ᠳᠠᠶᠢᠴᠢᠨ ᠯᠢ ᠵᠥᠩ ᠽᠧᠩ ᠵᠢᠩ ᠢᠦᠶ ᠯᠢᠤᠢ ᠮᠠ ᠮᠠ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠬᠤᠩ ᠴᠢᠩ ᠬᠤᠸᠠ ᠲᠠᠢ ᠵᠦᠪᠳᠡᠯᠴᠡᠭᠡ ᠬᠢᠪᠠ
ᠨᠡᠶᠢᠲᠡᠯᠡᠭᠰᠡᠨ ᠴᠠᠭ᠄
2021/9/9
       9 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠦᠩ ᠽᠧᠩ ᠲᠤᠰ ᠪᠦᠷᠢ ᠵᠢᠩ ᠢᠦᠢ ᠯᠢᠤᠢ ᠮᠠ ᠮᠠ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠬᠤᠩ ᠴᠢᠩ ᠬᠤᠸᠠ ᠲᠠᠢ ᠶᠠᠷᠢᠯᠴᠠᠭ᠎ᠠ ᠦᠷᠨᠢᠬᠦᠯᠵᠦ ᠵᠦᠪᠳᠡᠯᠴᠡᠪᠡ᠃ ᠬᠤᠶᠠᠷ ᠲᠠᠯ᠎ᠠ ᠪᠠᠷ ᠢᠶᠠᠨ ᠠᠯᠠᠱᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠯᠠᠱᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠵᠤᠷᠢᠬᠰᠠᠨ ᠪᠠᠶᠢᠨ᠎ᠠ᠃
        ᠳᠠᠶᠢᠴᠢᠨ᠂ ᠬᠤᠩ ᠴᠢᠩ ᠬᠤᠸᠠ ᠨᠠᠷ ᠤᠨ ᠮᠠᠨ ᠤ ᠠᠶᠢᠮᠠᠭ ᠲᠤ ᠢᠷᠡᠵᠦ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠰᠢᠨᠵᠢᠯᠡᠨ ᠪᠠᠶᠢᠴᠠᠭᠠᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠲᠡᠳᠡᠨ ᠳᠤ ᠠᠯᠠᠱᠠ ᠶᠢᠨ ᠭᠠᠵᠠᠷ ᠣᠷᠣᠨ ᠤ ᠣᠨᠴᠠᠯᠢᠭ᠂ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠢᠰᠲ᠋ᠧᠮ ᠵᠢᠴᠢ ᠢᠷᠡᠭᠡᠳᠦᠶ ᠶᠢᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠣᠷᠴᠢᠮ ᠤᠨ ᠵᠢᠯ ᠠᠴᠠ᠂ ᠠᠯᠠᠱᠠ ᠠᠶᠢᠮᠠᠭ ᠮᠠᠨ ᠤ ᠤᠯᠤᠰ ᠤᠨ ᠪᠠᠷᠠᠭᠤᠨ ᠣᠷᠣᠨ ᠤ ᠵᠠᠩ ᠦᠢᠯᠡ ᠶᠢᠨ ᠵᠢᠭᠤᠯᠴᠢᠯᠠᠯ ᠤᠨ ᠣᠷᠣᠨ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠤᠯᠤᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠤᠳᠤᠷᠢᠳᠤᠮᠵᠢ ᠪᠣᠯᠭᠠᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠢᠯ ᠳᠠᠷᠠᠭᠠᠯᠠᠨ ᠨᠡᠮᠡᠭᠳᠡᠨ᠂ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠬᠡᠬᠡᠷᠡᠯᠡᠨ ᠠᠶᠠᠯᠠᠬᠤ e ᠠᠩᠬᠢ ᠶᠢᠨ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠪᠠᠳᠠᠶ ᠶᠢᠨ ᠵᠢᠷᠠᠨ ᠡᠯᠡᠰᠦ ᠮᠠᠩᠬᠠᠨ ᠤ ᠰᠣᠶᠣᠯ ᠵᠢᠭᠤᠯᠴᠢᠯᠠᠯ ᠤᠨ ᠨᠠᠶᠢᠷ᠂ ᠡᠵᠡᠨ᠎ᠡ ᠶᠢᠨ ᠲᠤᠤᠷᠠᠢ ᠶᠢᠨ ᠤᠢ ᠶᠢᠨ ᠰᠣᠶᠣᠯ ᠵᠢᠭᠤᠯᠴᠢᠯᠠᠯ ᠤᠨ ᠨᠠᠶᠢᠷ ᠵᠡᠷᠭᠡ ᠪᠠᠷ ᠲᠥᠯᠥᠭᠡᠯᠡᠭᠦᠯᠦᠭᠰᠡᠨ ᠨᠠᠶᠢᠷ ᠨᠠᠭᠠᠳᠤᠮ ᠨᠢ ᠪᠦᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ ᠤᠨ ᠰᠤᠨᠢᠷᠬᠠᠯ ᠢ ᠶᠡᠬᠡᠳᠠ ᠲᠠᠳᠠᠵᠦ᠂   ︽ᠬᠠᠨ ᠲᠩᠷᠢ ᠠᠯᠠᠱᠠ︾ ᠰᠣᠶᠣᠯ ᠵᠢᠭᠤᠯᠴᠢᠯᠠᠯ ᠤᠨ ᠦᠢᠯᠡᠰ ᠤᠨ ᠨᠡᠷ᠎ᠠ ᠨᠦᠯᠦᠬᠡ ᠲᠠᠰᠤᠷᠠᠯᠳᠠ ᠦᠬᠡᠢ ᠨᠡᠮᠡᠭᠳᠡᠵᠠᠢ᠃ ᠲᠠᠷᠠᠭᠠᠴᠢ ᠶᠢᠨ ᠠᠯᠬᠤᠮ ᠳᠤ᠂ ᠮᠠᠨ ᠤ ᠠᠶᠢᠮᠠᠭ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠤ ᠠᠰᠢᠭ ᠬᠦᠷᠲᠡᠭᠡᠬᠦ ᠪᠠᠷ ᠬᠠᠷᠠᠯᠲᠠ ᠪᠣᠯᠭᠠᠨ᠂ ᠰᠣᠶᠣᠯ ᠵᠢᠭᠤᠯᠴᠢᠯᠠᠯ ᠤᠨ ᠲᠥᠷᠥᠯ ᠵᠦᠢᠯ ᠢᠶᠠᠷ ᠭᠠᠷᠳᠠᠴᠠ ᠪᠣᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠶᠢᠨ ᠠᠯᠬᠤᠭ᠎ᠠ ᠶᠢ ᠲᠦᠷᠭᠡᠳᠬᠡᠨ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠤᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠳᠬᠠᠵᠦ᠂ ᠰᠢᠨ᠎ᠡ ᠪᠠᠷ ᠮᠠᠨᠳᠤᠭᠰᠠᠨ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠶ ᠰᠦᠪᠡᠭᠴᠢᠯᠠᠨ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠠᠵᠢᠯ ᠢ ᠠᠮᠢᠳᠤᠯᠢᠭ ᠢᠶᠠᠷ ᠦᠷᠨᠢᠬᠦᠯᠦᠨ᠎ᠠ᠃ ᠵᠢᠩ ᠢᠦᠶ ᠯᠢᠤᠢ ᠮᠠ ᠮᠠ ᠪᠦᠯᠦᠭᠯᠡᠯ ᠵᠡᠷᠭᠡ ᠠᠵᠤ ᠠᠬᠤᠶᠢᠯᠠᠯ ᠤᠨ ᠡᠯᠪᠡᠭ ᠪᠠᠶᠠᠯᠢᠭ ᠲᠤᠷᠰᠢᠯᠭ᠎ᠠ ᠪᠣᠯᠤᠨ ᠠᠰᠢᠭᠲᠠᠶ ᠨᠥᠬᠦᠴᠡᠯ ᠢ ᠠᠰᠢᠭᠯᠠᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠠᠮᠲᠤᠷᠠᠯᠴᠠᠭᠠᠨ ᠤ ᠲᠠᠨᠢᠯᠲᠠ ᠲᠠᠢ ᠪᠣᠯᠵᠣ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠬ ᠲᠠᠢ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠠᠯᠠᠱᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠬᠠᠮᠲᠤ ᠪᠠᠷ ᠡᠭᠦᠳᠬᠦ ᠶᠢ ᠬᠦᠰᠡᠵᠦ ᠪᠠᠶᠢᠨ᠎ᠠ ᠬᠡᠪᠡ᠃
       ᠯᠢ ᠵᠥᠩ ᠽᠧᠩ᠂ ᠠᠯᠠᠱᠠ ᠠᠶᠢᠮᠠᠭ ᠨᠢᠭᠡᠨᠲᠡ ᠵᠢᠭᠤᠯᠴᠢᠯᠠᠯ ᠤᠨ IP ᠰᠢᠰᠲ᠋ᠧᠮ ᠢ ᠪᠦᠷᠢᠯᠳᠦᠭᠦᠯᠵᠦ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠ ᠴᠢᠬᠤᠯᠠ ᠦᠵᠡᠮᠵᠢ ᠶᠢᠨ ᠣᠷᠣᠨ ᠳᠤ ᠮᠠᠰᠢ ᠴᠢᠩᠭ᠎ᠠ ᠨᠠᠷᠠᠲᠤ ᠲᠡᠮᠳᠡᠭ ᠤᠨ ᠦᠢᠯᠡᠳᠦᠯ ᠪᠠ ᠨᠥᠯᠥᠭᠡᠯᠡᠬᠦ ᠬᠦᠴᠦᠨ ᠲᠠᠢ ᠪᠣᠯᠵᠣ᠂ ᠵᠠᠰᠠᠭ ᠤᠨ ᠣᠷᠳᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠪᠡᠯᠡ ᠣᠷᠣᠭᠤᠯᠤᠯᠲᠠ ᠶᠢᠨ ᠡᠷᠴᠢᠮ ᠲᠠᠰᠤᠷᠠᠯᠲᠠ ᠥᠬᠡᠶ ᠨᠡᠮᠡᠭᠳᠡᠨ᠂ ᠠᠯᠠᠱᠠ ᠶᠢᠨ ᠨᠠᠷᠠᠲᠤ ᠵᠢᠭᠤᠯᠴᠢᠯᠠᠯ ᠤᠨ ᠬᠠᠷᠠᠯᠳᠠᠲᠦ ᠤᠷᠤᠨ ᠢ ᠴᠢᠷᠮᠠᠶᠢᠨ ᠴᠣᠭᠴᠠᠯᠠᠬᠤ ᠦᠷ᠎ᠡ ᠪᠦᠲᠦᠮᠵᠢ ᠨᠢᠭᠡᠨᠲᠡ ᠲᠤᠪᠤᠶᠢᠮ᠎ᠠ ᠪᠤᠯᠵᠦ᠂ ᠰᠣᠶᠣᠯ ᠵᠢᠭᠤᠯᠴᠢᠯᠠᠯ ᠤᠨ ᠬᠠᠮᠢᠶ᠎ᠠ ᠪᠥᠬᠦᠶ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠶ ᠯᠤᠲᠤ ᠶᠡᠭᠡ ᠪᠠᠶᠢᠨ᠎ᠠ᠃ ᠢᠷᠡᠭᠡᠳᠦᠶ ᠳᠤ᠂ ᠠᠯᠠᠱᠠ ︽ᠣᠯᠠᠨ ᠤᠯᠤᠰ ᠤᠨ ᠨᠠᠷᠠᠲᠤ ᠵᠢᠭᠤᠯᠴᠢᠯᠠᠯ ᠤᠨ ᠬᠠᠷᠠᠯᠳᠠᠲᠦ ᠤᠷᠤᠨ᠂ ᠳᠤᠮᠳᠠᠳᠤ ᠤᠯᠤᠰ ᠤᠨ ᠵᠢᠭᠤᠯᠴᠢᠯᠠᠯ ᠤᠨ ᠡᠷᠭᠡᠪᠰᠢ ᠵᠣᠷᠢᠬᠤ ᠭᠠᠵᠠᠷ᠂ ᠳᠡᠯᠡᠬᠡᠶ ᠶᠢᠨ ᠲᠠᠰ ᠤᠨ ᠵᠢᠭᠤᠯᠴᠢᠯᠠᠯ ᠤᠨ ᠰᠡᠭᠦᠳᠡᠷᠯᠡᠨ ᠰᠢᠩᠭᠡᠭᠡᠭᠦ ᠰᠠᠭᠤᠷᠢᠨ᠂ ᠳᠡᠭᠡᠳᠦ ᠲᠠᠰ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠡᠷᠭᠢᠯᠡᠬᠦ ᠭᠠᠵᠠᠷ᠂ ᠤᠨᠴᠠᠯᠢᠬᠳᠤ ᠠᠷᠠᠳ ᠤᠨ ᠰᠠᠭᠤᠴᠠ ᠶᠢᠨ ᠭᠠᠵᠠᠷ︾ ᠢ ᠴᠣᠭᠴᠠᠯᠠᠬᠤ ᠪᠠᠷ ᠬᠠᠷᠠᠯᠲᠠ ᠪᠣᠯᠭᠠᠵᠤ᠂ ᠦᠵᠡᠮᠵᠢ ᠶᠢᠨ ᠣᠷᠣᠨ ᠤ ᠪᠠᠯᠠ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠬᠦᠯᠦᠨ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠵᠠᠭᠪᠤᠷ ᠤᠨ ᠰᠢᠨ᠎ᠡ ᠶᠢ ᠡᠭᠦᠳᠴᠦ᠂ ᠳᠡᠭᠡᠳᠦ ᠲᠠᠰ ᠤᠨ ᠵᠢᠭᠤᠯᠴᠢᠯᠠᠯ ᠤᠨ ᠦᠶᠯᠡᠳᠬᠦᠨ ᠢ ᠨᠡᠭᠡᠭᠡᠨ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠪᠠ ᠲᠠᠰ ᠳᠡᠪᠰᠢᠬᠦ ᠶᠢ ᠲᠠᠰᠤᠷᠠᠯᠲᠠ ᠥᠬᠡᠶ ᠠᠬᠢᠭᠤᠯᠤᠨ᠂ ᠠᠯᠠᠱᠠ ᠶᠢᠨ ᠨᠥᠯᠥᠭᠡᠯᠡᠬᠦ ᠬᠦᠴᠦᠨ᠂ ᠲᠠᠲᠠᠬᠤ ᠬᠦᠴᠦᠨ ᠪᠠ ᠨᠡᠷ᠎ᠠ ᠠᠯᠳᠠᠷ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠤᠨ᠎ᠠ᠃ ᠡᠯ᠎ᠡ ᠠᠵᠤ ᠠᠬᠤᠶᠢᠯᠠᠯ ᠲᠠᠢ ᠨᠡᠩ ᠪᠦᠬᠦ ᠲᠠᠯ᠎ᠠ ᠶᠢᠨ᠂ ᠨᠡᠩ ᠭᠦᠨ ᠳᠠᠪᠬᠤᠷᠭ᠎ᠠ ᠶᠢᠨ᠂ ᠨᠡᠩ ᠥᠷᠭᠡᠨ ᠬᠦᠷᠢᠶᠡᠨ ᠤ ᠬᠠᠮᠲᠤᠷᠠᠯᠴᠠᠭ᠎ᠠ ᠥᠷᠨᠢᠭᠦᠯᠤᠨ᠎ᠠ᠃ ᠨᠡᠩ ᠶᠡᠭᠡ ᠪᠣᠳᠠᠲᠤ ᠬᠦᠴᠦᠨ ᠲᠠᠢ᠂ ᠦᠢᠯᠡᠰ ᠪᠤᠰᠬᠠᠬᠤ ᠣᠷᠭᠢᠯᠤᠮ᠎ᠠ ᠬᠠᠯᠠᠭᠤᠨ ᠰᠡᠳᠬᠢᠯᠭᠡ ᠲᠠᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯᠲᠠᠳ ᠬᠦᠴᠦ ᠪᠠᠨ ᠬᠠᠮᠲᠤᠳᠬᠠᠨ ᠠᠯᠠᠱᠠ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠠᠰᠢᠭᠯᠠᠵᠦ᠂ ᠠᠯᠠᠱᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠠᠮᠳᠤ ᠪᠠᠷ ᠬᠥᠭᠵᠢᠭᠦᠯᠬᠦ ᠶᠢ ᠬᠦᠰᠡᠵᠦ ᠪᠠᠶᠢᠨ᠎ᠠ ᠬᠡᠪᠡ᠃
     ᠬᠤᠩ ᠴᠢᠩ ᠬᠤᠸᠠ᠂ ᠠᠯᠠᠱᠠ ᠠᠶᠢᠮᠠᠭ ᠤᠨ ᠰᠣᠶᠣᠯ ᠤᠨ ᠰᠠᠭᠤᠷᠢ ᠵᠤᠵᠠᠭᠠᠨ᠂ ᠵᠢᠭᠤᠯᠴᠢᠯᠠᠯ ᠤᠨ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠢᠷᠡᠭᠡᠳᠦᠶ ᠭᠡᠭᠡᠨ ᠰᠠᠷᠠᠭᠤᠯ ᠶᠤᠮ᠃ ᠲᠠᠷᠠᠭᠠᠴᠢ ᠶᠢᠨ ᠠᠯᠬᠤᠮ ᠳᠤ ᠠᠯᠠᠱᠠ ᠠᠶᠢᠮᠠᠭ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠤᠨ᠂ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠶᠠᠷ ᠲᠠᠯ᠎ᠠ ᠶᠢᠨ ᠨᠢᠬᠡᠨᠳᠠ ᠲᠤᠭᠳᠠᠭᠰᠠᠨ ᠬᠠᠮᠲᠤᠷᠠᠯᠴᠠᠭᠠᠨ ᠤ ᠰᠠᠨᠠᠮᠵᠢ ᠳᠤ ᠠᠩᠬᠠᠷᠤᠯ ᠢᠶᠠᠨ ᠲᠥᠪᠯᠡᠷᠡᠭᠦᠯᠤᠨ᠂ ᠬᠥᠭᠵᠢᠯᠲᠡ ᠶᠢᠨ ᠲᠥᠯᠥᠪᠵᠢᠭᠦᠯᠭᠡ ᠪᠠ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠬᠢᠵᠦ᠂ ᠠᠯᠠᠱᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃      ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠶᠠᠨ ᠷᠦ᠋᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠴᠢᠨ ᠶᠠᠨ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠢ ᡁᠢ ᠭᠦᠸᠧ᠂ ᠠᠶᠢᠮᠠᠭ ᠤᠨ ᠳᠡᠳ᠋ ᠳᠠᠷᠤᠭ᠎ᠠ ᠯᠸᠢ ᠬᠠᠢ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号