ᠠ ᠶᠢᠨ ᠠᠵᠢᠯ ᠢ ᠰᠠᠶᠢᠲᠤᠷ ᠬᠢᠵᠦ᠂ ᠰᠢᠨ᠎ᠡ ᠨᠡᠶᠢᠲᠡᠯᠡᠭᠰᠡᠨ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ᠂ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠱᠠᠯᠠᠪᠳᠠᠭᠤᠯᠵᠤ ᠪᠠᠶᠢᠭᠠᠳ ᠬᠠᠮᠢᠶ᠎ᠠ ᠪᠥᠬᠦᠶ ᠪᠠᠷᠢᠮᠵᠢᠶ᠎ᠠ ᠶᠢᠨ ᠰᠤᠷᠤᠯᠴᠠᠯᠭ᠎ᠠ ᠪᠣᠯᠪᠠᠰᠤᠷᠠᠯ ᠢ ᠥᠷᠨᠢᠭᠦᠯᠬᠦ ᠵᠡᠷᠭᠡ ᠠᠭᠤᠯᠭ᠎ᠠ ᠶᠢ ᠪᠠᠭᠳᠠᠭᠠᠪᠠ᠃       2021 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠬᠤ ᠪᠥᠭᠡᠳ ᠪᠠᠰᠠ ᠴᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂ ᠪᠥᠬᠦ ᠣᠷᠣᠨ ᠤ ᠰᠢᠤᠳᠠᠨ ᠤ ᠬᠠᠮᠢᠶᠠᠷᠤᠯᠲᠠ ᠶᠢᠨ ᠰᠢᠰᠲ᠋ᠧᠮ ᠨᠢ ︽2021 ᠣᠨ ᠤ ᠪᠥᠬᠦ ᠣᠷᠣᠨ ᠤ ᠰᠢᠤᠳᠠᠨ ᠤ ᠬᠠᠮᠢᠶᠠᠷᠤᠯᠲᠠ ᠶᠢᠨ ᠰᠢᠰᠲ᠋ᠧᠮ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠠᠵᠢᠯ ᠤᠨ ᠭᠤᠤᠯᠳᠠᠯᠭ᠎ᠠ︾ ᠶᠢᠨ ᠱᠠᠭᠠᠷᠳᠠᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠤᠳᠠᠨ ᠤ ᠦᠢᠯᠡᠰ ᠤᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠪᠥᠬᠦ ᠲᠠᠯ᠎ᠠ ᠪᠠᠷ ᠠᠬᠢᠭᠤᠯᠤᠨ᠂ ᠬᠠᠤᠯᠢᠵᠢᠯ ᠤᠨ ᠰᠢᠤᠳᠠᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠲᠥᠷᠥᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠲᠠᠰᠤᠷᠠᠯᠲᠠ ᠥᠬᠡᠶ ᠠᠬᠢᠭᠤᠯᠬᠤ ᠪᠣᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号