ᠯᠢ ᠺᠧ ᠴᠢᠶᠠᠩ 2021 ᠣᠨ ᠤ ᠲᠠᠶᠢᠶᠤᠸᠠᠨ ᠤ ᠡᠨᠧᠷᠭᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ  ᠳᠤ ᠣᠷᠣᠯᠴᠠᠵᠤ ᠭᠤᠣᠯ ᠵᠤᠷᠢᠯᠳᠠᠳᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/9/9
     ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 3 ᠤ ᠡᠳᠦᠷ ᠸᠢᠳᠢᠣ᠋ ᠪᠠᠷ 2021 ᠣᠨ ᠤ ᠲᠠᠶᠢᠶᠤᠸᠠᠨ ᠤ ᠡᠨᠧᠷᠭᠢ ᠶᠢᠨ ᠰᠤᠷᠪᠤᠯᠵᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠭᠤᠣᠯ ᠵᠣᠷᠢᠯᠲᠠᠲᠤ ᠶᠠᠷᠢᠶ᠎ᠠ ᠲᠠᠯᠪᠢᠪᠠ      ᠯᠢ ᠺᠧ ᠴᠢᠶᠠᠩ᠂ ᠳᠤᠮᠳᠠᠳᠤ ᠤᠯᠤᠰ ᠤᠨ ᠵᠠᠰᠠᠭ ᠤᠨ ᠣᠷᠳᠣᠨ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠪᠣᠯᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠤᠷᠬᠢᠯ ᠬᠡᠮᠵᠢᠭᠳᠡᠯ ᠳᠤ ᠬᠦᠷᠦᠭᠦᠯᠬᠦ ᠪᠠᠷ ᠴᠢᠷᠮᠠᠶᠢᠵᠤ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢ ᠪᠡᠶᠡᠯᠡᠭᠦᠯᠦᠨ᠎ᠡ ᠭᠡᠵᠦ ᠨᠡᠶᠢᠲᠡᠯᠡᠪᠡ᠃ ᠤᠢᠢᠷ᠎ᠠ ᠶᠢᠨ ᠵᠢᠯ ᠤᠳ ᠲᠤ᠂ ᠳᠤᠮᠳᠠᠳᠤ ᠤᠯᠤᠰ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠬᠡᠷᠡᠭᠵᠢᠭᠦᠯᠵᠦ᠂ ᠡᠨᠧᠷᠭᠢ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠪᠠᠷ ᠬᠦᠴᠦᠯᠡᠵᠦ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ ᠴᠢᠩᠭ᠎ᠠ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠠᠰᠤᠷᠠᠯᠲᠠ ᠦᠭᠡᠢ ᠰᠠᠶᠢᠵᠢᠷᠠᠪᠠ᠃ ᠲᠦᠷᠦᠭᠦᠬᠡᠨ ᠪᠥᠬᠦ ᠳᠡᠯᠡᠬᠡᠶ ᠶᠢᠨ ᠬᠡᠪᠴᠢᠶ᠎ᠡ ᠪᠠᠷ ᠬᠠᠮᠤᠭ ᠤᠨ ᠶᠡᠭᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠳᠤᠮᠳᠠᠳᠤ ᠤᠯᠤᠰ ᠲᠤ ᠵᠢᠩᠬᠢᠨᠢ ᠪᠠᠷ ᠠᠰᠢᠭᠯᠠᠯᠲᠠ ᠳᠤ ᠣᠷᠣᠪᠠ ᠭᠡᠵᠦ ᠢᠯᠡᠳᠬᠡᠵᠡᠢ᠃
     ᠯᠢ ᠺᠧ ᠴᠢᠶᠠᠩ᠂ ᠣᠳᠣᠬᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠯᠡ ᠪᠦᠬᠦ ᠪᠥᠮᠪᠥᠷᠴᠡᠭ ᠲᠤ ᠳᠡᠯᠭᠡᠷᠡᠵᠦ᠂ ᠸᠢᠷᠦ᠋ᠰ ᠤᠳᠠᠭ᠎ᠠ ᠳᠠᠷᠠᠭᠠᠯᠠᠨ ᠣᠨᠳᠣᠣᠰᠢᠵᠤ᠂ ᠳᠡᠯᠡᠬᠡᠢ ᠶᠢᠨ ᠠᠵᠤ ᠠᠬᠤᠢ ᠶᠢᠨ ᠲᠣᠭᠲᠠᠭᠤᠨ ᠪᠤᠰᠤ ᠴᠢᠨᠠᠷ᠂ ᠲᠣᠭᠲᠠᠪᠤᠷᠢ ᠦᠭᠡᠢ ᠴᠢᠨᠠᠷ ᠨᠡᠮᠡᠭᠳᠡᠵᠦ᠂ ᠪᠦᠬᠦ ᠪᠥᠮᠪᠥᠷᠴᠡᠭ ᠤᠨ ᠪᠣᠬᠢᠷᠲᠤᠯ ᠦᠭᠡᠢ ᠪᠠ ᠦᠷᠭᠦᠯᠵᠢᠯᠡᠬᠦᠶᠢᠴᠡ ᠬᠥᠭᠵᠢᠯᠲᠡ ᠬᠦᠨᠳᠦ ᠨᠣᠴᠢᠲᠠᠢ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠡᠯ᠎ᠡ ᠤᠯᠤᠰ ᠨᠢᠭᠲᠠ ᠬᠠᠮᠲᠤᠷᠠᠯᠴᠠᠵᠤ᠂ ᠴᠠᠭ ᠤᠨ ᠪᠡᠷᠬᠡ ᠶᠢ ᠬᠠᠮᠲᠤᠪᠠᠷ ᠲᠤᠭᠤᠯᠵᠤ᠂ ᠬᠥᠭᠵᠢᠭᠦᠯᠬᠦ ᠶᠢ ᠰᠦᠪᠡᠭᠴᠢᠯᠡᠬᠦ ᠪᠠ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠵᠡᠷᠭᠡᠪᠡᠷ ᠶᠠᠪᠤᠭᠳᠠᠭᠤᠯᠬᠤ ᠳᠤ ᠬᠠᠷᠰᠢᠯᠳᠤᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠬᠠᠷᠢᠯᠴᠠᠨ ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ ᠯᠢ ᠺᠧ ᠴᠢᠶᠠᠩ ᠡᠭᠦᠨ ᠤ ᠲᠤᠬᠠᠢ ᠭᠤᠷᠪᠠᠨ ᠰᠠᠨᠠᠭᠤᠯᠭ᠎ᠠ ᠳᠤᠷᠠᠳᠪᠠ᠄      ᠨᠢᠭᠡ ᠳᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠪᠠ ᠪᠣᠳᠠᠲᠠᠶ ᠶᠢ ᠡᠷᠬᠢᠮᠯᠡᠬᠦ ᠣᠪᠣᠷ ᠢ ᠪᠠᠷᠢᠮᠲᠠᠯᠠᠵᠤ᠂ ᠡᠨᠧᠷᠭᠢ ᠶᠢᠨ ᠰᠤᠷᠪᠤᠯᠵᠢ ᠶᠢ ᠠᠷᠢᠭᠤᠨ ᠴᠡᠪᠡᠷ ᠢᠶᠠᠷ ᠠᠰᠢᠭᠯᠠᠬᠤ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠵᠣᠬᠢᠰᠲᠠᠶ ᠪᠠᠷ ᠠᠬᠢᠭᠤᠯᠬᠤ ᠬᠡᠷᠡᠭᠲᠡᠢ᠃ ᠡᠯ᠎ᠡ ᠤᠯᠤᠰ ᠰᠢᠨᠵᠢᠯᠡᠬᠦ ᠤᠬᠠᠭᠠᠨ ᠢ ᠬᠦᠨᠳᠦᠳᠬᠡᠨ ᠬᠡᠷᠡᠭᠯᠡᠵᠦ᠂ ᠲᠣᠭᠲᠠᠭᠤᠨ ᠳᠢᠭᠯᠢᠮ ᠲᠠᠢ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠪᠠ ᠦᠢᠯᠡᠳᠪᠦᠷᠢᠯᠡᠯ ᠤᠨ ᠬᠡᠯᠪᠡᠷᠢ ᠶᠢᠨ ᠬᠤᠪᠢᠷᠠᠭᠤᠯᠤᠯᠲᠠ ᠶᠢ ᠴᠢᠳᠠᠯ ᠤᠨ ᠬᠢᠷᠢ ᠪᠠᠷ ᠢᠶᠠᠨ ᠠᠬᠢᠭᠤᠯᠬᠤ ᠬᠡᠷᠡᠭᠲᠡᠶ᠃ ᠶᠡᠷᠦᠩᠬᠡᠶ ᠬᠡᠮᠵᠢᠶ᠎ᠡ ᠶᠢ ᠬᠢᠵᠠᠭᠠᠷᠯᠠᠵᠤ᠂ ᠡᠨᠧᠷᠭᠢ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠬᠤ ᠬᠡᠷᠡᠭᠲᠡᠶ᠃ ᠪᠦᠲᠦᠴᠡ ᠶᠢ ᠲᠣᠬᠢᠷᠠᠭᠤᠯᠵᠤ᠂ ᠴᠢᠯᠠᠭᠤᠵᠢᠮᠠᠯ ᠪᠤᠰᠤ ᠡᠨᠧᠷᠭᠢ ᠶᠢᠨ ᠰᠤᠷᠪᠤᠯᠵᠢ ᠶᠢᠨ ᠠᠩᠬᠠᠳᠠᠭᠴᠢ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠳᠠᠬᠢ ᠡᠵᠡᠯᠡᠬᠦ ᠬᠠᠷᠢᠴᠠᠯ ᠢ ᠨᠡᠮᠡᠭᠳᠡᠭᠦᠯᠦᠨ᠎ᠡ᠃ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠴᠡᠪᠡᠷ ᠡᠨᠧᠷᠭᠢ ᠶᠢᠨ ᠰᠤᠷᠪᠤᠯᠵᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ᠂ ᠮᠡᠷᠭᠡᠵᠢᠯ ᠤᠨ ᠰᠢᠯᠵᠢᠯᠲᠡ ᠪᠠ ᠦᠷ᠎ᠡ ᠪᠦᠲᠦᠭᠡᠯ ᠤᠨ ᠲᠦᠭᠡᠮᠡᠯᠵᠢᠬᠦ ᠶᠢ ᠴᠢᠩᠭᠠᠳᠬᠠᠬᠤ ᠬᠡᠷᠡᠭᠲᠡᠢ᠃ ᠦᠵᠡᠯᠲᠡ ᠪᠠᠨ ᠰᠢᠨᠡᠳᠬᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠠᠮᠢᠳᠤᠷᠠᠯ ᠤᠨ ᠰᠢᠨ᠎ᠡ ᠰᠤᠷᠲᠠᠯ ᠢ ᠰᠠᠨᠠᠭᠠᠴᠢᠯᠠᠵᠤ᠂ ᠬᠥᠮᠦᠨ ᠪᠦᠬᠦᠨ ᠬᠢᠵᠦ ᠪᠣᠯᠬᠤ᠂ ᠬᠥᠮᠦᠨ ᠪᠦᠬᠦᠨ ᠣᠷᠣᠯᠴᠠᠵᠤ ᠪᠣᠯᠬᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠨᠡᠶᠢᠭᠡᠮ ᠢ ᠪᠠᠶᠢᠭᠤᠯᠬᠤ ᠬᠡᠷᠡᠭᠲᠡᠢ᠃      ᠬᠤᠶᠠᠷ ᠲᠤ᠂ ᠲᠡᠦᠬᠡ ᠶᠢᠨ ᠬᠠᠷᠢᠭᠤᠴᠠᠯᠭ᠎ᠠ ᠪᠣᠯᠤᠨ ᠤᠯᠤᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠥᠭᠵᠢᠭᠰᠡᠨ ᠤᠯᠤᠰ ᠪᠠ ᠬᠥᠭᠵᠢᠵᠦ ᠪᠠᠶᠢᠭ᠎ᠠ ᠤᠯᠤᠰ ᠤᠳ ᠤᠨ ᠠᠭᠤᠷ ᠠᠮᠢᠰᠬᠤᠯ ᠤᠨ ᠬᠤᠪᠢᠷᠠᠯᠲᠠ ᠶᠢᠨ ᠲᠤᠬᠠᠶ ᠲᠡᠦᠬᠡᠲᠦ ᠬᠠᠷᠢᠭᠤᠴᠠᠯᠭ᠎ᠠ ᠨᠢ ᠠᠳᠠᠯᠢ ᠦᠭᠡᠢ ᠪᠥᠭᠡᠳ᠂ ᠬᠥᠭᠵᠢᠯᠲᠡ ᠶᠢᠨ ᠬᠡᠷᠡᠭᠴᠡᠭᠡ ᠪᠠ ᠴᠢᠳᠠᠪᠤᠷᠢ ᠨᠢ ᠴᠦ ᠵᠥᠷᠢᠶ᠎ᠡ ᠲᠠᠢ ᠪᠠᠶᠢᠳᠠᠭ᠃ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠬᠥᠭᠵᠢᠵᠦ ᠪᠠᠶᠢᠭ᠎ᠠ ᠤᠯᠤᠰ ᠤᠳ ᠤᠨ ᠠᠩᠬᠠᠷᠤᠯ ᠪᠣᠯᠤᠨ ᠱᠠᠭᠠᠷᠳᠠᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠡᠷᠭᠡᠵᠢᠯ᠂ ᠪᠡᠯᠡ ᠮᠥᠩᠭᠦ᠂ ᠴᠢᠳᠠᠪᠤᠷᠢ ᠶᠢᠨ ᠳᠡᠮᠵᠢᠯᠭᠡ ᠪᠠᠨ ᠨᠡᠮᠡᠭᠳᠡᠭᠦᠯᠵᠦ᠂ ᠲᠡᠳᠡᠨ ᠢ ᠬᠠᠪᠰᠤᠷᠤᠨ ᠬᠥᠭᠵᠢᠯᠲᠡ ᠶᠢᠨ ᠳᠤᠮᠳᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠪᠡᠶᠡᠯᠡᠭᠦᠯᠬᠦ ᠬᠡᠷᠡᠭᠲᠡᠢ᠃      ᠭᠤᠷᠪᠠ ᠳᠤ᠂ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠪᠠ ᠪᠦᠲᠦᠴᠡ ᠶᠢᠨ ᠥᠭᠡᠷᠡᠴᠢᠯᠡᠯᠲᠡ ᠶᠢ ᠴᠢᠩᠭᠠᠳᠬᠠᠵᠤ᠂ ᠳᠡᠯᠡᠬᠡᠢ ᠶᠢᠨ ᠠᠵᠤ ᠠᠬᠤᠢ ᠶᠢᠨ ᠲᠡᠩᠴᠡᠭᠦᠷᠢᠲᠡᠢ᠂ ᠪᠣᠬᠢᠷᠲᠤᠯ ᠦᠭᠡᠢ᠂ ᠦᠷᠭᠦᠯᠵᠢᠯᠡᠬᠦᠶᠢᠴᠡ ᠰᠡᠷᠭᠦᠯᠲᠡ ᠶᠢ ᠬᠠᠮᠲᠤᠷᠠᠨ ᠪᠡᠶᠡᠯᠡᠭᠦᠯᠬᠦ ᠬᠡᠷᠡᠭᠲᠡᠢ᠃ ᠡᠯ᠎ᠡ ᠤᠯᠤᠰ ᠤᠨ ᠬᠢᠵᠢᠭ ᠤᠨ ᠳᠠᠷᠠᠭᠠᠬᠢ ᠰᠡᠷᠭᠦᠯᠲᠡ ᠨᠢ ᠪᠣᠬᠢᠷᠲᠤᠯ ᠶᠡᠬᠡᠲᠡᠢ᠂ ᠭᠠᠳᠠᠭᠰᠢᠯᠠᠭᠤᠯᠤᠯ ᠶᠡᠬᠡᠲᠡᠢ ᠬᠥᠭᠵᠢᠯᠲᠡ ᠶᠢᠨ ᠬᠠᠭᠤᠴᠢᠨ ᠵᠠᠮ ᠳᠤ ᠲᠠᠬᠢᠨ ᠣᠷᠣᠵᠤ ᠪᠣᠯᠬᠤ ᠦᠭᠡᠢ᠂ ᠠᠵᠤ ᠠᠬᠤᠢ ᠶᠢᠨ ᠬᠥᠭᠵᠢᠯᠲᠡ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠤᠷᠸ᠎ᠠ ᠲᠦᠷᠦ ᠶᠢᠨ ᠪᠤᠳᠤᠯᠭ᠎ᠠ ᠶᠢᠨ ᠡᠷᠴᠢᠮ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠤᠷᠸ᠎ᠠ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠡᠩ ᠳᠣᠣᠷ᠎ᠠ ᠦᠷᠳᠡᠭ ᠢᠶᠠᠷ ᠪᠦᠬᠦ ᠪᠥᠮᠪᠥᠷᠴᠡᠭ ᠤᠨ ᠠᠵᠤ ᠠᠬᠤᠢ ᠶᠢᠨ ᠲᠡᠩᠴᠡᠭᠦᠷᠢᠲᠡᠢ ᠰᠡᠷᠭᠦᠯᠲᠡ᠂ ᠪᠣᠬᠢᠷᠲᠤᠯ ᠦᠭᠡᠢ ᠰᠡᠷᠭᠦᠯᠲᠡ᠂ ᠦᠷᠭᠦᠯᠵᠢᠯᠡᠬᠦᠶᠢᠴᠡ ᠰᠡᠷᠭᠦᠯᠲᠡ ᠶᠢ ᠠᠬᠢᠭᠤᠯᠬᠤ ᠬᠡᠷᠡᠭᠲᠡᠢ᠃      ᠯᠢ ᠺᠧ ᠴᠢᠶᠠᠩ᠂ ᠳᠡᠯᠡᠬᠡᠢ ᠳᠡᠭᠡᠷᠡᠬᠢ ᠬᠠᠮᠤᠭ ᠤᠨ ᠲᠤᠮᠤ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠲᠤᠰ ᠵᠠᠭᠤᠨ ᠤ ᠳᠤᠮᠳᠠᠴᠢ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠠᠷᠠᠳ ᠢ ᠵᠣᠯ ᠵᠢᠷᠭᠠᠯᠲᠤ ᠠᠮᠢᠳᠤᠷᠠᠯ ᠲᠠᠢ ᠪᠣᠯᠭᠠᠬᠤ ᠶᠠᠪᠤᠴᠠ ᠳᠤ ᠳᠣᠣᠷ᠎ᠠ ᠨᠡᠭᠦᠷᠡᠰᠦᠲᠥ᠋ᠷᠥᠭᠴᠢᠲᠦ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠦᠨ᠎ᠡ᠃ ᠡᠨᠡ ᠨᠢ ᠬᠥᠮᠦᠨ ᠲᠥᠷᠥᠯᠬᠢᠲᠡᠨ ᠤ ᠲᠡᠦᠬᠡᠨ ᠳᠤ ᠭᠠᠷᠤᠭ᠎ᠠ ᠦᠭᠡᠢ ᠶᠤᠮ᠂ ᠰᠢᠷᠭᠠᠭᠤ ᠬᠠᠲᠠᠭᠤᠵᠢᠯᠲᠠᠢ ᠭᠠᠷᠮᠠᠭᠠᠢ ᠴᠢᠷᠮᠠᠶᠢᠯᠭ᠎ᠠ ᠪᠠᠷ ᠰᠠᠶ᠋ᠢ ᠪᠡᠶᠡᠯᠡᠭᠦᠯᠵᠦ ᠴᠢᠳᠠᠨ᠎ᠠ᠃ ᠪᠢᠳᠡ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ᠂ ᠬᠠᠩᠭᠠᠯᠭ᠎ᠠ᠂ ᠮᠡᠷᠭᠡᠵᠢᠯ᠂ ᠪᠠᠶᠢᠭᠤᠯᠤᠯ ᠤᠨ ᠬᠤᠪᠢᠰᠬᠠᠯ ᠢ ᠠᠬᠢᠭᠤᠯᠵᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠨᠧᠷᠭᠢ ᠶᠢᠨ ᠰᠤᠷᠪᠤᠯᠵᠢ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠦᠨᠡᠨ ᠬᠦ ᠠᠬᠢᠭᠤᠯᠤᠨ᠎ᠠ᠃ ᠬᠤᠷᠸ᠎ᠠ ᠲᠦᠷᠦ ᠶᠢᠨ ᠪᠤᠳᠤᠯᠭ᠎ᠠ ᠶᠢᠨ ᠦᠶᠡᠯᠡᠯ ᠠᠯᠤᠰᠯᠠᠨ ᠲᠣᠬᠢᠷᠠᠭᠤᠯᠬᠤ ᠶᠢ ᠰᠠᠶᠢᠲᠤᠷ ᠬᠢᠬᠦ ᠶᠢᠨ ᠬᠠᠮᠲᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠨᠢᠭᠡ ᠲᠠᠯ᠎ᠠ ᠪᠠᠷ ︽ᠬᠠᠰᠤᠬᠤ ᠠᠷᠭ᠎ᠠ︾ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠯ ᠶᠡᠭᠡ ᠭᠠᠳᠠᠭᠰᠢᠯᠠᠭᠤᠯᠬᠤ ᠠᠵᠢᠯ ᠲᠦᠷᠦᠯ ᠤᠨ ᠦᠢᠯᠡᠳᠪᠦᠷᠢᠯᠡᠯ ᠤᠨ ᠴᠢᠳᠠᠪᠤᠷᠢ ᠶᠢᠨ ᠬᠡᠪᠴᠢᠶ᠎ᠡ ᠶᠢ ᠴᠢᠩᠭ᠎ᠠ ᠬᠢᠵᠠᠭᠠᠷᠯᠠᠨ᠎ᠠ︔ ᠨᠥᠭᠦᠭᠡ ᠲᠠᠯ᠎ᠠ ᠪᠠᠷ ︽ᠨᠡᠮᠡᠬᠦ ᠠᠷᠭ᠎ᠠ︾ ᠠᠪᠴᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃      ᠲᠤᠰ ᠤᠳᠠᠭ᠎ᠠ ᠶᠢᠨ ᠶᠠᠷᠢᠶᠠᠨ ᠤ ᠲᠠᠪᠴᠠᠩ ᠨᠢ ︽ᠡᠨᠧᠷᠭᠢ  ᠠᠭᠤᠷ ᠠᠮᠢᠰᠬᠤᠯ  ᠣᠷᠴᠢᠨ ᠲᠣᠭᠤᠷᠢᠨ︾ ᠢᠶᠠᠷ ᠰᠡᠳᠦᠪᠯᠡᠵᠦ᠂ ᠡᠸ᠋ᠽᠢᠤᠫᠢᠶ᠎ᠠ ᠶᠢᠨ ᠶᠡᠷᠦᠩᠬᠡᠶᠢᠯᠡᠭᠴᠢ ᠰᠠᠾᠯᠧ — ᠸᠣᠷᠺ᠂ ᠫᠠᠫᠦ᠋ᠶᠠ ᠰᠢᠨ᠎ᠡ ᠬᠢᠨᠧᠶᠠ ᠶᠢᠨ ᠪᠦᠭᠦᠳᠡ ᠶᠢ ᠵᠠᠬᠢᠷᠤᠭᠴᠢ ᠰᠠᠶᠢᠳ ᠪᠤᠪ · ᠳ᠋ᠠᠳᠠᠶᠧ᠂ ᠺᠠᠮᠪᠣᠵᠠ ᠶᠢᠨ ᠲᠡᠷᠢᠭᠦᠨ ᠰᠠᠶᠢᠳ ᠾᠦᠨ ᠰᠧᠨ᠂ ᠯᠦᠺᠰᠧᠮᠪᠦ᠋ᠷᠡᠭ ᠤᠨ ᠲᠡᠷᠢᠭᠦᠨ ᠰᠠᠶᠢᠳ ᠪᠧᠲᠲ᠋ᠧᠯ᠂ ᠰᠷᠢ ᠯᠠᠨᠺᠠ ᠶᠢᠨ ᠶᠡᠷᠦᠩᠬᠡᠢ ᠰᠠᠶᠢᠳ ᠮᠠᠾᠢᠨᠳᠠ ᠵᠡᠷᠭᠡ ᠭᠠᠳᠠᠭᠠᠳᠤ ᠤᠯᠤᠰ ᠤᠨ ᠤᠯᠤᠰ ᠲᠦᠷᠦ ᠶᠢᠨ ᠴᠢᠬᠤᠯᠠ ᠬᠥᠮᠦᠰ ᠸᠢᠳᠢᠣ᠋ ᠪᠠᠷ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号