| | | 9 ᠰᠠᠷ᠎ᠠ ᠶᠢᠨ 3 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠵᠢᠷᠭᠤᠳᠤᠭᠠᠷ | ᠬᠤᠭᠤᠴᠠᠭᠠᠨ ᠤ ᠳᠣᠷᠣᠨᠠᠳᠠᠬᠢᠨ ᠤ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠪᠦᠬᠦᠳᠡ ᠬᠤᠷᠠᠯ ᠤᠨ ᠡᠬᠢᠯᠡᠯᠲᠡ ᠶᠢᠨ | ᠶᠣᠰᠣᠯᠠᠯ ᠳᠤ ᠸᠢᠳᠢᠣ᠋ ᠭᠡᠯᠪᠡᠷᠢ ᠪᠠᠷ ᠣᠷᠣᠯᠴᠠᠵᠤ ᠪᠠᠶᠠᠷ ᠤᠨ ᠦᠭᠡ ᠬᠡᠯᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠡ ᠰᠡᠬᠦᠳᠡᠷᠯᠡᠪᠡ | | | | | | | ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 3 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ | ᠰᠢ ᠶᠢᠨ ᠫᠢᠩ 9 ᠰᠠᠷ᠎ᠠ ᠶᠢᠨ 3 ᠤ ᠡᠳᠦᠷ ᠤᠷᠢᠯᠭ᠎ᠠ ᠪᠠᠷ ᠵᠢᠷᠭᠤᠳᠤᠭᠠᠷ ᠬᠤᠭᠤᠴᠠᠭᠠᠨ ᠤ ᠳᠣᠷᠣᠨᠠᠳᠠᠬᠢᠨ ᠤ ᠠᠵᠤ | ᠠᠬᠤᠢ ᠶᠢᠨ ᠶᠠᠷᠢᠶᠠᠨ ᠤ ᠲᠠᠪᠴᠠᠩ ᠤᠨ ᠪᠦᠬᠦᠳᠡ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠸᠢᠳᠢᠣ᠋ ᠭᠡᠯᠪᠡᠷᠢ ᠪᠠᠷ | ᠣᠷᠣᠯᠴᠠᠵᠤ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠡᠨᠡ ᠡᠳᠤᠷ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠲᠠᠶᠢᠨ ᠵᠢᠴᠢ | ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 76 ᠵᠢᠯ ᠤᠨ ᠣᠶ ᠶᠢᠨ ᠳᠤᠷᠠᠰᠬᠠᠯ ᠤᠨ ᠡᠳᠦᠷ | ᠪᠣᠯᠤᠨ᠎ᠠ᠃ ᠳᠡᠯᠡᠬᠡᠢ ᠨᠡᠶᠢᠭᠡᠮ ᠢᠶᠠᠷ ᠢᠶᠠᠨ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠡᠷᠡᠰ | ᠬᠠᠮᠠᠭᠠᠯᠠᠵᠤ᠂ ᠲᠡᠦᠬᠡ ᠶᠢᠨ ᠦᠨᠡᠨ ᠪᠠᠶᠢᠳᠠᠯ ᠢ ᠬᠠᠮᠠᠭᠠᠯᠠᠵᠤ᠂ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠪᠡᠯ | ᠵᠤᠬᠢᠨ᠎ᠠ᠃ ᠡᠨᠡ ᠵᠢᠯ ᠤᠨ 6 ᠰᠠᠷ᠎ᠠ ᠳᠤ᠂ ᠪᠢ ᠶᠡᠷᠦᠩᠬᠡᠶᠢᠯᠡᠭᠴᠢ ᠫᠦᠲ᠋ᠢᠨ ᠲᠠᠢ ᠸᠢᠳᠢᠣ᠋ ᠪᠠᠷ ᠠᠭᠤᠯᠵᠠᠯᠲᠠ ᠬᠢᠵᠦ | ︽ᠳᠤᠮᠳᠠᠳᠤ ᠤᠷᠤᠰ ᠤᠨ ᠨᠠᠶᠢᠷᠰᠠᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠶᠢᠨ ᠬᠤᠭᠤᠴᠠᠭ᠎ᠠ ᠶᠢ | ᠤᠷᠳᠤᠳᠬᠠᠨ᠎ᠠ ᠭᠡᠵᠦ ᠬᠠᠮᠲᠤ ᠪᠠᠷ ᠨᠡᠶᠢᠲᠡᠯᠡᠵᠦ᠂ ᠳᠤᠮᠳᠠᠳᠤ ᠤᠷᠤᠰ ᠤᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ | ᠪᠣᠯᠤᠨ ᠪᠦᠬᠦ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠬᠤ ᠵᠡᠷᠭᠡ ᠴᠢᠬᠤᠯᠠ ᠶᠡᠭᠡ | ᠠᠰᠠᠭᠤᠳᠠᠯ ᠤᠨ ᠲᠤᠬᠠᠢ ᠬᠠᠮᠲᠤ ᠶᠢᠨ ᠰᠢᠨ᠎ᠠ ᠲᠠᠨᠢᠯᠲᠠ ᠲᠠᠢ ᠪᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ | ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠴᠠᠭ᠎ᠠ ᠬᠥᠳᠡᠯᠭᠡᠭᠴᠢ ᠬᠦᠴᠦᠨ ᠢᠶᠠᠷ | ᠭᠦᠢᠴᠡᠳ᠂ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠴᠢᠬᠤᠯᠠᠴᠢᠯᠠᠬᠤ ᠳᠠᠭᠠᠨ᠂ ᠣᠳᠣᠬᠠᠨ ᠳᠤ ᠳᠡᠯᠡᠬᠡᠶ ᠶᠢᠨ ᠪᠠᠶᠢᠷᠢᠰᠢᠯ ᠳᠤ ᠭᠦᠨᠵᠡᠭᠡᠶ ᠬᠤᠪᠢᠰᠤᠯᠲᠠ | ᠭᠠᠷᠴᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠣᠭᠲᠠᠭᠤᠨ ᠪᠤᠰᠤ ᠪᠠᠶᠢᠵᠤ᠂ | ᠳᠡᠯᠡᠬᠡᠶ ᠶᠢᠨ ᠠᠵᠤ ᠠᠬᠤᠶ ᠶᠢᠨ ᠰᠡᠷᠬᠦᠯᠳᠠ ᠬᠦᠴᠢᠷᠳᠡᠵᠦ ᠪᠠᠶᠢᠨ᠎ᠠ᠃ ᠵᠡᠭᠦᠨ ᠬᠤᠶᠢᠲᠤ ᠠᠽᠢᠶ᠎ᠠ ᠶᠢᠨ ᠣᠷᠣᠨ ᠪᠦᠰᠡ ᠶᠢᠨ | ᠬᠠᠮᠲᠤᠷᠠᠯᠴᠠᠭ᠎ᠠ ᠳᠤ ᠬᠦᠨᠳᠦ ᠬᠡᠴᠡᠭᠦᠦ ᠥᠷᠢᠰᠥᠯᠳᠦᠭᠡᠨ ᠲᠤᠯᠭᠠᠷᠠᠵᠤ ᠪᠠᠶᠢᠬᠤ ᠮᠥᠷᠲᠡᠭᠡᠨ ᠪᠠᠰᠠ ᠴᠢᠬᠤᠯᠠ ᠠᠵᠠ | ᠲᠣᠬᠢᠶᠠᠯ ᠲᠤᠯᠭᠠᠷᠠᠵᠤ ᠪᠠᠶᠢᠨ᠎ᠠ᠃ ᠡᠯ᠎ᠡ ᠲᠠᠯ᠎ᠠ ᠶᠢᠨ ᠬᠢᠨ ᠭᠠᠵᠠᠷ ᠣᠷᠣᠨ ᠳᠠᠭᠠᠨ ᠰᠠᠭᠤᠷᠢᠯᠠᠵᠤ᠂ ᠳᠡᠯᠡᠬᠡᠢ ᠳ᠋ᠠᠬᠢᠨ ᠢ | ᠪᠠᠷᠠᠯᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠪᠡᠯ ᠵᠣᠬᠢᠨ᠎ᠠ᠃ | ᠪᠢᠳᠡ ᠬᠢᠵᠢᠭ ᠤᠨ ᠪᠠᠶᠢᠳᠠᠯ ᠤᠨ ᠥᠷᠢᠰᠥᠯᠳᠦᠭᠡᠨ ᠢ ᠠᠷᠭᠠᠴᠠᠭᠠᠬᠤ ᠲᠠᠯ᠎ᠠ ᠪᠠᠷ ᠬᠠᠷᠢᠯᠴᠠᠨ ᠬᠠᠪᠰᠤᠷᠤᠯᠴᠠᠵᠤ᠂ | ᠸᠠᠺᠼᠢᠨ ᠢ ᠰᠤᠳᠤᠯᠤᠨ ᠨᠡᠭᠡᠭᠡᠬᠦ᠂ ᠦᠢᠯᠡᠳᠪᠤᠷᠢᠯᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠯᠡᠬᠡᠶ ᠨᠡᠶᠢᠭᠡᠮ ᠳᠤ ᠣᠯᠠᠨ | ᠨᠡᠶᠢᠲᠡ ᠶᠢᠨ ᠦᠶᠯᠡᠳᠬᠦᠨ ᠢ ᠨᠡᠩ ᠤᠯᠠᠨ ᠬᠠᠩᠭᠠᠵᠤ᠂ ᠸᠠᠺᠼᠢᠨ ᠪᠣᠯᠤᠨ ᠸᠢᠷᠦ᠋ᠰ ᠤᠨ ᠡᠬᠢ ᠡᠭᠦᠰᠦᠯ ᠢ ᠡᠷᠢᠬᠦ | ᠠᠰᠠᠭᠤᠳᠠᠯ ᠢ ᠤᠯᠤᠰ ᠲᠥᠷᠥᠴᠢᠯᠡᠬᠦ ᠶᠢ ᠡᠷᠡᠰ ᠡᠰᠡᠷᠭᠦᠴᠡᠵᠦ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ ᠪᠠᠷ ᠴᠢᠷᠮᠠᠶᠢᠶ᠎ᠠ᠃ | ᠪᠢᠳᠡ ᠬᠠᠷᠢᠯᠴᠠᠨ ᠠᠰᠢᠭᠲᠠᠶ ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠧᠦ᠋ᠷᠣᠫᠠ ᠠᠽᠢᠶ᠎ᠠ ᠶᠢᠨ ᠠᠵᠤ ᠠᠬᠤᠶ ᠶᠢᠨ | ᠬᠤᠯᠪᠣᠭ᠎ᠠ ᠲᠠᠢ ᠵᠣᠯᠭᠠᠭᠤᠯᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠶᠢ | ᠡᠭᠦᠳᠬᠦ ᠬᠥᠭᠵᠢᠯᠲᠡ ᠶᠢ ᠳᠡᠮᠵᠢᠵᠦ᠂ ᠪᠥᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠬᠠᠮᠲᠤ ᠪᠠᠷ | ᠠᠷᠭᠠᠴᠠᠭᠠᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠶ᠎ᠠ᠃ | ᠪᠢᠳᠡ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠠᠭᠠᠯᠠᠬᠤ ᠲᠠᠯ᠎ᠠ ᠪᠠᠷ ᠬᠠᠮᠳᠤᠷᠠᠯ ᠬᠦᠴᠦᠨ ᠢ | ᠪᠦᠷᠢᠯᠳᠦᠭᠦᠯᠵᠦ᠂ ᠶᠠᠷᠢᠯᠴᠠᠭ᠎ᠠ ᠤᠯᠤᠯᠴᠠᠭ᠎ᠠ ᠪᠠᠷ ᠳᠠᠮᠵᠢᠭᠤᠯᠤᠨ ᠵᠥᠷᠢᠯᠳᠦᠭᠡᠨ ᠢᠶᠠᠨ ᠰᠢᠢᠳᠪᠤᠷᠢᠯᠡᠵᠦ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠤᠨ᠂ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ | ᠲᠦᠪᠰᠢᠨ ᠤ ᠦᠵᠡᠯᠲᠡ ᠶᠢ ᠪᠤᠢ ᠪᠣᠯᠭᠠᠵᠤ᠂ ᠡᠶ᠎ᠡ ᠵᠣᠬᠢᠴᠠᠩᠭᠤᠢ ᠠᠮᠤᠷ ᠲᠠᠶᠢᠪᠤᠩ ᠬᠠᠮᠲᠤ ᠶᠢᠨ ᠭᠡᠷ ᠣᠷᠣᠨ ᠢ ᠭᠠᠷ | ᠬᠤᠯᠪᠣᠨ ᠪᠦᠳᠦᠭᠡᠨ ᠪᠠᠶᠢᠭᠤᠯᠤᠶ᠎ᠠ ᠬᠡᠪᠡ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ | ᠤᠢ ᠪᠣᠯᠤᠨ᠎ᠠ᠂ ᠳᠤᠮᠳᠠᠳᠤ ᠤᠯᠤᠰ ᠨᠢᠭᠡᠨᠲᠡ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠪᠡ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ | ᠴᠢᠷᠮᠠᠶᠢᠵᠤ᠂ ᠵᠢᠩᠬᠢᠨᠢ ᠣᠯᠠᠨ ᠲᠠᠯᠠᠲᠤ ᠦᠵᠡᠯ ᠢ ᠪᠠᠷᠢᠮᠲᠠᠯᠠᠵᠤ᠂ ᠢᠲᠡᠭᠡᠯ ᠢ ᠡᠷᠬᠢᠮᠯᠡᠨ ᠡᠪ ᠨᠠᠶᠢᠷ ᠢ ᠵᠠᠰᠠᠵᠤ᠂ | ᠬᠠᠮᠳᠤᠷᠠᠯᠴᠠᠨ ᠬᠠᠮᠳᠤ ᠪᠠᠷ ᠠᠰᠢᠬ ᠬᠦᠷᠳᠡᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠳᠤ ᠴᠣᠭᠴᠠ ᠶᠢ | ᠪᠠᠶᠢᠭᠤᠯᠬᠤ ᠶᠢ ᠠᠬᠢᠭᠤᠯᠬᠤ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠨ᠎ᠠ ᠭᠡᠵᠦ ᠵᠢᠭᠠᠵᠤ ᠭᠠᠷᠭᠠᠪᠠ᠃ | ᠵᠢᠷᠭᠤᠳᠤᠭᠠᠷ ᠬᠤᠭᠤᠴᠠᠭᠠᠨ ᠤ ᠳᠣᠷᠣᠨᠠᠳᠠᠬᠢᠨ ᠤ ᠠᠵᠤ ᠠᠬᠤᠢ ᠶᠢᠨ ᠶᠠᠷᠢᠶᠠᠨ ᠤ ᠲᠠᠪᠴᠠᠩ 9 ᠰᠠᠷ᠎ᠠ ᠶᠢᠨ 2 ᠠᠴᠠ | 4 ᠤ ᠡᠳᠦᠷ ᠪᠣᠯᠲᠠᠯ᠎ᠠ ᠤᠷᠤᠰ ᠤᠨ ᠸᠯᠠᠳᠢᠸᠥᠰᠲ᠋ᠤᠺ ᠲᠤ ᠶᠠᠪᠤᠭᠳᠠᠨ᠎ᠠ᠂ ᠶᠠᠷᠢᠶᠠᠨ ᠤ ᠲᠠᠪᠴᠠᠩ ᠨᠢ ︽ᠳᠡᠯᠡᠬᠡᠢ ᠶᠢᠨ | ᠬᠤᠪᠢᠰᠤᠯᠲᠠ ᠶᠢᠨ ᠠᠬᠤᠢ ᠪᠠᠶᠢᠳᠠᠯ ᠳᠣᠣᠷᠠᠬᠢ ᠠᠯᠤᠰ ᠳᠣᠷᠣᠨᠠᠲᠤ ᠶᠢᠨ ᠰᠢᠨ᠎ᠡ ᠠᠵᠠ ᠲᠣᠬᠢᠶᠠᠯ︾ ᠢᠶᠠᠷ ᠭᠤᠤᠯ | ᠰᠡᠳᠦᠪ ᠢᠶᠠᠨ ᠪᠤᠯᠭᠠᠪᠠ᠃ | | |