ᠮᠠᠨ ᠤ ᠤᠯᠤᠰ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠠᠶᠢᠭᠤᠯᠤᠯᠲᠠ ᠶᠢ ᠠᠬᠢᠭᠤᠯᠬᠤ ᠢᠨᠵᠧᠨᠧᠷᠢᠩ ᠢ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2021/9/9
    ᠣᠶᠢᠯᠠᠭᠠᠭᠰᠠᠨ ᠢᠶᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠠᠶᠢᠭᠤᠯᠤᠯᠲᠠ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠠᠶᠢᠭᠤᠯᠤᠯᠲᠠ ᠶᠢ ᠠᠬᠢᠭᠤᠯᠬᠤ ᠢᠨᠵᠧᠨᠧᠷᠢᠩ ᠢ ᠡᠬᠢᠯᠡᠨ ᠬᠡᠷᠡᠭᠵᠢᠭᠦᠯᠪᠡ᠃     ᠲᠥᠰᠦᠯ ᠢ ᠦᠨᠳᠦᠰᠦᠯᠡᠪᠡᠯ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠠᠶᠢᠭᠤᠯᠤᠯᠲᠠ ᠶᠢ ᠠᠬᠢᠭᠤᠯᠬᠤ ᠢᠨᠵᠧᠨᠧᠷᠢᠩ ᠨᠢ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠭᠤᠷᠪᠠᠨ ᠶᠡᠭᠡ ᠬᠡᠰᠡᠭ ᠢᠶᠠᠷ ᠭᠤᠤᠯᠯᠠᠭᠤᠯᠵᠤ᠂ ᠵᠠᠩᠭᠢᠯᠠᠭ᠎ᠠ ᠶᠢᠨ ᠬᠦᠷᠢᠶᠡᠨ ᠤ ᠵᠠᠩᠭᠢᠯᠠᠭ᠎ᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠶᠢᠴᠢᠯᠠᠬᠤ ᠦᠢᠯᠡᠳᠦᠯ ᠢᠶᠠᠷ ᠰᠠᠶᠢᠨ᠂ ᠵᠢᠱᠢᠶ᠎ᠡ ᠦᠵᠡᠭᠦᠯᠬᠦ ᠦᠢᠯᠡᠳᠦᠯ ᠢᠶᠠᠷ ᠴᠢᠩᠭ᠎ᠠ᠂ ᠠᠰᠢᠭ ᠭᠥᠷᠳᠡᠬᠦ ᠬᠡᠪᠴᠢᠶ᠎ᠡ ᠪᠠᠷ ᠥᠷᠭᠡᠨ᠂ ᠨᠥᠯᠥᠭᠡᠯᠡᠬᠦ ᠬᠦᠴᠦᠨ ᠢᠶᠠᠷ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠂ ᠪᠠᠯᠠ ᠣᠷᠣᠭᠤᠯᠤᠯᠲᠠ ᠶᠢ ᠬᠠᠮᠢᠭ᠎ᠠ ᠪᠤᠯᠭᠠᠨ ᠳᠤ ᠰᠠᠴᠤᠬᠤ ᠦᠭᠡᠢ ᠪᠠᠶᠢᠵᠤ᠂ ᠬᠡᠷᠡᠭᠴᠡᠭᠡ ᠲᠠᠢ ᠭᠠᠵᠠᠷ ᠲᠤᠨᠢ ︽ᠤᠨᠢᠨ ᠳᠡᠭᠡᠷ᠎ᠠ︾ ᠨᠢ ᠬᠡᠷᠡᠭᠯᠡᠨ᠎ᠡ᠃ ᠲᠥᠪ ᠤᠨ ᠪᠡᠯᠡ ᠣᠷᠣᠭᠤᠯᠤᠯᠲᠠ ᠶᠢᠨ ︽ᠬᠦᠰᠢᠭᠦᠷᠭᠡ ᠶᠢᠨ ᠦᠢᠯᠡᠳᠦᠯ︾ ᠢ ᠪᠠᠳᠠᠷᠠᠭᠤᠯᠵᠤ᠂ ᠪᠡᠯᠡ ᠣᠷᠣᠭᠤᠯᠤᠯᠲᠠ ᠪᠠᠷ ᠲᠣᠭᠲᠡᠴᠡ ᠶᠢ ᠪᠦᠷᠢᠯᠳᠦᠬᠦᠯᠵᠤ᠂ ᠬᠤᠯᠪᠣᠭᠳᠠᠯ ᠪᠦᠬᠦᠢ ᠬᠦᠷᠢᠶ᠎ᠡ᠂ ᠬᠤᠯᠪᠣᠭᠳᠠᠯ ᠪᠦᠬᠦᠢ ᠣᠷᠣᠨ ᠪᠦᠰᠡ ᠶᠢᠨ ᠪᠦᠬᠦᠯᠢ ᠴᠣᠭᠴᠠ ᠶᠢᠨ ᠴᠢᠨᠠᠷᠲᠠᠢ ᠳᠦᠷᠢᠮ ᠤᠨ ᠵᠢᠷᠤᠭ ᠲᠥᠯᠥᠪᠯᠡᠭᠡ ᠪᠠ ᠰᠢᠢᠳᠪᠦᠷᠢᠯᠡᠬᠦ ᠲᠥᠰᠦᠯ ᠢ ᠪᠦᠷᠢᠯᠳᠦᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠲᠠᠢ ᠵᠣᠯᠭᠠᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠪᠠ ᠲᠡᠷᠢᠭᠦᠨ ᠤ ᠦᠢᠯᠡᠳᠬᠦ ᠦᠢᠯᠡᠰ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠵᠡᠷᠭᠡ ᠴᠢᠬᠤᠯᠠ ᠶᠡᠭᠡ ᠡᠭᠦᠷᠭᠡ ᠳᠤ ᠦᠢᠯᠡᠴᠢᠯᠡᠵᠦ᠂ ᠨᠢᠭᠡ ᠵᠣᠭᠤᠰ ᠢ ᠤᠯᠠᠨ ᠵᠦᠢᠯ ᠳᠤ ᠬᠡᠷᠡᠭᠯᠡᠬᠦ ᠶᠢ ᠪᠡᠶᠡᠯᠡᠭᠦᠯᠦᠨ᠎ᠡ᠃     ᠰᠠᠭᠤᠷᠢ ᠰᠤᠷᠭᠠᠨ ᠬᠥᠮᠦᠵᠢᠯ ᠳᠤ ᠳᠤᠲᠠᠭᠤᠳᠠᠯ ᠢ ᠨᠥᠬᠦᠪᠥᠷᠢᠯᠡᠬᠦ ᠶᠢ ᠴᠢᠬᠤᠯᠠᠴᠢᠯᠠᠨ᠎ᠠ᠃ 832 ᠤᠤᠯ ᠤᠨ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯ ᠲᠠᠢ ᠭᠠᠵᠠᠷ ᠣᠷᠣᠨ ᠤ ᠰᠢᠶᠠᠨ ᠪᠠ ᠵᠠᠯᠭᠠᠯᠳᠤᠭᠰᠠᠨ ᠣᠷᠣᠨ ᠤ ᠭᠠᠳᠠᠨᠠᠬᠢ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠰᠢᠶᠠᠨ᠂ ᠢᠯᠠᠩᠭᠤᠶ᠎ᠠ ︽ᠭᠤᠷᠪᠠᠨ ᠣᠷᠣᠨ ᠭᠤᠷᠪᠠᠨ ᠵᠧᠦ︾ ᠵᠡᠷᠭᠡ ᠤᠤᠯ ᠤᠨ ᠣᠨᠴᠠᠭᠠᠢ ᠶᠠᠳᠠᠭᠤ ᠬᠦᠴᠢᠷᠳᠡᠯᠲᠡᠶ ᠭᠠᠵᠠᠷ ᠣᠷᠣᠨ᠂ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠵᠡᠷᠭᠡ ᠶᠢ ᠲᠥᠪᠯᠡᠷᠡᠩᠭᠦᠢ ᠲᠡᠮᠵᠢᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢᠶᠠᠷ ᠭᠤᠣᠯᠳᠠᠯᠭ᠎ᠠ ᠪᠣᠯᠭᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠡᠷᠳᠡᠮ ᠤᠨ ᠴᠣᠯᠠ ᠶᠢᠨ ᠬᠠᠩᠭᠠᠯᠭ᠎ᠠ ᠶᠢ ᠥᠷᠭᠡᠳᠬᠡᠨ᠂ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠦᠶ᠎ᠡ ᠤᠯᠠᠷᠢᠨ ᠶᠠᠳᠠᠭᠤᠷᠠᠬᠤ ᠶᠢ ᠬᠤᠷᠢᠬᠯᠠᠨ᠎ᠠ᠃     ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠰᠣᠳᠣᠨ ᠪᠦᠲᠦᠭᠡᠯ ᠭᠠᠷᠭᠠᠬᠤ ᠶᠢ ᠴᠢᠬᠤᠯᠠᠴᠢᠯᠠᠨ᠎ᠠ᠃ ᠨᠢᠭᠡ ᠪᠦᠯᠦᠭ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠥᠨᠳᠥᠷ ᠬᠢᠷᠢ ᠲᠦᠪᠰᠢᠨ ᠲᠠᠢ᠂ ᠲᠤᠰᠬᠠᠶᠢᠵᠢᠭᠰᠠᠨ᠂ ᠨᠡᠭᠡᠭᠡᠯᠲᠡᠲᠦ ᠬᠡᠯᠪᠡᠷᠢ ᠶᠢᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠬᠤ ᠶᠢ ᠭᠤᠤᠯᠳᠠᠯᠭ᠎ᠠ ᠲᠠᠢ ᠳᠡᠮᠵᠢᠵᠦ᠂ ᠬᠠᠮᠢᠶ᠎ᠠ ᠪᠥᠬᠦᠶ ᠶᠡᠭᠡ ᠳᠡᠭᠡᠳᠦ ᠰᠤᠷᠭᠠᠭᠤᠯᠢ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠬᠤ ᠶᠢ ᠠᠬᠢᠭᠤᠯᠵᠤ᠂ ᠬᠥᠮᠦᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠬᠥᠮᠦᠵᠢᠭᠦᠯᠬᠦ ᠪᠦᠲᠦᠴᠡ ᠶᠢ ᠰᠢᠯᠢᠳᠡᠭᠵᠢᠭᠦᠯᠦᠨ᠂ ᠨᠢᠭᠡ ᠪᠦᠯᠦᠭ ᠰᠣᠳᠣᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠪᠣᠶ ᠪᠣᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠳᠠᠶᠢᠴᠢᠯᠠᠵᠤ᠂ ᠠᠵᠤ ᠦᠢᠯᠡᠰ ᠤᠨ ᠲᠠᠰ ᠳᠡᠪᠰᠢᠬᠦ ᠪᠠ ᠣᠷᠣᠨ ᠪᠦᠰᠡ ᠶᠢᠨ ᠬᠥᠭᠵᠢᠯᠲᠡ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠪᠦᠲᠦᠮᠵᠢᠲᠡᠶ ᠴᠢᠩᠭᠠᠷᠠᠭᠤᠯᠤᠨ᠎ᠠ᠃     ᠳᠡᠭᠡᠳᠦ ᠵᠡᠷᠭᠡ ᠶᠢᠨ ᠰᠤᠷᠭᠠᠨ ᠬᠥᠮᠦᠵᠢᠯ ᠳᠤ ᠲᠡᠷᠢᠭᠦᠨ ᠤ ᠬᠢ ᠶᠢ ᠡᠭᠦᠳᠬᠦ ᠶᠢ ᠴᠢᠬᠤᠯᠠᠴᠢᠯᠠᠨ᠎ᠠ᠃ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠵᠤ᠂ ᠠᠵᠤ ᠠᠬᠤᠶ ᠶᠢᠨ ᠭᠤᠤᠯ ᠲᠡᠶᠢᠨ ᠤ ᠲᠠᠯᠠᠪᠤᠷ ᠲᠤ ᠬᠠᠨᠳᠤᠵᠤ᠂ ᠤᠯᠤᠰ ᠤᠨ ᠴᠢᠬᠤᠯᠠ ᠶᠡᠭᠡ ᠱᠠᠭᠠᠷᠳᠠᠯᠭ᠎ᠠ ᠳᠤ ᠬᠠᠨᠳᠤᠵᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢᠯᠠᠩᠭᠤᠶ᠎ᠠ ︽ᠪᠣᠭᠤᠮᠢ︾ ᠶᠢᠨ ᠠᠰᠠᠭᠤᠳᠠᠯ ᠢ ᠣᠨᠢᠯᠠᠵᠤ᠂ ︽ᠬᠤᠤᠰ ᠲᠡᠷᠢᠭᠦᠨ ᠲᠠᠰ︾ ᠤᠨ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠰᠠᠭᠤᠷᠢ ᠲᠦᠬᠦᠭᠡᠷᠦᠮᠵᠢ ᠪᠠ ᠲᠣᠮᠣ ᠬᠡᠯᠪᠡᠷᠢ ᠶᠢᠨ ᠬᠡᠮᠵᠢᠭᠦᠷᠯᠢᠭ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ︔ ᠨᠢᠭᠡ ᠪᠦᠯᠦᠭ ᠤᠯᠤᠰ ᠤᠨ ᠦᠢᠯᠡᠳᠪᠤᠷᠢᠯᠡᠯ ᠪᠠ ᠵᠢᠭᠠᠨ ᠰᠤᠷᠭᠠᠯᠳᠠ ᠶᠢ ᠠᠭᠤᠰᠤᠯᠴᠠᠭᠤᠯᠬᠤ ᠰᠢᠨ᠎ᠡ ᠶᠢ ᠡᠭᠦᠳᠬᠦ ᠲᠠᠪᠴᠠᠩ ᠪᠣᠯᠤᠨ ᠦᠢᠯᠡᠳᠪᠤᠷᠢᠯᠡᠯ ᠪᠠ ᠵᠢᠭᠠᠨ ᠰᠤᠷᠭᠠᠯᠳᠠ ᠶᠢ ᠠᠭᠤᠰᠤᠯᠴᠠᠭᠤᠯᠬᠤ ᠰᠤᠳᠤᠯᠬᠤ ᠰᠣᠷᠣᠭᠴᠢ ᠶᠢ ᠬᠠᠮᠲᠤᠷᠠᠨ ᠬᠥᠮᠦᠵᠢᠭᠦᠯᠬᠦ ᠰᠠᠭᠤᠷᠢᠨ ᠭᠠᠵᠠᠷ ᠢ ᠪᠠᠶᠢᠷᠢᠰᠢᠭᠤᠯᠤᠨ ᠪᠠᠶᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠂ ᠪᠡᠭᠡᠵᠢᠩ ᠳᠤ ᠪᠠᠶᠢᠭ᠎ᠠ ᠲᠥᠪ ᠤᠨ ᠨᠢᠭᠡ ᠪᠦᠯᠦᠭ ᠶᠡᠭᠡ ᠳᠡᠭᠡᠳᠦ ᠰᠤᠷᠭᠠᠭᠤᠯᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠯᠵᠢᠨ ᠣᠴᠢᠬᠤ ᠶᠢ ᠳᠡᠮᠵᠢᠵᠦ᠂ ᠰᠢᠨᠵᠢᠶᠠᠩ ᠤᠨ ᠡᠮᠦᠨᠡᠲᠦ ᠬᠡᠰᠡᠭ ᠤᠨ ᠨᠢᠭᠡ ᠪᠦᠯᠦᠭ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠳᠤᠮᠳᠠ ᠪᠠᠷᠠᠭᠤᠨ ᠬᠡᠰᠡᠭ ᠤᠨ ᠣᠷᠣᠨ ᠨᠤᠲᠤᠭ ᠤᠨ ᠨᠢᠭᠡ ᠪᠦᠯᠦᠭ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠨᠢᠭᠡ ᠪᠦᠯᠦᠭ ᠴᠢᠨᠠᠷ ᠰᠠᠶᠢᠲᠠᠶ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠨᠢᠭᠡ ᠪᠦᠯᠦᠭ ᠥᠨᠳᠥᠷ ᠬᠢᠷᠢ ᠲᠦᠪᠰᠢᠨ ᠪᠥᠬᠦᠶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠡᠭᠡᠳᠦ ᠰᠤᠷᠭᠠᠭᠤᠯᠢ ᠶᠢ ᠭᠤᠤᠯᠳᠠᠯᠭ᠎ᠠ ᠲᠠᠢ ᠪᠠᠶᠢᠭᠤᠯᠤᠨ᠎ᠠ᠃ ᠨᠢᠭᠡ ᠪᠦᠯᠦᠭ ᠴᠢᠨᠠᠷ ᠰᠠᠶᠢᠲᠠᠶ ᠪᠠᠭᠰᠢ ᠶᠢᠨ ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠨᠢᠭᠡ ᠪᠦᠯᠦᠭ ᠪᠠᠭᠰᠢ ᠶᠢᠨ ᠰᠤᠷᠭᠠᠨ ᠬᠥᠮᠦᠵᠢᠯ ᠤᠨ ᠰᠠᠭᠤᠷᠢᠨ ᠢ ᠭᠤᠤᠯᠳᠠᠯᠭ᠎ᠠ ᠲᠠᠢ ᠪᠠᠶᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号