ᠮᠤᠷᠢᠨ ᠬᠤᠭᠤᠷ ᠢ ᠤᠯᠠᠮᠵᠢᠯᠠᠨ ᠳᠡᠯᠬᠡᠷᠡᠬᠦᠯᠵᠦ ᠶᠠᠪᠤᠭ᠎ᠠ ᠬᠤᠷᠴᠠ
ᠨᠡᠶᠢᠲᠡᠯᠡᠭᠰᠡᠨ ᠴᠠᠭ᠄
2021/9/8
     ᠲᠦᠷᠦᠭᠦᠬᠡᠨ ᠸᠢᠴᠠᠲ ᠬᠤᠯᠪᠤᠭ᠎ᠠ ᠪᠠᠷ ︽ᠮᠣᠷᠢᠨ ᠬᠤᠭᠤᠷ ᠰᠤᠷᠬᠤ ᠰᠠᠨᠠᠭ᠎ᠠ ᠲᠠᠢ ᠬᠥᠮᠦᠰ ᠲᠤ ᠮᠤᠷᠢᠨ ᠬᠤᠭᠤᠷ ᠤᠨ ᠮᠡᠷᠬᠡᠵᠢᠯ ᠵᠢᠭᠠᠨ᠎ᠠ᠃ ᠦᠨᠳᠦᠰᠦᠲᠡᠨ ᠤ ᠢᠯᠭᠠᠯ ᠥᠬᠡᠶ᠂ ᠨᠠᠰᠤᠨ ᠤ ᠬᠢᠵᠠᠭᠠᠷ ᠥᠬᠡᠶ᠂ ᠪᠦᠷ ᠨᠡᠷ᠎ᠡ ᠮᠡᠳᠡᠭᠦᠯᠵᠦ ᠰᠤᠷᠤᠯᠴᠠᠵᠤ ᠪᠣᠯᠤᠨ᠎ᠠ︾ ᠭᠡᠬᠦ ᠮᠡᠳᠡᠭᠡ ᠲᠠᠮᠵᠢᠬᠳᠠᠵᠤ ᠪᠠᠶᠢᠯ᠎ᠠ᠃ ᠡᠨᠡ ᠨᠢ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤᠨ ᠳᠤ ᠨᠤᠳᠤᠭ ᠲᠠᠢ ᠵᠠᠯᠠᠭᠤ ᠮᠤᠷᠢᠨ ᠬᠤᠭᠤᠷᠴᠢᠨ ᠬᠤᠷᠴᠠ ᠶᠢᠨ ᠢᠯᠡᠭᠡᠭᠰᠡᠨ ᠵᠠᠩᠬᠢ ᠪᠠᠶᠢᠵᠡᠢ᠃      ᠨᠢᠳᠤᠨᠤᠨ ᠶᠡᠭᠡ ᠰᠤᠷᠭᠠᠭᠤᠯᠢ ᠪᠠᠨ ᠲᠠᠭᠦᠰᠦᠭᠰᠡᠨ ᠲᠡᠷᠡᠪᠡᠷ ᠰᠢᠨ᠎ᠠ ᠶᠢ ᠡᠬᠦᠳᠬᠦ ᠬᠡᠯᠪᠡᠷᠢ ᠪᠠᠷ ᠦᠪᠡᠷ ᠤᠨ ᠲᠤᠷᠠᠳᠠᠢ ᠤᠢᠢᠯᠡᠰ ᠢᠶᠠᠨ ᠡᠷᠬᠢᠯᠡᠨ᠂ ᠶᠡᠭᠡ ᠰᠤᠷᠭᠠᠭᠤᠯᠢ ᠳᠤ ᠰᠤᠷᠤᠬᠰᠠᠨ ᠮᠤᠷᠢᠨ ᠬᠤᠭᠤᠷ ᠤᠨ ᠲᠤᠰᠬᠠᠢ ᠮᠡᠷᠭᠡᠵᠢᠯ ᠢᠶᠠᠨ ᠨᠡᠶᠢᠬᠡᠮ ᠨᠡᠶᠢᠳᠡ ᠶᠢᠨ ᠰᠤᠷᠬᠤ ᠪᠠᠬ᠎ᠠ ᠲᠠᠢ ᠬᠦᠮᠦᠰ ᠲᠤ ᠵᠢᠭᠠᠵᠤ ᠦᠭᠬᠦ ᠪᠠᠷ ᠰᠢᠢᠳᠦᠭᠰᠡᠨ ᠨᠢ ᠡᠨᠡ ᠪᠠᠶᠢᠵᠡᠢ᠃ ︽ᠶᠡᠭᠡ ᠰᠤᠷᠭᠠᠭᠤᠯᠢ ᠳᠠᠭᠠᠨ ᠮᠤᠷᠢᠨ ᠬᠤᠭᠤᠷ ᠤᠨ ᠮᠡᠷᠭᠡᠵᠢᠯ ᠰᠤᠷᠤᠬᠰᠠᠨ ᠪᠤᠯᠬᠤᠷ᠂ ᠤᠯᠠᠨ ᠬᠦᠮᠦᠨ ᠨᠠᠳᠠ ᠠᠴᠠ ᠮᠤᠷᠢᠨ ᠬᠤᠭᠤᠷ ᠰᠤᠷᠬᠤ ᠲᠤᠬᠠᠢ ᠪᠤᠳᠤᠯ ᠢᠶᠠᠨ ᠶᠠᠷᠢᠬᠰᠠᠨ᠃ ᠲᠡᠶᠢᠮᠦ ᠪᠠᠷ ᠢᠶᠠᠨ ᠪᠢ ᠡᠨᠡᠬᠦ ᠠᠵᠢᠯ ᠤᠨ ᠦᠷᠦᠬᠡ ᠪᠠᠨ ᠨᠡᠭᠡᠭᠡᠵᠤ᠂ ᠨᠡᠩ ᠤᠯᠠᠨ ᠬᠦᠮᠦᠰ ᠲᠤ ᠮᠤᠷᠢᠨ ᠬᠤᠭᠤᠷ ᠤᠨ ᠮᠡᠷᠭᠡᠵᠢᠯ ᠢ ᠵᠢᠭᠠᠵᠤ ᠦᠭᠬᠦ ᠪᠠᠷ ᠪᠤᠯᠤᠬᠰᠠᠨ ᠶᠤᠮ᠂ ᠬᠠᠷᠢᠨ ᠬᠦᠮᠦᠰ ᠤᠨ ᠠᠵᠢᠯᠯᠠᠵᠤ ᠠᠮᠢᠳᠤᠷᠠᠬᠤ ᠴᠠᠭ ᠤᠨ ᠲᠤᠬᠢᠷᠠᠭᠤᠯᠭ᠎ᠠ ᠶᠢᠨ ᠲᠠᠯ᠎ᠠ ᠪᠠᠷ ᠠᠳᠠᠯᠢ ᠪᠤᠰᠤ ᠪᠠᠶᠢᠭ᠎ᠠ ᠪᠠᠶᠢᠳᠠᠯ ᠳᠤ ᠴᠢᠭᠯᠡᠬᠦᠯᠦᠨ ᠬᠤᠶᠠᠷ ᠬᠡᠯᠪᠡᠷᠢ ᠶᠢᠨ ᠵᠢᠭᠠᠨ ᠰᠤᠷᠭᠠᠯᠳᠠ ᠶᠢᠨ ᠵᠠᠬᠪᠤᠷ ᠢ ᠠᠪᠴᠤ᠂ ᠨᠢᠭᠡ ᠨᠢ᠂ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ᠂ ᠡᠨᠡ ᠨᠢ ᠭᠤᠤᠯᠳᠠᠭᠤ ᠲᠤᠬᠠᠶ ᠶᠢᠨ ᠭᠠᠵᠠᠷ ᠤᠷᠤᠨ ᠬᠦᠮᠦᠰ ᠪᠠ ᠲᠤᠰᠬᠠᠶ ᠮᠡᠷᠭᠡᠵᠢᠯ ᠤᠨ ᠬᠦᠮᠦᠰ ᠲᠤ ᠵᠢᠭᠠᠨ᠎ᠠ᠂ ᠨᠦᠭᠦᠭᠡ ᠨᠢ᠂ ᠰᠦᠯᠵᠢᠶᠡᠨ ᠤ ᠵᠢᠭᠠᠨ ᠰᠤᠷᠭᠠᠯᠲᠠ᠂ ᠡᠨᠡ ᠨᠢ ᠠᠵᠢᠯ ᠤᠨ ᠬᠠᠷᠠᠭ᠎ᠠ ᠠᠴᠠ ᠪᠤᠯᠵᠤ ᠳᠤᠬᠠᠢ ᠶᠢᠨ ᠳᠠᠯᠠᠪᠠᠢ ᠳᠤ ᠢᠷᠡᠵᠦ ᠰᠤᠷᠤᠯᠴᠠᠵᠦ ᠳᠡᠶᠢᠯᠬᠦ ᠦᠬᠡᠢ ᠬᠦᠮᠦᠰ ᠪᠤᠶᠤ ᠭᠠᠳᠠᠨ᠎ᠠ ᠣᠷᠣᠨ ᠤ ᠠᠵᠢᠯ ᠤᠨ ᠴᠢᠯᠥᠭᠡᠨ ᠤ ᠮᠤᠷᠢᠨ ᠬᠤᠭᠤᠷ ᠲᠤ ᠪᠠᠭ᠋ᠠᠲᠠᠶ ᠬᠥᠮᠦᠰ ᠲᠤ ᠵᠤᠷᠢᠭᠤᠯᠤᠬᠰᠠᠨ ᠬᠢᠴᠢᠶᠠᠯ ᠶᠤᠮ︾ ᠭᠡᠵᠤ ᠬᠤᠷᠴᠠ ᠶᠠᠷᠢᠨ᠎ᠠ᠃      ᠬᠤᠷᠴᠠ ᠶᠡᠭᠡ ᠰᠤᠷᠭᠠᠭᠤᠯᠢ ᠳᠤ ᠰᠤᠷᠤᠯᠴᠠᠵᠦ ᠪᠠᠶᠢᠬᠤ ᠦᠶ᠎ᠠ ᠳᠡᠭᠡᠨ ᠮᠤᠷᠢᠨ ᠬᠤᠭᠤᠷ ᠤᠨ ᠳᠠᠯ᠎ᠠ ᠪᠠᠷ ᠠᠪᠢᠶᠠᠰ ᠲᠠᠢ᠂ ᠰᠢᠯᠢᠳᠡᠭ ᠬᠢᠷᠢ ᠪᠦᠳᠦᠮᠵᠢ ᠲᠠᠢ ᠪᠠᠶᠢᠬᠰᠠᠨ ᠪᠦᠬᠡᠳ ᠨᠡᠶᠢᠬᠡᠮ ᠤᠨ ᠤᠢᠢᠯᠡᠳᠦᠯᠭᠡ ᠢᠶᠠᠷ ᠲᠠᠮᠵᠢᠨ ᠳᠠᠰᠤᠷᠠᠯᠳᠠ ᠦᠬᠡᠢ ᠮᠡᠷᠬᠡᠵᠢᠯ ᠢᠶᠠᠨ ᠳᠡᠭᠡᠭᠰᠢᠯᠡᠬᠦᠯᠦᠭᠰᠡᠨ ᠢᠶᠠᠷ ᠮᠠᠰᠢ ᠤᠯᠠᠨ ᠢᠷᠠᠭᠤ ᠠᠯᠳᠠᠷ ᠱᠠᠩᠨᠠᠯ ᠬᠦᠬᠢᠬᠦᠯᠦᠯ ᠢ ᠤᠯᠤᠬᠰᠠᠨ ᠪᠠᠶᠢᠵᠡᠢ᠃ ᠲᠡᠷᠡᠪᠡᠷ 2013 ᠣᠨ ᠳᠤ ᠦᠪᠦᠷ ᠮᠤᠩᠭᠤᠯ ᠤᠨ ᠳᠠᠳᠮ᠎ᠠ ᠤᠷᠠᠯᠢᠭ ᠤᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠳᠠᠭᠤᠤ ᠬᠥᠭᠵᠢᠮ ᠤᠨ ᠲᠤᠰᠬᠠᠶ ᠮᠡᠷᠭᠡᠵᠢᠯ ᠢ ᠰᠤᠷᠤᠯᠴᠠᠨ᠂ 2016 ᠣᠨ ᠳᠤ ᠦᠪᠦᠷ ᠮᠤᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠳᠤ ᠰᠢᠯᠭᠠᠬᠳᠠᠨ ᠣᠷᠣᠵᠤ᠂ ᠳᠠᠭᠤᠤ ᠬᠥᠭᠵᠢᠮ ᠤᠨ ᠲᠤᠰᠬᠠᠶ ᠮᠡᠷᠭᠡᠵᠢᠯ ᠢᠶᠠᠷ ᠮᠣᠷᠢᠨ ᠬᠤᠭᠤᠷ ᠰᠤᠷᠴᠡᠢ᠃ ᠡᠨᠡ ᠬᠦ ᠬᠤᠭᠤᠴᠠᠭᠠᠨ ᠳᠤ ᠬᠥᠬᠡᠬᠤᠲᠠ ᠶᠢᠨ ᠶᠢᠰᠦᠳᠦᠭᠡᠷ ᠬᠤᠭᠤᠴᠠᠭᠠᠨ ᠤ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠰᠤᠷᠤᠭᠴᠢᠳ ᠤᠨ ᠤᠷ᠎ᠠ ᠮᠡᠷᠭᠡᠵᠢᠯ ᠤᠨ ᠤᠷᠤᠯᠳᠤᠭᠠᠨ ᠳᠤ ᠰᠣᠶᠣᠯ ᠤᠷᠠᠯᠢᠭ ᠤᠨ ᠲᠤᠰᠬᠠᠶ ᠮᠡᠷᠭᠡᠵᠢᠯ ᠤᠨ ᠲᠥᠷᠥᠯ ᠤᠨ ᠰᠣᠷᠣᠭᠴᠢ ᠶᠢᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠪᠠ ᠰᠣᠶᠣᠯ ᠤᠷᠠᠯᠢᠭ ᠤᠨ ᠲᠤᠰᠬᠠᠶ ᠮᠡᠷᠭᠡᠵᠢᠯ ᠤᠨ ᠦᠨᠳᠦᠰᠦᠲᠡᠨ ᠤ ᠬᠦᠭᠵᠢᠮ ᠤᠨ ᠲᠥᠷᠥᠯ ᠤᠨ ᠬᠤᠶᠠᠳᠤᠭᠠᠷ ᠳᠡᠰ ᠤᠨ ᠱᠠᠩᠨᠠᠯ᠂ ︽ᠰᠦᠨ ᠯᠢᠶᠠᠩ︾ ᠬᠤᠨᠳᠠᠭᠠᠲᠤ ᠨᠠᠢᠮᠠᠨ ᠮᠤᠵᠢ ᠣᠷᠣᠨ ᠤ ᠲᠠᠪᠤᠳᠤᠭᠠᠷ ᠬᠤᠭᠤᠴᠠᠭᠠᠨ ᠤ ᠮᠣᠩᠭᠤᠯ ᠦᠨᠳᠦᠰᠦᠳᠡᠨ ᠤ ᠳᠥᠷᠪᠡᠨ ᠤᠲᠠᠰᠤᠲᠤ ᠬᠤᠭᠤᠷ ᠤᠨ ᠲᠣᠭᠯᠠᠯᠲᠠ ᠶᠢᠨ ᠤᠷᠤᠯᠳᠤᠭᠠᠨ ᠤ ᠤᠳᠤ ᠦᠶ᠎ᠠ ᠶᠢᠨ ᠲᠤᠭᠤᠢᠢᠯᠠᠩ ᠤᠨ ᠨᠢᠭᠡᠳᠦᠭᠡᠷ ᠳᠡᠰ ᠤᠨ ᠱᠠᠩᠨᠠᠯ ᠵᠡᠷᠭᠡ ᠬᠦᠬᠢᠬᠦᠯᠦᠯ ᠢ ᠤᠯᠵᠤ᠂ ᠲᠤᠮᠤ ᠬᠡᠯᠪᠡᠷᠢ ᠶᠢᠨ ᠵᠣᠬᠢᠶᠠᠨ ᠪᠦᠲᠦᠭᠡᠭᠰᠡᠨ ᠳᠠᠭᠤᠯᠠᠯᠳᠤ ᠵᠦᠴᠦᠭᠡ ︽ᠬᠠᠶᠢᠷ᠎ᠠ ᠰᠢᠩᠭᠡᠭᠰᠡᠨ ᠲᠤᠤᠷᠠᠢ︾ ᠶᠢ ᠲᠣᠭᠯᠠᠬᠤ ᠳᠤ ᠤᠷᠤᠯᠴᠠᠭᠰᠠᠨ ᠪᠦᠬᠡᠳ ᠪᠤᠰᠤᠳ ᠣᠯᠠᠨ ᠵᠦᠢᠯ ᠤᠨ ᠶᠡᠭᠡ ᠪᠠᠭ᠎ᠠ ᠲᠣᠭᠯᠠᠯᠲᠠ ᠳᠤ ᠤᠷᠢᠳ ᠬᠤᠵᠢᠳ ᠬᠡᠳᠦᠨ ᠵᠠᠭᠤᠨ ᠤᠳᠠᠭ᠎ᠠ ᠣᠷᠣᠯᠴᠠᠵᠡᠶ᠃      ︽ᠪᠢ ᠪᠤᠯ ᠠᠵᠢᠯ ᠤᠨ ᠠᠮᠠᠷᠠᠯᠳᠠ ᠪᠠᠨ ᠠᠪᠤᠬᠰᠠᠨ ᠠᠷᠠᠳ ᠤᠨ ᠪᠠᠭᠰᠢ ᠪᠤᠯᠤᠨ᠎ᠠ᠂ ᠦᠳᠡᠯᠦᠬᠡ ᠨᠠᠰᠤ ᠪᠠᠨ ᠪᠠᠶᠠᠷ ᠵᠢᠷᠭᠠᠯ ᠲᠠᠢ ᠦᠡᠭᠭᠡᠷᠡᠬᠦᠯᠬᠦ ᠶᠢ ᠬᠦᠰᠡᠭᠰᠡᠨ ᠢᠶᠠᠷ ᠤᠳᠤ ᠮᠤᠷᠢᠨ ᠬᠤᠭᠤᠷ ᠰᠤᠷᠴᠤ ᠪᠠᠶᠢᠨ᠎ᠠ᠂ ᠤᠶᠤᠳᠠᠨ ᠬᠤᠷᠴᠠ ᠪᠢᠳᠡᠨ ᠳᠤ ᠡᠭᠦᠳᠡᠨ ᠭᠠᠳᠠᠨ᠎ᠠ ᠪᠠᠨ ᠰᠤᠷᠬᠤ ᠪᠤᠯᠤᠮᠵᠢ ᠶᠢ ᠬᠠᠨᠭ᠍ᠭᠠᠵᠤ ᠦᠭᠬᠦᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠮᠦᠨ ᠴᠤ ᠤᠷᠮ᠎ᠠ ᠲᠠᠢ ᠰᠤᠷᠴᠤ ᠪᠠᠶᠢᠨ᠎ᠠ︾ ᠭᠡᠮᠡᠨ ᠠᠯᠠᠱᠠ ᠪᠠᠷᠠᠭᠤᠨ ᠬᠤᠰᠢᠭᠤᠨ ᠤ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠠᠴᠠ ᠠᠵᠢᠯ ᠤᠨ ᠠᠮᠠᠷᠠᠯᠳᠠ ᠪᠠᠨ ᠠᠪᠤᠬᠰᠠᠨ ᠠᠬᠠᠮᠠᠳ ᠪᠠᠭᠰᠢ ᠪᠠᠳᠦᠰᠦ᠋ᠬᠡ ᠪᠠᠶᠠᠷᠳᠠᠶᠢᠬᠠᠨ ᠶᠠᠷᠢᠨ᠎ᠠ᠃ ᠪᠠᠳᠦᠰᠦ᠋ᠬᠡ ᠲᠠᠢ ᠠᠳᠠᠯᠢᠬᠠᠨ ᠮᠤᠷᠢᠨ ᠬᠤᠭᠤᠷ ᠲᠤ ᠪᠠᠭ᠋ᠠᠳᠠᠢ ᠬᠦᠮᠦᠰ ᠲᠤᠩ ᠠᠷᠪᠢᠨ ᠪᠠᠶᠢᠯ᠎ᠠ᠂ ᠲᠡᠳᠡᠨᠡᠷ ᠦᠪᠡᠷ ᠤᠨ ᠠᠵᠢᠯ ᠠᠮᠢᠳᠤᠷᠠᠯ ᠢᠶᠠᠨ ᠵᠤᠬᠢᠴᠠᠭᠤᠯᠤᠨ᠂ ᠬᠢᠴᠢᠶᠠᠯ ᠤᠷᠤᠬᠤ ᠴᠠᠭ ᠢᠶᠠᠨ ᠬᠤᠷᠴᠠ ᠲᠠᠢ ᠪᠤᠯᠵᠤᠵᠤ᠂ ᠲᠤᠩ ᠢᠳᠡᠪᠬᠢᠲᠠᠢ ᠰᠤᠷᠤᠯᠴᠠᠳᠠᠭ ᠪᠠᠶᠢᠨ᠎ᠠ᠃ ᠭᠠᠨᠰᠤ ᠮᠤᠵᠢ ᠶᠢᠨ ᠵᠢᠠᠴᠠᠩ ᠬᠤᠳᠠ ᠶᠢᠨ ᠰᠤᠶᠤᠯ ᠤᠷᠠᠯᠢᠭ ᠤᠨ 2 ᠠᠵᠢᠯᠳᠠᠨ ᠲᠤᠰᠬᠠᠢᠢᠯᠠᠨ ᠠᠯᠠᠱᠠ ᠪᠠᠷᠠᠭᠤᠨ ᠬᠤᠰᠢᠭᠤᠨ ᠳᠤ ᠬᠦᠷᠴᠦ ᠢᠷᠡᠭᠡᠳ ᠠᠷᠪᠠᠭᠠᠳ ᠬᠢᠴᠢᠶᠠᠯ ᠤᠷᠤᠵᠤ᠂ ᠤᠳᠤ ᠨᠤᠲ ᠦᠵᠡᠭᠡᠳ ᠦᠪᠡᠷ ᠲᠡᠭᠡᠨ ᠬᠤᠭᠤᠷᠳᠠᠵᠤ ᠴᠢᠳᠠᠬᠤ ᠪᠤᠯᠵᠡᠢ ᠃ ᠡᠶᠢᠨᠬᠦ‍ ᠨᠢᠭᠡ ᠵᠢᠯ ᠤᠨ ᠬᠤᠭᠤᠴᠠᠭᠠᠨ ᠳᠤ 30 ᠭᠠᠷᠤᠢ ᠬᠦᠮᠦᠨ ᠬᠤᠷᠴᠠ ᠠᠴᠠ ᠮᠤᠷᠢᠨ ᠬᠤᠭᠤᠷ ᠤᠨ ᠮᠡᠷᠭᠡᠵᠢᠯ ᠰᠤᠷᠴᠤ᠂ ᠵᠠᠷᠢᠮ ᠨᠢ ᠦᠪᠡᠷ ᠤᠨ ᠠᠵᠢᠯ ᠤᠨ ᠴᠢᠯᠦᠭᠡᠨ ᠤ ᠰᠤᠶᠤᠯ ᠤᠨ ᠠᠮᠢᠳᠤᠷᠠᠯ ᠢᠶᠠᠨ ᠪᠠᠶᠠᠯᠢᠬᠵᠢᠭᠤᠯᠵᠤ᠂ ᠵᠠᠷᠢᠮ ᠨᠢ ᠲᠤᠰᠬᠠᠢ ᠮᠡᠷᠭᠡᠵᠢᠯ ᠢᠶᠠᠨ ᠪᠠᠳᠤᠳᠬᠠᠬᠤ ᠬᠡᠵᠦ ᠴᠢᠷᠮᠠᠶᠢᠵᠦ ᠶᠠᠪᠤᠵᠠᠭᠠᠨ᠎ᠠ᠃ ᠬᠤᠷᠴᠠ ᠴᠤ ᠡᠨᠡᠬᠦ ᠤᠢᠢᠯᠡᠰ ᠢᠶᠠᠨ ᠨᠡᠩ ᠰᠠᠶᠢᠨ ᠡᠷᠬᠢᠯᠡᠬᠦ ᠶᠢᠨ ᠲᠤᠯᠠᠳᠠ ᠪᠤᠯᠪᠠᠰᠤᠷᠠᠯ ᠢᠶᠠᠨ ᠴᠢᠩᠭᠠᠳᠬᠠᠨ᠂ ᠨᠠᠩ ᠰᠠᠶᠢᠨ ᠬᠢᠷᠢ ᠲᠦᠪᠰᠢᠨ ᠢᠶᠠᠷ ᠤᠯᠠᠨ ᠲᠦᠮᠡᠨ ᠳᠤ ᠤᠢᠢᠯᠡᠴᠢᠯᠡᠬᠦ ᠪᠠᠷ ᠴᠢᠷᠮᠠᠶᠢᠵᠦ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠦ᠋‌‍ᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号