ᠯᠦ ᠯᠢ ᠮᠢᠩ ᠠᠯᠠᠱᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠤᠨ  ︵ᠥᠷᠭᠡᠳᠬᠡᠭᠰᠡᠨ︶ ᠰᠤᠷᠤᠯᠴᠠᠯᠭ᠎ᠠ ᠶᠢ ᠡᠷᠬᠢᠯᠡᠨ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2021/9/9
     ᠤᠢᠢᠷ᠎ᠠ ᠶᠢᠨ ᠡᠳᠦᠷ᠂ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠬᠦᠯᠡᠭᠴᠢ ᠯᠦ ᠯᠢ ᠮᠢᠩ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠨᠠᠮ ᠤᠨ  ᠳᠤᠭᠤᠶᠢᠯᠠᠩ ᠤᠨ ︵ᠥᠷᠭᠡᠳᠬᠡᠭᠰᠡᠨ︶ ᠰᠤᠷᠤᠯᠴᠠᠯᠭ᠎ᠠ ᠶᠢ ᠡᠷᠬᠢᠯᠡᠨ ᠬᠤᠷᠠᠯᠳᠤᠭᠤᠯᠵᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ ᠭᠧ ᠮᠢᠩ᠂ ᠴᠧᠨ ᠵᠢᠶᠦ᠋ᠨ ᠯᠠᠶ᠂ ᠴᠧᠨ ᠰᠢᠤ ᠹᠠᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠡᠯ ᠠᠴᠠ᠂ ᠤᠯᠤᠰ ᠲᠦᠷᠦ ᠶᠢᠨ ᠦᠨᠳᠦᠷᠴᠡ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠶᠢ ᠤᠯᠤᠰ ᠲᠦᠷᠦ ᠶᠢᠨ ᠴᠢᠬᠤᠯᠠ ᠡᠭᠦᠷᠭᠡ ᠪᠠᠨ ᠪᠣᠯᠭᠠᠬᠤ ᠬᠡᠷᠡᠭᠳᠡᠢ᠃ ᠰᠢ ᠶᠢᠨ ᠫᠢᠡᠭ ᠤᠨ ᠰᠢᠷᠢᠰ ᠶᠠᠷᠢᠶᠠᠨ ᠳᠤ ᠳᠤᠷᠠᠳᠤᠭᠰᠠᠨ ᠠᠯᠢ ᠣᠯᠠᠨ ᠰᠢᠨ᠎ᠡ ᠦᠵᠡᠯᠲᠡ᠂ ᠰᠢᠨ᠎ᠡ ᠨᠤᠲᠠᠯᠠᠯᠲᠠ᠂ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠤᠢᠢᠯᠠᠭᠠᠨ ᠰᠤᠷᠤᠯᠴᠠᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠬᠡᠳᠬᠡᠬᠦ ᠬᠡᠷᠡᠭᠳᠡᠢ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠪᠠᠶᠢᠷᠢᠯᠠᠭᠤᠯᠤᠯᠲᠠ ᠪᠠ ᠴᠢᠬᠤᠯᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ  ᠳᠣᠣᠱᠯᠠᠭᠤᠯᠣᠨ ᠨᠠᠶᠢᠳᠠᠪᠤᠷᠢᠵᠢᠭᠤᠯᠵᠦ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ ᠪᠠᠨ ᠢᠳᠡᠪᠬᠢᠳᠡᠢ ᠭᠦᠢᠴᠡᠳᠬᠡᠬᠦ ᠬᠡᠷᠡᠭᠳᠡᠢ᠃ ᠨᠠᠮ ᠤᠨ ᠲᠥᠪ ᠬᠤᠷᠶ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠶ᠎ᠡ ᠪᠠ ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠢ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠵᠦ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠪᠠᠳᠤᠳᠬᠠᠬᠤ ᠬᠡᠷᠡᠭᠲᠡᠢ ᠬᠡᠵᠦ ᠱᠠᠭᠠᠷᠳᠠᠪᠠ᠃      ᠬᠤᠷᠠᠯ ᠳᠤ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠳᠤ ᠣᠷᠣᠨ ᠨᠤᠲᠤᠭ ᠲᠤ ᠰᠢᠨᠵᠢᠯᠡᠨ ᠪᠠᠶᠢᠴᠠᠭᠠᠬᠰᠠᠨ ᠪᠠ ᠲᠥᠪ ᠤᠨ ᠬᠤᠯᠪᠣᠭᠳᠠᠯ ᠪᠦᠬᠦᠢ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ᠂ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠵᠥᠪᠯᠡᠯ ᠤᠨ ᠡᠷᠬᠢᠯᠡᠭᠴᠢ ᠸᠠᠩ ᠬᠤᠢ ᠨᠥᠬᠦᠷ ᠠᠴᠠ ᠶᠡᠷᠦᠩᠬᠡᠢ ᠱᠦᠵᠢ ᠰᠢ ᠶᠢᠨ ᠫᠢᠩ ᠤᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠪᠠ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号