ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠤᠯ ᠰᠠᠭᠤᠷᠢᠨ ᠭᠠᠵᠠᠷ ᠪᠣᠯᠬᠤ ᠦᠢᠯᠡᠳᠦᠯ ᠢ ᠴᠢᠩᠭᠠᠳᠬᠠᠵᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠵᠠᠰᠠᠯᠲᠠ ᠶᠢ ᠬᠦᠨᠵᠡᠬᠡᠶᠢᠷᠡᠬᠦᠯᠦᠨ᠎ᠡ — ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠶ ᠰᠠᠨᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2021/9/9
     ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠢᠢᠷ᠎ᠠ ᠳᠤ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠴᠢᠨᠠᠭᠰᠢᠳᠠ ᠬᠥᠩᠭᠡᠷᠡᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ᠃ ᠶᠠᠭᠤᠨ ᠳᠤ ︽ᠬᠤᠶᠠᠷ ᠢ ᠬᠦᠩᠭᠡᠷᠡᠬᠦᠯᠬᠦ︾ ᠶᠢ ᠠᠬᠢᠭᠤᠯᠬᠤ ᠪᠣᠶ︖ ᠶᠠᠭᠠᠬᠢᠪᠠᠯ ᠰᠠᠶ᠋ᠢ ︽ᠬᠤᠶᠠᠷ ᠢ ᠬᠦᠩᠭᠡᠷᠡᠬᠦᠯᠬᠦ  ︾ ᠶᠢ ᠦᠨᠡᠨᠬᠦ ᠪᠡᠶᠡᠯᠡᠭᠦᠯᠵᠦ ᠴᠢᠳᠠᠬᠤ ᠪᠣᠶ︖ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠠᠷᠢᠭᠤᠯᠳᠠ ᠦᠭᠪᠡ᠃      ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠷᠤᠭᠠᠰᠤ ᠬᠡᠲᠦᠷᠬᠡᠶ ᠬᠦᠨᠳᠦ ᠪᠠᠶᠢᠬᠤ ᠪᠣᠯ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠮᠤᠭ ᠤᠨ ᠲᠣᠪᠤᠶᠢᠮ᠎ᠠ ᠠᠰᠠᠭᠤᠳᠠᠯ ᠤᠨ ᠨᠢᠭᠡ ᠪᠣᠯᠤᠨ᠎ᠠ      ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠡᠯ᠎ᠡ ᠭᠠᠵᠠᠷ ᠤᠨ ᠬᠢᠨ ︽ᠬᠤᠶᠠᠷ ᠢ ᠬᠦᠩᠭᠡᠷᠡᠬᠦᠯᠬᠦ︾ ᠠᠵᠢᠯ ᠢ ᠭᠦᠨᠵᠡᠭᠡᠶ ᠥᠷᠨᠢᠭᠦᠯᠦᠭᠡᠳ ᠢᠳᠡᠪᠬᠢᠲᠡᠶ ᠦᠷ᠎ᠡ ᠪᠦᠲᠦᠮᠵᠢ ᠤᠯᠪᠠ᠃ ᠭᠡᠪᠡᠴᠦ ᠣᠳᠣᠬᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠮᠤᠭ ᠤᠨ ᠲᠣᠪᠤᠶᠢᠮ᠎ᠠ ᠠᠰᠠᠭᠤᠳᠠᠯ ᠤᠨ ᠨᠢᠭᠡ ᠪᠣᠯ ᠬᠠᠰᠢᠯᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠷᠤᠭᠠᠰᠤ ᠬᠡᠲᠦᠷᠬᠡᠶ ᠬᠦᠨᠳᠦ᠂ ᠣᠬᠤᠷ ᠪᠣᠳᠣᠯ ᠲᠠᠢ᠂ ᠠᠰᠢᠭ ᠬᠠᠷᠠᠬᠤ ᠴᠢᠨᠠᠷᠲᠠᠶ ᠠᠰᠠᠭᠤᠳᠠᠯ ᠢ ᠦᠨᠳᠦᠰᠦᠨ ᠠᠴᠠ ᠨᠢ  ᠰᠢᠢᠳᠪᠦᠷᠢᠯᠡᠭᠡᠳᠦᠢ ᠪᠠᠶᠢᠨ᠎ᠠ᠃ ᠨᠢᠭᠡ ᠲᠠᠯ᠎ᠠ ᠪᠠᠷ ᠰᠤᠷᠤᠭᠴᠢ ᠶᠢᠨ ᠳᠠᠰᠬᠠᠯ ᠤᠨ ᠳᠠᠷᠤᠭᠠᠰᠤ ᠮᠥᠨ ᠨᠡᠯᠢᠶᠡᠳ ᠬᠦᠨᠳᠦ᠂ ᠳᠠᠰᠬᠠᠯ ᠤᠨ ᠬᠠᠮᠢᠶᠠᠷᠤᠯᠲᠠ ᠲᠡᠶᠢᠮᠦ ᠲᠡᠭᠦᠯᠳᠡᠷ ᠪᠢᠰᠢ︔ ᠨᠥᠭᠦᠭᠡ ᠲᠠᠯ᠎ᠠ ᠪᠠᠷ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠨᠢ ᠮᠥᠨ ᠬᠦ ᠬᠡᠲᠦ ᠬᠠᠯᠠᠭᠤᠷᠠᠯ ᠲᠠᠢ ᠪᠠᠶᠢᠵᠤ᠂ ᠤᠷᠢᠳᠴᠢᠯᠠᠨ ᠪᠣᠯᠪᠠᠰᠤᠷᠠᠭᠤᠯᠬᠤ ᠪᠠ ᠪᠠᠷᠢᠮᠵᠢᠶ᠎ᠠ ᠠᠴᠠ ᠬᠡᠲᠦᠷᠡᠭᠦᠯᠦᠨ ᠪᠣᠯᠪᠠᠰᠤᠷᠠᠭᠤᠯᠬᠤ ᠠᠰᠠᠭᠤᠳᠠᠯ ᠢ ᠬᠠᠷᠠᠬᠠᠨ ᠦᠨᠳᠦᠰᠦᠨ ᠠᠴᠠ ᠨᠢ ᠰᠢᠢᠳᠪᠦᠷᠢᠯᠡᠭᠡᠳᠦᠢ ᠪᠠᠶᠢᠵᠤ᠂ ᠵᠠᠷᠢᠮ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠲᠥᠷᠥᠯ ᠵᠦᠢᠯ ᠤᠨ ᠰᠦᠢᠳᠬᠡᠯ ᠬᠤᠷᠢᠶᠠᠬᠤ ᠨᠢ ᠨᠡᠯᠢᠶᠡᠳ ᠥᠨᠳᠥᠷ ᠪᠠᠶᠢᠵᠤ᠂ ᠬᠥᠷᠥᠩᠭᠡ ᠮᠥᠩᠭᠦ ᠬᠡᠲᠦᠷᠬᠡᠶ ᠣᠷᠣᠵᠤ ᠢᠷᠡᠬᠦ ᠳᠤ ᠨᠡᠯᠢᠶᠡᠳ ᠶᠡᠭᠡ ᠠᠶᠤᠯ ᠲᠦᠭᠰᠢᠭᠦᠷᠢ ᠶᠢᠨ ᠳᠠᠯᠳᠠ ᠬᠡᠮ ᠣᠷᠣᠰᠢᠵᠤ᠂ ᠪᠣᠯᠪᠠᠰᠤᠷᠠᠯ ᠤᠨ ᠪᠠᠶᠢᠭᠤᠯᠤᠮᠵᠢ ᠶᠢᠨ ︽ᠰᠦᠢᠳᠬᠡᠯ ᠢ ᠪᠤᠴᠠᠭᠠᠬᠤ ᠳᠤ ᠬᠦᠴᠢᠷ︾ ︽ᠵᠣᠭᠤᠰ ᠴᠣᠭᠯᠠᠭᠤᠯᠬᠤ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠪᠠᠶᠢᠨ ᠳᠠᠬᠢᠨ ᠭᠠᠷᠴᠤ ᠪᠠᠶᠢᠨ᠎ᠠ᠃ ᠡᠲᠡᠭᠡᠷ ᠠᠰᠠᠭᠤᠳᠠᠯ ᠨᠢ ᠰᠤᠷᠤᠭᠴᠢᠳ ᠤᠨ ᠳᠠᠰᠬᠠᠯ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠬᠡᠲᠦ ᠬᠦᠨᠳᠦᠷᠡᠭᠦᠯᠵᠦ᠂ ᠬᠡᠷ ᠤᠨ ᠠᠬᠠᠮᠠᠳ ᠤᠨ ᠠᠵᠤ ᠠᠬᠤᠶ ᠪᠠ ᠣᠶᠤᠨ ᠴᠢᠳᠠᠯ ᠤᠨ ᠳᠠᠷᠤᠭᠠᠰᠤ ᠶᠢ ᠬᠡᠲᠦ ᠬᠦᠨᠳᠦᠷᠡᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠦᠨᠳᠦ ᠨᠣᠴᠢᠲᠠᠶ ᠨᠥᠯᠥᠭᠡᠯᠡᠵᠦ᠂ ᠨᠡᠶᠢᠭᠡᠮ ᠳᠡᠭᠡᠷ᠎ᠡ ᠴᠢᠩᠭ᠎ᠠ ᠲᠤᠰᠬᠠᠯ ᠭᠠᠷᠴᠦ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠳᠡᠭᠡᠷᠡᠬᠢ ᠠᠰᠠᠭᠤᠳᠠᠯ ᠳᠤ ᠴᠢᠭᠯᠡᠭᠦᠯᠦᠨ᠂ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ᠂ ᠬᠠᠤᠯᠢ ᠶᠣᠰᠣᠭᠠᠷ ᠵᠠᠰᠠᠬᠤ ᠵᠡᠷᠭᠡ ᠰᠡᠳᠬᠢᠮᠵᠢ ᠶᠣᠰᠣᠭᠠᠷ       ︽ᠬᠤᠶᠠᠷ ᠢ ᠬᠦᠩᠭᠡᠷᠡᠬᠦᠯᠬᠦ︾ ᠠᠵᠢᠯ ᠢ ᠠᠬᠢᠭᠤᠯᠤᠨ᠎ᠠ᠃ ᠰᠤᠷᠭᠠᠭᠤᠯᠢ ᠶᠢᠨ ᠭᠤᠤᠯ ᠰᠠᠭᠤᠷᠢᠨ ᠭᠠᠵᠠᠷ ᠪᠣᠯᠬᠤ ᠦᠢᠯᠡᠳᠦᠯ ᠢ ᠬᠦᠢᠴᠡᠳ ᠪᠠᠳᠠᠷᠠᠭᠤᠯᠤᠨ᠂ ᠵᠢᠭᠠᠨ ᠰᠤᠷᠭᠠᠬᠤ ᠶᠠᠰᠤ ᠴᠢᠨᠠᠷ᠂ ᠳᠠᠰᠬᠠᠯ ᠳᠠᠭᠠᠭᠠᠯᠭᠠᠪᠤᠷᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠬᠢᠴᠢᠶᠡᠯ ᠤᠨ ᠳᠠᠷᠠᠭᠠᠬᠢ  ᠦᠢᠯᠡᠴᠢᠯᠡᠬᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠰᠤᠷᠤᠭᠴᠢᠳ ᠤᠨ ᠰᠤᠷᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠨᠠᠩ ᠰᠠᠶᠢᠨ ᠡᠭᠡᠭᠦᠯᠵᠦ᠂ ᠰᠤᠷᠭᠠᠭᠤᠯᠢ ᠶᠢᠨ ᠳᠣᠲᠣᠷ᠎ᠠ ︽ᠬᠦᠢᠴᠡᠳ ᠡᠵᠡᠮᠰᠢᠬᠦ︾ ︽ᠰᠠᠶᠢᠳᠣᠷ ᠡᠵᠡᠮᠰᠢᠬᠦ︾ ᠪᠣᠯᠭᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠳᠤ ᠣᠷᠣᠯᠴᠠᠬᠤ ᠬᠡᠷᠡᠭᠴᠡᠭᠡ ᠱᠠᠭᠠᠷᠳᠠᠯᠭ᠎ᠠ ᠶᠢ ᠪᠠᠭᠠᠰᠬᠠᠨ᠎ᠠ᠃ ᠡᠭᠦᠨ ᠤ ᠬᠠᠮᠲᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠴᠢᠩᠭᠠᠳᠬᠠᠬᠤ᠂ ᠰᠢᠯᠭᠠᠯᠲᠠ ᠶᠢᠨ ᠳᠠᠷᠣᠭᠠᠰᠦ ᠶᠢ ᠬᠥᠩᠭᠡᠷᠡᠭᠦᠯᠬᠦ᠂ ᠶᠠᠰᠤ ᠴᠢᠨᠠᠷ ᠤᠨ ᠦᠨᠡᠯᠡᠯᠲᠡ ᠶᠢ ᠲᠡᠭᠦᠯᠳᠡᠷᠵᠢᠭᠦᠯᠬᠦ᠂ ᠰᠠᠶᠢᠨ ᠰᠠᠶᠢᠬᠠᠨ ᠣᠷᠴᠢᠨ ᠳᠣᠭᠤᠷᠢᠨ ᠢ ᠪᠣᠶ ᠪᠣᠯᠭᠠᠬᠤ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ᠰᠢᠰᠲ᠋ᠧᠮ ᠲᠠᠢ ᠪᠠᠷ ᠠᠬᠢᠭᠤᠯᠵᠤ᠂ ︽ᠬᠤᠶᠠᠷ ᠢ ᠬᠦᠩᠭᠡᠷᠡᠬᠦᠯᠬᠦ︾ ᠠᠵᠢᠯ ᠢ ᠪᠥᠬᠦ ᠬᠡᠯᠬᠢᠶ᠎ᠡ ᠪᠠᠷ ᠠᠬᠢᠭᠤᠯᠪᠠ᠃      ᠰᠤᠷᠤᠭᠴᠢᠳ ᠤᠨ ᠬᠡᠲᠦ ᠬᠦᠨᠳᠦ ᠳᠠᠰᠬᠠᠯ ᠤᠨ ᠳᠠᠷᠤᠭᠠᠰᠤ ᠶᠢ ᠬᠥᠩᠭᠡᠷᠡᠭᠦᠯᠵᠦ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ      ᠣᠳᠣᠬᠠᠨ ᠳᠤ᠂ ᠵᠠᠷᠢᠮ ᠰᠤᠷᠭᠠᠭᠤᠯᠢ ᠳᠤ ᠳᠠᠰᠬᠠᠯ ᠤᠨ ᠲᠤᠭ᠎ᠠ ᠨᠢ ᠬᠡᠲᠦᠷᠬᠡᠢ ᠣᠯᠠᠨ᠂ ᠶᠠᠰᠤ ᠴᠢᠨᠠᠷ ᠨᠢ ᠠᠨᠠᠢ᠂ ᠴᠢᠳᠠᠮᠵᠢ ᠶᠢᠨ ᠣᠨᠳᠣᠣᠰᠢᠯ ᠵᠡᠷᠭᠡ ᠠᠰᠠᠭᠤᠳᠠᠯ ᠣᠷᠣᠰᠢᠵᠤ᠂ ᠬᠠᠭᠤᠴᠢᠨ ᠢᠶᠠᠨ ᠳᠠᠪᠲᠠᠵᠤ ᠰᠢᠨ᠎ᠡ ᠦᠷ᠎ᠡ ᠪᠦᠲᠦᠮᠵᠢ ᠶᠢ ᠮᠡᠳᠡᠬᠦ ᠬᠡᠮᠵᠢᠶᠡᠨ ᠳᠤ ᠬᠦᠷᠴᠦ ᠳᠡᠶᠢᠯᠬᠦ ᠦᠭᠡᠢ ᠮᠥᠷᠲᠡᠭᠡᠨ ᠰᠤᠷᠤᠭᠴᠢᠳ ᠤᠨ ᠬᠡᠪ ᠤᠨ ᠪᠣᠯᠪᠠᠰᠤᠷᠠᠯ᠂ ᠠᠮᠠᠷᠠᠯᠲᠠ᠂ ᠵᠤᠭ᠎ᠠ ᠴᠡᠩᠭᠡᠯ ᠤᠨ ᠴᠠᠭ ᠢ ᠴᠤ ᠡᠵᠡᠯᠡᠨ ᠬᠡᠷᠡᠭᠯᠡᠵᠦ ᠪᠠᠶᠢᠨ᠎ᠠ᠃ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ︽ᠬᠤᠶᠠᠷ ᠢ ᠬᠦᠩᠭᠡᠷᠡᠬᠦᠯᠬᠦ︾ ᠠᠵᠢᠯ ᠤᠨ ᠨᠢᠭᠡ ᠪᠣᠯ ᠳᠠᠷᠤᠶ ᠰᠤᠷᠤᠭᠴᠢᠳ ᠤᠨ ᠵᠦᠶ ᠵᠣᠬᠢᠰ ᠥᠬᠡᠶ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠶᠢ ᠬᠥᠩᠭᠡᠷᠡᠭᠦᠯᠬᠦ ᠶᠠᠪᠤᠳᠠᠯ ᠪᠣᠯᠤᠨ᠎ᠠ᠃ ᠲᠣᠰ ᠤᠳᠠᠭᠠᠨ ᠤ ᠰᠠᠨᠠᠯ ᠳᠤ ᠳᠠᠰᠬᠠᠯ ᠳᠠᠭᠠᠭᠠᠯᠭᠠᠪᠤᠷᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠬᠦ᠂ ᠳᠠᠰᠬᠠᠯ ᠳᠠᠭᠠᠭᠠᠯᠭᠠᠪᠤᠷᠢ ᠶᠢᠨ ᠶᠡᠷᠦᠩᠬᠡᠶ ᠬᠡᠮᠵᠢᠶ᠎ᠡ ᠶᠢ ᠲᠥᠷᠥᠯ ᠬᠤᠪᠢᠶᠠᠨ ᠲᠣᠳᠣᠷᠬᠠᠶᠢᠯᠠᠬᠤ᠂ ᠳᠠᠰᠬᠠᠯ ᠳᠠᠭᠠᠭᠠᠯᠭᠠᠪᠤᠷᠢ ᠶᠢᠨ ᠵᠢᠷᠤᠭ ᠲᠥᠯᠥᠪᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠳᠠᠰᠬᠠᠯ ᠳᠠᠭᠠᠭᠠᠯᠭᠠᠪᠤᠷᠢ ᠶᠢ ᠪᠡᠶᠡᠯᠡᠭᠦᠯᠬᠦ ᠵᠢᠯᠣᠭᠤᠳᠣᠯᠭ᠎ᠠ ᠶᠢ ᠴᠢᠩᠭᠠᠳᠬᠠᠬᠤ ᠵᠡᠷᠭᠡ ᠲᠣᠳᠣᠷᠬᠠᠶ ᠱᠠᠭᠠᠷᠳᠠᠯᠭ᠎ᠠ ᠶᠢ ᠳᠤᠷᠠᠳᠴᠤ᠂ ᠰᠤᠷᠤᠭᠴᠢᠳ ᠤᠨ ᠬᠡᠲᠦ ᠬᠦᠨᠳᠦ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠪᠠᠷ ᠵᠣᠷᠢᠯᠭ᠎ᠠ ᠪᠣᠯᠭᠠᠵᠠᠶ᠃      ᠡᠭᠦᠨ ᠠᠴᠠ ᠭᠠᠳᠠᠨ᠎ᠠ ᠪᠠᠰᠠ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠴᠢᠩᠭᠠᠳᠬᠠᠬᠤ ᠲᠤᠬᠠᠶ ᠦᠢᠯᠡᠴᠢᠯᠡᠬᠡᠨ ᠤ ᠴᠠᠭ ᠢ ᠪᠠᠲᠤᠯᠠᠬᠤ᠂ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠴᠢᠯᠡᠬᠡᠨ ᠤ ᠠᠷᠭ᠎ᠠ ᠵᠠᠮ ᠢ ᠥᠷᠭᠡᠳᠬᠡᠬᠦ ᠵᠡᠷᠭᠡ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠣᠷᠳᠣ ᠬᠤᠭᠤᠴᠠᠭᠠᠨ ᠤ ᠲᠤᠷᠰᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠢᠯᠠᠩᠭᠤᠶ᠎ᠠ ᠪᠠᠭ᠎ᠠ ᠰᠤᠷᠭᠠᠭᠤᠯᠢ ᠶᠢᠨ ︽ᠭᠤᠷᠪᠠᠨ ᠴᠠᠭ ᠬᠠᠭᠠᠰ︾ ᠲᠤ ᠰᠤᠷᠭᠠᠭᠤᠯᠢ ᠲᠠᠷᠬᠠᠬᠤ ᠦᠵᠡᠭᠳᠡᠯ ᠨᠢ ᠬᠡᠷ ᠤᠨ ᠠᠬᠠᠮᠠᠳ ᠤᠨ ᠠᠵᠢᠯ ᠠᠴᠠ ᠪᠠᠭᠤᠬᠤ ᠴᠠᠭ ᠪᠣᠯᠤᠭ᠎ᠠ ᠥᠬᠡᠶ ᠪᠠᠷ ᠬᠡᠦᠬᠡᠳ ᠲᠣᠰᠬᠤ ᠳᠤ ᠬᠦᠴᠢᠷᠲᠡᠶ ᠪᠠᠶᠢᠬᠤ ᠠᠰᠠᠭᠤᠳᠠᠯ ᠢ ᠪᠣᠶ ᠪᠣᠯᠭᠠᠵᠤ᠂ ᠵᠠᠷᠢᠮ ᠨᠢ ᠪᠠᠰᠠ ᠬᠡᠦᠬᠡᠳ ᠢᠶᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠬᠦᠷᠭᠡᠵᠦ᠂ ᠰᠤᠷᠭᠠᠭᠤᠯᠢ ᠶᠢᠨ ᠭᠠᠳᠠᠨᠠᠬᠢ ᠳᠠᠷᠤᠭᠠᠰᠤ ᠶᠢ ᠬᠡᠲᠦ ᠬᠦᠨᠳᠦᠷᠡᠭᠦᠯᠵᠦ᠂ ︽ᠰᠤᠷᠭᠠᠭᠤᠯᠢ ᠶᠢᠨ ᠳᠣᠲᠣᠷᠠᠬᠢ ᠳᠠᠷᠤᠭᠠᠰᠤ ᠶᠢ ᠬᠥᠩᠭᠡᠯᠡᠨ᠂ ᠰᠤᠷᠭᠠᠭᠤᠯᠢ ᠶᠢᠨ ᠭᠠᠳᠠᠨᠠᠬᠢ ᠳᠠᠷᠤᠭᠠᠰᠤ ᠶᠢ ᠨᠡᠮᠡᠭᠳᠡᠭᠦᠯᠬᠦ︾ ᠪᠠᠶᠢᠳᠠᠯ ᠢ ᠪᠣᠶ ᠪᠣᠯᠭᠠᠵᠤ᠂ ᠨᠢᠭᠡᠨᠲᠡ ᠨᠡᠶᠢᠭᠡᠮ ᠨᠡᠶᠢᠲᠡ ᠶᠢᠨ ᠥᠷᠭᠡᠨ ᠢᠶᠠᠷ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠣᠯᠤᠭᠰᠠᠨ ᠪᠠᠶᠢᠨ᠎ᠠ ᠭᠡᠵᠡᠶ᠃ ᠰᠤᠷᠭᠠᠭᠤᠯᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠥᠷᠨᠢᠭᠦᠯᠬᠦ ᠨᠢ ᠬᠡᠷ ᠤᠨ ᠠᠬᠠᠮᠠᠳ ᠲᠤᠰᠴᠤ ᠬᠦᠷᠭᠡᠬᠦ ᠳᠤ ᠬᠦᠴᠢᠷᠲᠡᠶ ᠪᠠᠶᠢᠬᠤ᠂ ᠬᠡᠦᠬᠡᠳ ᠨᠢ ᠣᠴᠢᠬᠤ ᠭᠠᠵᠠᠷ ᠥᠬᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠪᠣᠯᠤᠨ᠎ᠠ︔ ᠬᠢᠴᠢᠶᠡᠯ ᠤᠨ ᠳᠠᠷᠠᠭᠠᠬᠢ ᠴᠠᠭ ᠢ ᠬᠦᠢᠴᠡᠳ ᠠᠰᠢᠭᠯᠠᠵᠤ᠂ ᠪᠠᠶᠠᠯᠢᠭ ᠰᠠᠶᠢᠬᠠᠨ ᠦᠢᠯᠡᠴᠢᠯᠡᠬᠡᠨ ᠤ ᠠᠭᠤᠯᠭ᠎ᠠ ᠶᠢ ᠬᠠᠩᠭᠠᠵᠤ᠂ ᠰᠤᠷᠤᠭᠴᠢᠳ ᠲᠤ ᠰᠤᠷᠤᠯᠴᠠᠯᠭ᠎ᠠ ᠪᠠ ᠬᠥᠭᠵᠢᠯᠲᠡ ᠶᠢᠨ ᠣᠷᠣᠨ ᠵᠠᠶ ᠬᠠᠩᠭᠠᠵᠤ ᠪᠣᠯᠤᠨ᠎ᠠ︔ ᠪᠠᠰᠠ ᠰᠤᠷᠤᠭᠴᠢᠳ ᠤᠨ ᠥᠪᠡᠷᠮᠢᠴᠡ ᠬᠥᠭᠵᠢᠯᠲᠡ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠰᠤᠷᠤᠭᠴᠢᠳ ᠤᠨ ᠪᠥᠬᠦ ᠲᠠᠯ᠎ᠠ ᠪᠠᠷ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠳᠤ ᠠᠰᠢᠭᠲᠠᠶ ᠶᠤᠮ᠃      ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠦᠢᠯᠡ ᠠᠵᠢᠯᠯᠠᠭ᠎ᠠ ᠶᠢ ᠪᠥᠬᠦ ᠲᠠᠯ᠎ᠠ ᠪᠠᠷ ᠳᠦᠷᠢᠮᠵᠢᠬᠦᠯᠦᠨ᠎ᠡ      ᠣᠶᠢᠷ᠎ᠠ ᠶᠢᠨ ᠵᠢᠯ ᠤᠳ ᠲᠤ᠂ ᠰᠤᠷᠭᠠᠨ ᠬᠥᠮᠦᠵᠢᠯ ᠤᠨ ᠶᠠᠮᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠲᠤᠰᠬᠠᠶ ᠵᠠᠰᠠᠬᠤ ᠠᠵᠢᠯ ᠥᠷᠨᠢᠭᠦᠯᠦᠭᠡᠳ ᠱᠠᠳᠣᠴᠢ ᠴᠢᠨᠠᠷᠲᠠᠶ ᠦᠷ᠎ᠡ ᠪᠦᠲᠦᠮᠵᠢ ᠣᠯᠤᠭᠰᠠᠨ ᠪᠣᠯᠪᠠᠴᠤ ᠵᠠᠷᠢᠮ ᠠᠰᠠᠭᠤᠳᠠᠯ ᠢ ᠮᠥᠨ ᠯᠡ ᠦᠨᠳᠦᠰᠦᠨ ᠠᠴᠠ ᠨᠢ ᠰᠢᠢᠳᠪᠦᠷᠢᠯᠡᠭᠡᠳᠦᠢ ᠪᠠᠶᠢᠭᠰᠠᠭᠠᠷ᠃ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠬᠡᠯᠡᠬᠦ ᠪᠠᠷ᠂ ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠪᠥᠬᠦ ᠤᠯᠤᠰ ᠲᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠲᠤᠭ᠎ᠠ ᠨᠢ ᠮᠠᠰᠢ ᠶᠡᠭᠡ ᠪᠠᠶᠢᠵᠤ᠂ ᠨᠢᠭᠡᠨᠲᠡ ᠰᠤᠷᠭᠠᠭᠤᠯᠢ ᠲᠠᠢ ᠦᠨᠳᠦᠰᠦᠨ ᠳᠡᠭᠡᠨ ᠲᠡᠩᠴᠡᠵᠦ᠂ ᠰᠠᠶᠢᠨ ᠮᠠᠭᠤ ᠬᠤᠳᠬᠤᠯᠳᠤᠵᠤ ᠪᠠᠶᠢᠨ᠎ᠠ᠂ ᠬᠡᠷᠪᠡ ᠳᠤᠷ᠎ᠠ ᠪᠠᠷ ᠨᠢ ᠬᠥᠭᠵᠢᠭᠦᠯᠪᠡᠯ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠠᠴᠠ ᠭᠠᠳᠠᠨᠠᠬᠢ ᠥᠭᠡᠷ᠎ᠡ ᠨᠢᠭᠡ ᠰᠤᠷᠭᠠᠨ ᠬᠥᠮᠦᠵᠢᠯ ᠤᠨ ᠰᠢᠰᠲ᠋ᠧᠮ ᠢ ᠪᠦᠷᠢᠯᠳᠦᠭᠦᠯᠬᠦ ᠪᠣᠯᠤᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠥᠪᠡᠷ ᠤᠨ ᠥᠷᠲᠡᠭ ᠨᠡᠯᠢᠶᠡᠳ ᠳᠣᠣᠷ᠎ᠠ ᠠᠴᠠ ᠪᠣᠯᠵᠤ᠂ ᠦᠨᠡᠮᠯᠡᠯ ᠦᠭᠡᠶ ᠪᠠᠶᠢᠭᠤᠯᠤᠮᠵᠢ ᠣᠯᠠᠨᠲᠠ ᠴᠠᠭᠠᠵᠠᠯᠠᠭᠰᠠᠨ ᠴᠤ ᠵᠣᠭᠰᠣᠭᠠᠬᠤ ᠦᠭᠡᠶ᠂ ᠬᠤᠳᠠᠯ ᠬᠠᠭᠤᠷᠮᠠᠭ ᠢᠶᠠᠷ ᠤᠬᠠᠭᠤᠯᠬᠤ᠂ ᠤᠷᠢᠳᠴᠢᠯᠠᠵᠤ ᠪᠠᠷᠢᠮᠵᠢᠶ᠎ᠠ ᠠᠴᠠ ᠬᠡᠲᠦᠷᠡᠭᠦᠯᠬᠦ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠵᠦ ᠰᠤᠷᠭᠠᠭᠤᠯᠢ ᠳᠤ ᠣᠷᠣᠬᠤ ᠲᠠᠢ ᠬᠤᠯᠪᠣᠭᠳᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠮᠥᠨ ᠬᠦ ᠣᠷᠣᠰᠢᠵᠤ᠂ ᠪᠠᠶᠢᠭᠤᠯᠤᠮᠵᠢ ᠨᠢ ᠳᠠᠮᠫᠤᠷᠠᠬᠤ ᠵᠡᠷᠭᠡ ᠬᠡᠷᠡᠭ ᠪᠠᠶᠢᠨ ᠪᠠᠶᠢᠨ ᠭᠠᠷᠴᠤ ᠪᠠᠶᠢᠨ᠎ᠠ᠃ ᠡᠭᠦᠨ ᠠᠴᠠ ᠭᠠᠳᠠᠨ᠎ᠠ᠂ ᠣᠶᠢᠷ᠎ᠠ ᠶᠢᠨ ᠵᠢᠯ ᠤᠳ ᠲᠤ ᠶᠡᠭᠡ ᠬᠡᠮᠵᠢᠶᠡᠨ ᠤ ᠬᠥᠷᠥᠩᠭᠡ ᠪᠣᠯᠪᠠᠰᠤᠷᠠᠯ ᠤᠨ ᠠᠵᠢᠯ ᠲᠥᠷᠥᠯ ᠳᠤ ᠣᠷᠣᠵᠤ᠂ ︽ᠶᠡᠭᠡ ᠮᠦᠩᠬᠦ ᠵᠠᠷᠣᠴᠠᠭᠤᠯᠬᠤ︾ ᠵᠡᠷᠭᠡ ᠪᠠᠶᠢᠳᠠᠯ ᠢ ᠪᠣᠢ ᠪᠣᠯᠭᠠᠨ᠂ ᠵᠠᠷ ᠮᠡᠳᠡᠭᠡ ᠭᠠᠵᠠᠷ ᠰᠠᠶ ᠥᠬᠡᠶ ᠨᠡᠶᠢᠲᠡᠯᠡᠵᠦ᠂ ᠨᠡᠶᠢᠭᠡᠮ ᠳᠠᠶᠠᠭᠠᠷ ᠲᠤ ︽ᠭᠠᠯᠵᠠᠭᠤᠷᠠᠭᠰᠠᠨ ᠮᠡᠲᠦ ᠣᠬᠠᠭᠤᠯᠬᠤ︾ ᠮᠠᠶ᠋ᠢᠭ ᠤᠨ ᠡᠵᠡᠩᠨᠡᠨ ᠪᠣᠷᠣᠯᠠᠭᠤᠯᠤᠯᠲᠠ ᠬᠢᠵᠦ᠂ ᠡᠯ᠎ᠡ ᠵᠦᠢᠯ ᠤᠨ ᠫᠠᠨᠽᠠᠯᠠᠨ ᠬᠤᠳᠠᠯᠳᠤᠬᠤ ᠵᠣᠪᠠᠨᠢᠯ ᠮᠠᠶ᠋ᠢᠭ ᠤᠨ ᠬᠡᠲᠦ ᠤᠬᠠᠭᠤᠯᠭ᠎ᠠ ᠬᠢᠵᠦ᠂ ᠰᠤᠷᠭᠠᠨ ᠬᠥᠮᠦᠵᠢᠯ ᠤᠨ ᠨᠡᠶᠢᠲᠡ ᠳᠤ ᠠᠰᠢᠭ ᠬᠦᠷᠳᠡᠭᠡᠬᠦ ᠰᠢᠨᠵᠢ ᠴᠢᠨᠠᠷ ᠠᠴᠠ ᠵᠥᠷᠢᠴᠡᠨ᠂ ᠰᠤᠷᠭᠠᠨ ᠬᠥᠮᠦᠵᠢᠯ ᠤᠨ ᠬᠡᠪ ᠤᠨ ᠪᠠᠶᠢᠳᠠᠯ ᠢ ᠡᠪᠳᠡᠭᠰᠡᠨ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠡᠲᠡᠭᠡᠷ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠰᠠᠨᠠᠯ ᠳᠤ ᠲᠠᠪᠤᠨ ᠲᠠᠯ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃ ᠨᠢᠭᠡ ᠳᠤ ᠬᠢᠨᠠᠨ ᠵᠥᠪᠰᠢᠶᠡᠷᠡᠬᠦ ᠪᠠᠶᠢᠭᠤᠯᠤᠮᠵᠢ ᠶᠢ ᠴᠢᠩᠳᠠᠯᠠᠬᠤ ᠶᠢ ᠪᠠᠷᠢᠮᠲᠠᠯᠠᠨ᠎ᠠ᠂ ᠬᠤᠶᠠᠷ ᠲᠤ ᠬᠥᠷᠥᠩᠭᠡᠵᠢᠭᠦᠯᠦᠨ ᠠᠵᠢᠯᠯᠠᠭᠤᠯᠬᠤ ᠶᠢ ᠴᠢᠩᠭ᠎ᠠ ᠴᠠᠭᠠᠵᠠᠯᠠᠨ᠎ᠠ᠂ ᠭᠤᠷᠪᠠ ᠳᠤ ᠪᠣᠯᠪᠠᠰᠤᠷᠠᠯ ᠤᠨ ᠠᠭᠤᠯᠭ᠎ᠠ ᠶᠢ ᠳᠠᠩᠰᠠᠯᠠᠬᠤ ᠪᠠ ᠬᠢᠨᠠᠯᠲᠠ ᠲᠠᠯᠪᠢᠬᠤ ᠲᠦᠷᠢᠮ ᠢ ᠪᠠᠶᠢᠭᠤᠯᠤᠨ᠎ᠠ᠂ ᠳᠥᠷᠪᠡ ᠳᠤ ᠰᠢᠨᠵᠢᠯᠡᠭᠡᠨ ᠤ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠰᠤᠷᠤᠯᠭ᠎ᠠ ᠡᠬᠢᠯᠡᠬᠦ ᠴᠠᠭ ᠢ ᠴᠢᠩᠭ᠎ᠠ ᠬᠢᠵᠠᠭᠠᠷᠯᠠᠨ᠎ᠠ᠂ ᠲᠠᠪᠤ ᠳᠤ ᠰᠢᠨᠵᠢᠯᠡᠭᠡᠨ ᠤ ᠲᠥᠷᠥᠯ ᠤᠨ ᠰᠦᠢᠳᠬᠡᠯ ᠬᠤᠷᠢᠶᠠᠯᠲᠠ ᠶᠢ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠳᠤ ᠣᠷᠣᠭᠤᠯᠤᠨ᠎ᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠠᠯ᠎ᠠ ᠪᠠᠷ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠴᠢᠭᠯᠡᠭᠦᠯᠦᠨ᠂ ᠤᠯᠤᠰ ᠠᠴᠠ ᠪᠠᠰᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃      ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠰᠤᠷᠤᠭᠴᠢᠳ ᠤᠨ ᠰᠤᠷᠭᠠᠭᠤᠯᠢ ᠳᠤ ᠬᠦᠢᠴᠡᠳ ᠰᠤᠷᠤᠯᠴᠠᠵᠤ ᠰᠠᠶᠢᠨ ᠰᠤᠷᠤᠯᠴᠠᠬᠤ ᠶᠢ ᠦᠨᠡᠨᠬᠦ ᠪᠠᠲᠤᠯᠠᠨ᠎ᠠ      ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠭᠠᠳᠠᠨᠠᠬᠢ ᠳᠠᠷᠤᠭᠠᠰᠤ ᠶᠢ ᠬᠡᠲᠦ ᠬᠦᠨᠳᠦᠷᠡᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠴᠢᠩᠭ᠎ᠠ ᠬᠠᠮᠢᠶᠠᠷᠬᠤ ᠪᠠᠷ ᠪᠠᠷᠠᠬᠤ ᠥᠬᠡᠶ᠂ ᠨᠠᠩ ᠴᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠤᠭᠴᠢᠳ ᠢ ᠰᠤᠷᠭᠠᠭᠤᠯᠢ ᠳᠤ ᠰᠠᠶᠢᠨ ᠰᠤᠷᠤᠯᠴᠠᠭᠤᠯᠵᠤ᠂ ᠨᠡᠶᠢᠭᠡᠮ ᠤᠨ ᠵᠣᠪᠠᠨᠢᠯ ᠢ ᠨᠠᠮᠳᠠᠭᠤᠯᠵᠤ᠂ ᠬᠡᠷ ᠤᠨ ᠠᠬᠠᠮᠠᠳ ᠤᠨ ᠬᠡᠦᠬᠡᠳ ᠢᠶᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠳᠤ ᠣᠷᠣᠯᠴᠠᠭᠤᠯᠬᠤ ᠤᠷᠮ᠎ᠠ ᠵᠣᠷᠢᠭ ᠢ ᠨᠢ ᠪᠠᠭᠤᠷᠠᠭᠤᠯᠬᠤ ᠬᠡᠷᠡᠭᠲᠡᠶ᠃      ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠵᠢᠭᠠᠵᠤ ᠭᠠᠷᠭᠠᠭᠰᠠᠨ ᠨᠢ᠂ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠬᠤᠲᠠ ᠬᠥᠳᠡᠭᠡ᠂ ᠣᠷᠣᠨ ᠪᠦᠰᠡ ᠢᠯᠠᠩᠭᠤᠶ᠎ᠠ ᠠᠳᠠᠯᠢ ᠨᠢᠭᠡ ᠣᠷᠣᠨ ᠪᠦᠰᠡ ᠶᠢᠨ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠪᠠᠭᠠᠰᠬᠠᠬᠤ ᠨᠢ ᠰᠤᠷᠤᠯᠭ᠎ᠠ ᠶᠢᠨ ᠳᠠᠷᠤᠭᠠᠰᠤ ᠶᠢ  ᠬᠦᠩᠬᠡᠷᠡᠬᠦᠯᠬᠦ ᠳᠤ ᠲᠦᠢᠯ ᠤᠨ ᠴᠢᠬᠤᠯᠠ ᠦᠢᠯᠡᠳᠦᠯ ᠭᠠᠷᠭᠠᠵᠤ ᠪᠠᠶᠢᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠳᠠᠯ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠬᠦ ᠪᠠᠷ ᠳᠠᠮᠵᠢᠭᠤᠯᠤᠨ᠂ ᠰᠢᠨ᠎ᠡ ᠴᠢᠨᠠᠷ ᠰᠠᠶᠢᠲᠠᠢ ᠰᠤᠷᠭᠠᠭᠤᠯᠢ ᠶᠢᠨ ᠪᠤᠶᠢᠵᠢᠯᠲᠠ ᠶᠢ ᠠᠬᠢᠭᠤᠯᠵᠤ᠂ ᠪᠦᠯᠦᠭᠵᠢᠭᠦᠯᠦᠨ ᠰᠤᠷᠭᠠᠭᠤᠯᠢ ᠡᠷᠬᠢᠯᠡᠬᠦ᠂ ᠰᠤᠷᠭᠠᠭᠤᠯᠢ ᠶᠢ ᠲᠣᠭᠤᠷᠢᠭᠵᠢᠭᠤᠯᠤᠨ ᠵᠠᠰᠠᠬᠤ ᠪᠠ ᠬᠤᠳᠠ ᠬᠥᠳᠡᠭᠡ  ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠷᠭᠡᠳᠬᠡᠬᠦ ᠬᠡᠷᠡᠭᠲᠡᠢ᠃ ᠡᠭᠦᠨ ᠤ ᠬᠠᠮᠲᠤ᠂ ᠰᠦᠢᠳᠬᠡᠯ ᠬᠤᠷᠢᠶᠠᠬᠤ ᠥᠬᠡᠶ ᠪᠠᠷ ᠰᠦᠯᠵᠢᠶᠡᠨ ᠳᠡᠭᠡᠷ᠎ᠡ ᠰᠤᠷᠤᠯᠴᠠᠬᠤ ᠦᠢᠯᠡᠴᠢᠯᠡᠭᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠴᠢᠨᠠᠷ ᠰᠠᠶᠢᠲᠠᠶ ᠲᠤᠰᠬᠠᠶ ᠰᠡᠳᠦᠪᠲᠦ ᠰᠤᠷᠭᠠᠨ ᠬᠥᠮᠦᠵᠢᠯ ᠤᠨ ᠡᠬᠢ ᠪᠠᠶᠠᠯᠢᠭ ᠪᠠ ᠡᠯ᠎ᠡ ᠣᠨ ᠤ ᠡᠯ᠎ᠡ ᠬᠢᠴᠢᠶᠡᠯ ᠲᠥᠷᠥᠯ ᠢ ᠬᠠᠮᠤᠷᠤᠭᠰᠠᠨ ᠰᠤᠷᠤᠯᠴᠠᠬᠤ ᠡᠬᠢ ᠪᠠᠶᠠᠯᠢᠭ ᠢ ᠬᠠᠩᠭᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠡᠷᠡᠭᠯᠡᠯᠲᠡ ᠶᠢᠨ ᠨᠣᠷᠮ᠎ᠠ ᠪᠠ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠬᠢᠴᠢᠶᠡᠯ ᠤᠨ ᠲᠠᠩᠬᠢᠮ ᠤᠨ ︽45 ᠮᠢᠨᠦ᠋ᠲ︾ ᠠᠴᠠ ᠦᠷ᠎ᠡ ᠪᠦᠲᠦᠮᠵᠢ ᠤᠯᠬᠤ ᠶᠢᠨ ᠲᠥᠯᠥᠭᠡ᠂ ᠰᠠᠨᠠᠯ ᠳᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠰᠤᠷᠭᠠᠭᠤᠯᠢ ᠶᠢ ᠵᠢᠭᠠᠨ ᠵᠢᠯᠣᠭᠤᠳᠴᠤ ᠪᠠᠶᠢᠭᠠᠳ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢ ᠰᠢᠯᠢᠳᠡᠭᠵᠢᠭᠦᠯᠦᠨ᠂ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠤᠷᠤᠭᠴᠢᠳ ᠤᠨ ᠰᠤᠷᠭᠠᠭᠤᠯᠢ ᠳᠤ ᠰᠤᠷᠤᠯᠴᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠰᠤᠷᠭᠠᠭᠤᠯᠢ ᠨᠤᠭᠤᠳ ᠤᠯᠤᠰ ᠠᠴᠠ ᠲᠣᠭᠲᠠᠭᠠᠭᠰᠠᠨ ᠬᠢᠴᠢᠶᠡᠯ ᠢ ᠪᠦᠷᠢᠨ ᠭᠦᠢᠴᠡᠳ ᠰᠠᠶᠢᠲᠤᠷ ᠨᠡᠭᠡᠭᠡᠵᠦ᠂ ᠬᠡᠦᠬᠡᠳ ᠤᠨ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠣᠯᠭᠠᠭᠤᠯᠤᠯᠲᠠ ᠶᠢ ᠢᠳᠡᠪᠬᠢᠲᠡᠢ ᠪᠠᠷ ᠠᠬᠢᠭᠤᠯᠵᠤ᠂ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠡᠬᠢᠨ ᠠᠴᠠ ᠨᠢ ᠵᠢᠭᠠᠨ ᠰᠤᠷᠭᠠᠵᠤ᠂ ᠵᠢᠭᠠᠨ ᠰᠤᠷᠭᠠᠬᠤ ᠴᠢᠬᠤᠯᠠᠳᠠᠢ ᠶᠢ ᠨᠢ ᠪᠦᠬᠦᠨ ᠢ ᠵᠢᠭᠠᠨ ᠰᠤᠷᠭᠠᠬᠤ ᠬᠡᠷᠡᠭᠲᠡᠢ᠃      ᠣᠳᠣᠬᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠢᠯᠭᠠᠯᠲᠠ ᠶᠢᠨ ᠶᠠᠰᠤ ᠴᠢᠨᠠᠷ ᠳᠤᠤᠷ᠎ᠠ ᠪᠠᠶᠢᠬᠤ ᠪᠠ ︽ᠬᠤᠪᠢ ᠶᠢ ᠯᠠ ᠬᠥᠭᠡᠭᠡᠴᠡᠯᠳᠦᠬᠦ︾ ᠬᠡᠯᠪᠡᠷᠢᠯ ᠲᠠᠢ ᠪᠠᠶᠢᠬᠤ ᠵᠡᠷᠭᠡ ᠠᠰᠠᠭᠤᠳᠠᠯ ᠵᠢᠴᠢ ᠪᠠᠭᠰᠢ ᠶᠢᠨ ᠰᠤᠷᠭᠠᠭᠤᠯᠢ ᠶᠢᠨ ᠭᠠᠳᠠᠨ᠎ᠠ ᠰᠦᠢᠳᠬᠡᠯ ᠬᠤᠷᠢᠶᠠᠵᠤ ᠬᠢᠴᠢᠶᠡᠯ ᠨᠥᠬᠦᠬᠦ ᠵᠡᠷᠭᠡ ᠮᠠᠭᠤᠬᠠᠢ ᠦᠵᠡᠭᠳᠡᠯ ᠳᠤ ᠴᠢᠭᠯᠡᠭᠦᠯᠦᠨ᠂ ᠰᠠᠨᠠᠯ ᠳᠤ ᠪᠠᠰᠠ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠳᠤᠷᠠᠳᠴᠠᠶ᠃ ᠲᠠᠨᠢᠯᠴᠠᠭᠤᠯᠤᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠶᠠᠭ ᠰᠢᠯᠭᠠᠯᠲᠠ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠳᠣᠭᠳᠠᠭᠠᠵᠦ᠂ ᠡᠭᠦᠨ ᠤ ᠲᠤᠬᠠᠶ ᠤᠯᠠᠮ ᠨᠢᠭᠡ ᠠᠯᠬᠤᠮ ᠪᠠᠶᠢᠷᠢᠯᠠᠭᠤᠯᠤᠯᠲᠠ ᠬᠢᠵᠦ ᠪᠠᠶᠢᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号