︽ᠪᠢ ᠪᠣᠯ ᠡᠪ ᠬᠠᠮᠲᠤ ᠨᠠᠮ ᠤᠨ ᠭᠡᠰᠢᠭᠦᠨ᠂ ᠪᠢ ᠴᠢᠮᠠᠶᠢ ᠬᠠᠪᠰᠤᠷᠤᠨ᠎ᠠ︾ ᠯᠸᠢ ᠹᠧᠩ ᠠᠴᠠ  ᠰᠤᠷᠤᠯᠴᠠᠵᠤ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠡᠬᠢᠯᠡᠯ᠎ᠠ
ᠨᠡᠶᠢᠲᠡᠯᠡᠭᠰᠡᠨ ᠴᠠᠭ᠄
2021/9/9
      9 ᠰᠠᠷ᠎ᠠ ᠶᠢᠨ 6 ᠤ ᠡᠳᠦᠷ᠂ ᠮᠠᠨ ᠤ ᠠᠶᠢᠮᠠᠭ ︽ᠪᠢ ᠪᠣᠯ ᠡᠪ ᠬᠠᠮᠲᠤ ᠨᠠᠮ ᠤᠨ ᠭᠡᠰᠢᠭᠦᠨ᠂ ᠪᠢ ᠴᠢᠮᠠᠶᠢ ᠬᠠᠪᠰᠤᠷᠤᠨ᠎ᠠ︾ ᠯᠸᠢ ᠹᠧᠩ ᠠᠴᠠ ᠰᠤᠷᠤᠯᠴᠠᠵᠤ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠡᠬᠢᠯᠡᠬᠦᠯᠵᠤ᠂ ᠵᠡᠮᠳᠡᠭᠴᠦᠳ ᠤᠨ ᠲᠤᠯᠭᠠᠮ᠎ᠠ ᠬᠥᠴᠢᠷᠳᠡᠯᠲᠠᠢ ᠠᠰᠠᠭᠤᠳᠠᠯ ᠢ  ᠰᠢᠢᠳᠪᠦᠷᠢᠯᠡᠵᠦ᠂ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠶᠢ ᠬᠠᠯᠠᠮᠵᠢᠯᠠᠨ ᠬᠠᠷᠠᠭᠠᠯᠵᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃     ᠠᠬᠤᠢ ᠲᠠᠯᠠᠪᠠᠶ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ︽ᠪᠢ ᠴᠢᠮ᠎ᠠ ᠶᠢ ᠬᠠᠪᠰᠤᠷᠤᠨ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠤᠯᠠᠭᠠᠨ ᠬᠠᠨᠵᠢᠶᠠᠷ ᠢ ᠪᠡᠯᠡᠭᠯᠡᠭᠰᠡᠨ ᠤ ᠬᠠᠮᠳᠤ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠸᠠᠩ ᠯᠢ ᠫᠢᠩ ᠰᠤᠷᠪᠤᠯᠵᠢᠯᠠᠬᠴᠢ ᠳᠤ᠄ ︽ᠪᠢᠳᠡ ᠡᠨᠡ ᠤᠳᠠᠭ᠎ᠠ ᠨᠡᠶᠢᠳᠡ 35 ᠡᠷᠤᠬᠡ ᠶᠠᠳᠠᠭᠤ ᠬᠦᠴᠢᠷᠳᠡᠯᠲᠡᠢ ᠵᠡᠮᠳᠡᠭᠴᠦᠳ ᠢ ᠰᠣᠩᠭᠤᠵᠤ᠂ ᠠᠶᠢᠮᠠᠭ ᠤᠨ ᠰᠢᠭᠤᠳ ᠬᠠᠷᠢᠶ᠎ᠠ ᠵᠡᠮᠳᠡᠭᠴᠦᠳ ᠤᠨ ᠠᠵᠢᠯ ᠤᠨ ᠵᠥᠪᠯᠡᠯ ᠤᠨ 25 ᠪᠦᠷᠢᠯᠳᠦᠬᠦᠨ ᠨᠢᠬᠡᠴᠡ ᠲᠠᠢ ᠬᠤᠯᠪᠣᠭᠠᠯᠠᠨ ᠵᠡᠮᠳᠡᠭᠴᠦᠳ ᠢ ᠬᠠᠪᠰᠤᠷᠤᠨ ᠲᠡᠳᠡᠨ ᠤ ᠲᠤᠯᠭᠠᠮ᠎ᠠ ᠬᠥᠴᠢᠷᠳᠡᠯ ᠢ ᠨᠢ ᠰᠢᠢᠳᠪᠦᠷᠢᠯᠡᠵᠦ᠂ ᠨᠠᠮ ᠤᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠲᠡᠳᠡᠨ ᠳᠤ ᠬᠦᠷᠭᠡᠪᠠ︾ ᠭᠡᠵᠦ ᠪᠠᠶᠢᠯ᠎ᠠ᠃   ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠦᠴᠢᠷᠳᠡᠯᠲᠡᠶ ᠵᠡᠮᠳᠡᠭᠴᠦᠳ ᠤᠨ ᠬᠡᠷ ᠢᠶᠠᠷ ᠬᠥᠷᠴᠤ ᠲᠡᠳᠡᠨ ᠤ ᠪᠡᠶ᠎ᠡ ᠶᠢᠨ ᠪᠠᠶᠢᠳᠠᠯ ᠢ ᠠᠰᠠᠭᠤᠨ ᠯᠠᠪᠯᠠᠵᠤ ᠡᠳᠦᠷ ᠲᠤᠲᠤᠮ ᠤᠨ ᠡᠮᠴᠢᠯᠡᠭᠡ ᠬᠢᠵᠦ ᠥᠭᠪᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠲᠤ ᠰᠤᠪᠢᠯᠠᠯᠲᠠ ᠶᠢᠨ ᠣᠷᠣ᠂ ᠴᠠᠬᠢᠯᠭᠠᠨ ᠬᠦᠷᠳᠦᠲᠦ ᠰᠠᠨᠳᠠᠯᠢ ᠵᠡᠷᠭᠡ ᠲᠤᠰᠠᠯᠠᠬᠤ ᠬᠡᠷᠡᠭᠰᠡᠯ ᠢ ᠬᠦᠷᠭᠡᠨ ᠥᠭᠴᠡᠢ᠃ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠰᠠᠭᠤᠭᠠᠯᠢ ᠠᠷᠠᠳ ᠼᠤᠤ ᠴᠢ ᡁᠢ᠄ ︽ᠥᠨᠥᠳᠦᠷ ᠪᠢ ᠮᠠᠰᠢ ᠰᠡᠳᠬᠢᠯ ᠳᠣᠭᠳᠣᠯᠵᠤ ᠪᠠᠶᠢᠨ᠎ᠠ᠂ ᠤᠯᠠᠨ ᠢᠶᠠᠷ ᠢᠶᠠᠨ ᠨᠠᠮᠠᠶᠢ ᠢᠩᠭᠢᠵᠦ ᠬᠠᠯᠠᠮᠵᠢᠯᠠᠵᠤ ᠪᠠᠶᠢᠬᠤ ᠳᠤ ᠪᠢ ᠯᠠᠪᠲᠠᠢ ᠪᠡᠶ᠎ᠡ ᠶᠢᠨ ᠪᠣᠯᠪᠠᠰᠤᠷᠠᠯ ᠢᠶᠠᠨ ᠴᠢᠩᠭᠠᠳᠬᠠᠨ᠎ᠠ︾ ᠭᠡᠵᠤ ᠶᠠᠷᠢᠯ᠎ᠠ᠃
      ᠤᠢᠢᠯᠠᠭᠠᠬᠰᠠᠠ ᠢᠶᠠᠷ᠂ ᠲᠤᠰ ᠤᠳᠠᠭᠠᠨ ᠤ ᠠᠵᠢᠯᠯᠠᠭ᠎ᠠ ᠳᠤ ᠪᠦᠬᠦ ᠠᠶᠢᠮᠠᠭ ᠤᠨ ᠬᠡᠪᠴᠢᠶᠡᠨ ᠳᠠᠬᠢ ᠬᠠᠷᠠᠭᠠᠨ ᠤ ᠵᠡᠮᠳᠡᠭ᠂ ᠣᠶᠤᠨ ᠤ ᠵᠡᠮᠳᠡᠭ ᠵᠡᠷᠭᠡ ᠵᠢᠷᠭᠤᠭᠠᠨ ᠲᠥᠷᠥᠯ ᠤᠨ ᠵᠡᠮᠳᠡᠭᠴᠦᠳ ᠢᠶᠠᠷ ᠭᠤᠣᠯ ᠴᠣᠭᠴᠠ ᠪᠣᠯᠭᠠᠨ ᠶᠠᠳᠠᠭᠤ ᠬᠦᠴᠢᠷᠳᠡᠯᠲᠡᠶ ᠵᠡᠮᠳᠡᠭᠴᠦᠳ ᠤᠨ 35 ᠭᠡᠷ ᠪᠦᠯᠢ ᠶᠢ ᠰᠣᠩᠭᠤᠨ ᠭᠠᠷᠭᠠᠵᠤ᠂ ᠵᠡᠮᠳᠡᠭᠴᠦᠳ ᠤᠨ ᠠᠵᠢᠯ ᠤᠨ ᠵᠥᠪᠯᠡᠯ ᠤᠨ ᠪᠦᠷᠢᠯᠳᠦᠬᠦᠨ ᠨᠢᠬᠡᠴᠡ ᠶᠢᠨ ᠡᠯ᠎ᠡ ᠨᠠᠮ ᠤᠨ ᠡᠭᠦᠷ᠂ ᠨᠠᠮ ᠤᠨ ᠭᠡᠰᠢᠭᠦᠨ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ᠂ ᠵᠡᠮᠳᠡᠭᠴᠦᠳ ᠤᠨ ᠠᠵᠢᠯ ᠣᠯᠵᠤ ᠦᠢᠯᠡᠰ ᠪᠤᠰᠬᠠᠬᠤ᠂ ᠭᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠬᠦ᠂ ᠵᠣᠯ ᠵᠢᠷᠭᠠᠯ ᠤᠨ ᠲᠦᠷᠦᠭᠳᠡᠯ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠲᠠᠪᠴᠠᠩ ᠬᠠᠨᠭ᠍ᠭᠠᠵᠤ᠂ ᠡᠭᠦᠨ ᠤ ᠬᠠᠮᠲᠤ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠣᠭᠤᠳᠬᠤ᠂ ᠡᠳ᠋ ᠪᠣᠳᠠᠰ ᠬᠠᠨᠳᠢᠪᠯᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠬᠢᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠲᠡᠳᠡᠨ ᠢ ᠬᠠᠪᠰᠤᠷᠤᠨ ᠢᠳᠡᠪᠬᠢᠲᠡᠶ ᠪᠠᠶᠠᠰᠤᠩᠭᠤᠶ ᠠᠮᠢᠳᠤᠷᠠᠬᠤᠶ ᠶᠢᠨ ᠣᠪᠣᠷ ᠢ ᠪᠤᠢ ᠪᠣᠯᠭᠠᠬᠤ ᠪᠠᠷ ᠴᠢᠷᠮᠠᠶᠢᠵᠦ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠶᠢ ᠡᠨᠡ ᠵᠢᠯ ᠤᠨ 10 ᠰᠠᠷ᠎ᠠ ᠪᠣᠯᠲᠠᠯ᠎ᠠ ᠦᠷᠨᠢᠬᠦᠯᠬᠦ ᠪᠤᠯᠤᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号