ᠢᠲᠡᠭᠡᠯ ᠵᠣᠷᠢᠭ ᠢᠶᠠᠨ ᠪᠠᠲᠤᠳᠬᠠᠵᠤ ᠡᠷᠴᠢ ᠵᠣᠷᠢᠭ ᠢᠶᠠᠨ ᠬᠥᠪᠴᠢᠯᠡᠨ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2022/1/12
       ︽ᠰᠠᠶ᠋ᠢᠬᠠᠨ ᠬᠤᠷᠠᠯᠳᠤᠭᠰᠠᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠨᠢ ᠰᠢᠨ᠎ᠡ ᠨᠢᠭᠡ ᠵᠢᠯ ᠤᠨ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠵᠢᠷᠤᠭ ᠲᠥᠰᠦᠪ ᠢ ᠵᠢᠷᠤᠭᠯᠠᠪᠠ᠂ ᠪᠢᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ᠂ ᠦᠷᠭᠦᠯᠵᠢᠯᠡᠨ ᠲᠡᠮᠡᠴᠡᠵᠦ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃︾ 1 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶ᠎ᠠ ᠶᠢᠨ ︵ᠥᠷᠭᠡᠳᠬᠡᠭᠰᠡᠨ︶  ᠬᠤᠷᠠᠯ ᠪᠠᠶᠠᠨᠬᠤᠲᠠ ᠳᠤ ᠬᠤᠷᠠᠯᠳᠤᠵᠤ᠂ ᠬᠤᠷᠠᠯ ᠠᠴᠠ ᠠᠯᠠᠱᠠ ᠶᠢᠨ ᠬᠥᠭᠵᠢᠯᠲᠡ ᠶᠢᠨ ᠰᠦᠷᠯᠢᠭ ᠰᠠᠶᠢᠬᠠᠨ ᠵᠢᠷᠤᠭ ᠲᠥᠰᠦᠪ ᠢ ᠨᠠᠷᠢᠯᠢᠭ ᠵᠢᠷᠤᠭᠯᠠᠵᠤ᠂ 2022 ᠣᠨ ᠤ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠰᠲ᠋ᠧᠮ ᠲᠠᠢ ᠲᠥᠯᠥᠪᠵᠢᠭᠦᠯᠭᠡ ᠪᠠ ᠪᠠᠶᠢᠷᠢᠯᠠᠭᠤᠯᠤᠯᠲᠠ ᠬᠢᠪᠡ᠃ ᠡᠯ᠎ᠡ ᠬᠤᠰᠢᠭᠤ  ᠨᠡᠭᠡᠭᠡᠯᠳᠡ ᠶᠢᠨ ᠣᠷᠣᠨ ᠤ ᠭᠤᠣᠯ ᠬᠠᠷᠢᠭᠤᠴᠠᠯᠭᠠᠲᠠᠨ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠡᠷᠡᠮᠡᠬᠡᠶᠢᠯᠡᠨ ᠤᠷᠤᠭᠰᠢᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠢᠯᠡᠳᠬᠡᠪᠡ᠃
      ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ᠂ ᠰᠢᠨ᠎ᠡ ᠨᠢᠭᠡ ᠵᠢᠯ ᠳᠤ᠂ ᠠᠯᠠᠱᠠ ᠵᠡᠭᠦᠨ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠢᠳᠠᠯ ᠳᠤ ᠲᠤᠬᠢᠷᠠᠭᠤᠯᠤᠨ ᠲᠣᠭᠲᠠᠭᠠᠵᠤ ᠥᠭᠭᠦᠭᠰᠡᠨ ᠠᠵᠢᠯᠯᠠᠭᠠᠨ ᠤ ᠬᠥᠲᠥᠯᠪᠦᠷᠢ ᠪᠣᠯᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠡᠵᠡᠮᠳᠡᠵᠦ᠂ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠤᠨ ᠰᠠᠭᠤᠷᠢᠨ᠂ ᠲᠦᠷᠦᠯ ᠵᠦᠢᠯ ᠤᠨ ᠪᠡᠯᠡ ᠣᠷᠣᠭᠤᠯᠤᠯᠲᠠ ᠪᠠ ᠠᠵᠤ ᠠᠬᠤᠢ ᠶᠢᠨ ᠦᠷ᠎ᠡ ᠠᠰᠢᠭ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠡᠪᠡᠷ ᠡᠨᠧᠷᠭᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠮᠢ ᠠᠬᠤᠢ ᠶᠢ ᠳᠡᠷᠢᠬᠦᠨ ᠳᠤ ᠳᠠᠯᠪᠢᠵᠦ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠠᠷ ᠴᠢᠷᠮᠠᠶᠢᠨ᠎ᠠ ᠭᠡᠪᠡ᠃
      ︽ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠠᠴᠠ ᠥᠩᠭᠡᠷᠡᠭᠰᠡᠨ ᠨᠢᠭᠡ ᠵᠢᠯ ᠤᠨ ᠠᠵᠢᠯ ᠤᠨ ᠠᠮᠵᠢᠯᠲᠠ ᠪᠠᠨ ᠪᠤᠰᠤᠳᠴᠢ ᠪᠠᠷ ᠳ᠋ᠦᠩᠨᠡᠵᠦ᠂ ᠣᠳᠣᠬᠠᠨ ᠤ ᠲᠤᠯᠭᠠᠷᠠᠵᠤ ᠪᠠᠶᠢᠭ᠎ᠠ ᠪᠠᠶᠢᠳᠠᠯ ᠢ ᠣᠨᠣᠪᠴᠢᠲᠠᠶ ᠵᠠᠳᠠᠯᠵᠤ ᠰᠤᠳᠤᠯᠤᠨ ᠮᠠᠭᠠᠳᠯᠠᠵᠤ᠂ 2022 ᠣᠨ ᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠨᠢ ᠪᠣᠳᠠᠲᠠᠶ ᠲᠠᠢ ᠨᠡᠶᠢᠴᠡᠵᠦ᠂ ᠮᠠᠰᠢ ᠴᠢᠩᠭ᠎ᠠ ᠴᠢᠭᠯᠡᠯᠲᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠶᠤᠮ᠃ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ᠂ ᠠᠯᠠᠱᠠ ᠪᠠᠷᠠᠭᠤᠨ ᠬᠤᠰᠢᠭᠤ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠨ ᠤᠬᠠᠭᠤᠯᠵᠤ ᠳᠣᠣᠱᠯᠠᠭᠤᠯᠣᠨ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠢᠲᠡᠭᠡᠯ ᠵᠣᠷᠢᠭ ᠢᠶᠠᠨ ᠳᠡᠭᠡᠭᠰᠢᠯᠡᠭᠦᠯᠦᠨ ᠬᠥᠲᠥᠯᠥᠨ ᠳᠠᠭᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠺᠠᠳ᠋ᠷ ᠬᠥᠲᠥᠯᠥᠨ ᠳᠠᠭᠠᠭᠤᠯᠵᠤ᠂ ᠰᠤᠷᠲᠠᠯ ᠢᠶᠠᠷ ᠠᠵᠢᠯ ᠤᠨ ᠲᠦᠪᠰᠢᠨ ᠢ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠨ ᠤᠬᠠᠭᠤᠯᠵᠤ᠂ ᠠᠯᠠᠱᠠ ᠪᠠᠷᠠᠭᠤᠨ ᠬᠤᠰᠢᠭᠤ ᠶᠢ ᠲᠡᠮᠡᠭᠡᠨ ᠰᠦ  ᠦᠢᠯᠡᠳᠪᠦᠷᠢᠯᠡᠵᠦ ᠡᠳ᠋ᠰᠢᠭᠦᠯᠦᠨ ᠪᠣᠷᠣᠯᠠᠭᠤᠯᠬᠤ ᠴᠢᠬᠤᠯᠠ ᠲᠥᠪ᠂ ᠪᠠᠶᠢᠭᠠᠯᠢ ᠶᠢᠨ ᠬᠤᠵᠢᠷ ᠦᠢᠯᠡᠳᠪᠦᠷᠢᠯᠡᠵᠦ ᠡᠳ᠋ᠰᠢᠭᠦᠯᠦᠨ ᠪᠣᠷᠣᠯᠠᠭᠤᠯᠬᠤ ᠲᠥᠪ᠂ ᠡᠯᠡᠰᠦᠨ ᠴᠥᠯ ᠤᠨ ᠵᠢᠭᠤᠯᠴᠢᠯᠠᠯ ᠤᠨ ᠬᠠᠷᠠᠯᠳᠠᠳᠣ ᠭᠠᠵᠠᠷ ᠤᠨ ᠲᠥᠪᠯᠡᠷᠡᠭᠦᠯᠦᠨ ᠲᠠᠷᠬᠠᠭᠠᠬᠤ ᠲᠥᠪ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠠᠯᠠᠱᠠ ᠪᠠᠷᠠᠭᠤᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠪᠡ᠃
      ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠪᠦᠬᠡ᠂ ᠡᠵᠡᠨ᠎ᠡ ᠬᠤᠰᠢᠭᠤ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠠᠳᠬᠤᠨ ᠰᠠᠶᠢᠲᠤᠷ ᠠᠳᠬᠤᠵᠤ᠂ ᠡᠮᠴᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠡᠮᠴᠢᠯᠡᠭᠡᠨ ᠤ ᠦᠢᠯᠡᠴᠢᠯᠡᠬᠡᠨ ᠤ ᠲᠦᠪᠰᠢᠨ ᠢ ᠳᠡᠭᠡᠭᠰᠢᠯᠡᠭᠦᠯᠦᠨ᠎ᠡ ᠭᠡᠪᠡ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠬᠤᠪᠣᠷ ᠨᠠᠨᠳᠢᠨ ᠬᠠᠷ᠎ᠠ ᠭᠤᠤᠯ ᠤᠨ ᠤᠰᠤᠨ ᠤ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠡᠵᠡᠨ᠎ᠡ ᠶᠢᠨ ᠲᠤᠤᠷᠠᠶ ᠶᠢᠨ ᠣᠶ ᠶᠢᠨ ᠬᠠᠮᠠᠭᠠᠯᠠᠯᠲᠠ ᠶᠢᠨ ᠣᠷᠣᠨ ᠤ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠡᠪᠡᠰᠦ ᠪᠣᠷᠳᠣᠭᠠᠨ ᠤ ᠭᠠᠵᠠᠷ ᠪᠠ ᠲᠠᠪᠤᠨ ᠢᠵᠢ ᠪᠥᠷᠢᠳᠦᠭᠰᠡᠨ ᠡᠪᠡᠰᠦᠨ ᠤ ᠬᠦᠮᠦᠷᠭᠡ ᠶᠢ ᠳᠦᠷᠢᠮᠵᠢᠬᠦᠯᠦᠨ ᠳᠠᠷᠢᠬᠤ ᠶᠢ ᠦᠷᠭᠦᠯᠵᠢᠯᠡᠨ ᠠᠬᠢᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠣᠴᠢᠣᠸᠠᠨ ᠠᠴᠠ ᠡᠵᠡᠨ᠎ᠡ ᠬᠦᠷᠬᠦ ᠲᠡᠮᠦᠷ ᠵᠠᠮ ᠤᠨ ᠳ᠋ᠦᠩ ᠹᠧᠩ ᠰᠠᠨᠰᠠᠷ ᠤᠨ ᠬᠤᠳᠠ ᠶᠢᠨ ᠡᠮᠦᠨ᠎ᠡ ᠠᠴᠠ ᠳᠠᠯᠠᠶᠢᠬᠦ᠋ᠪ ᠬᠦᠷᠬᠦ ᠬᠡᠰᠡᠭ᠂ ᠤᠯᠤᠰ  ᠤᠨ ᠵᠠᠮ ᠤᠨ 213 ᠱᠤᠭᠤᠮ ᠤᠨ ᠳᠠᠯᠠᠶᠢᠬᠦ᠋ᠪ ᠪᠠᠯᠭᠠᠰᠤ ᠠᠴᠠ ᠳ᠋ᠦᠩ ᠹᠧᠩ ᠰᠠᠨᠰᠠᠷ ᠤᠨ ᠬᠤᠲᠠ ᠬᠦᠷᠬᠦ ᠬᠡᠰᠡᠭ ᠪᠠ ᠳ᠋ᠦᠩ ᠹᠧᠩ ᠰᠠᠨᠰᠠᠷ ᠤᠨ ᠬᠤᠲᠠ ᠠᠴᠠ ᠠᠷᠪᠠᠨ ᠳᠥᠷᠪᠡᠳᠦᠭᠡᠷ ᠰᠠᠭᠤᠷᠢᠨ ᠭᠠᠵᠠᠷ ᠬᠦᠷᠬᠦ ᠬᠡᠰᠡᠭ᠂ ᠡᠵᠡᠨ᠎ᠡ ᠬᠤᠰᠢᠭᠤᠨ ᠤ ᠨᠢᠰᠬᠡᠯ ᠤᠨ ᠪᠠᠭᠤᠳᠠᠯ ᠢ ᠳᠡᠰ ᠳᠡᠪᠰᠢᠭᠦᠯᠬᠦ ᠵᠡᠷᠭᠡ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠠᠷᠤᠢ ᠲᠦᠷᠭᠡᠨ ᠬᠡᠷᠡᠭᠵᠢᠭᠦᠯᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠡᠵᠡᠨ᠎ᠡ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠪᠡ᠃
       ︽ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠠᠴᠠ᠄ ᠬᠦᠴᠦᠨ ᠢᠶᠠᠨ ᠲᠥᠪᠯᠡᠷᠡᠭᠦᠯᠦᠨ ᠠᠯᠠᠱᠠ ᠳᠡᠭᠡᠳᠦ ᠰᠢᠨ᠎ᠡ ᠮᠡᠷᠭᠡᠵᠢᠯ ᠤᠨ  ᠨᠡᠭᠡᠭᠡᠯᠳᠡ ᠶᠢᠨ ᠣᠷᠣᠨ ᠢ ᠪᠥᠲᠥᠭᠡᠨ ᠪᠠᠶᠢᠭᠤᠯᠵᠤ᠂ ︿ᠬᠤᠶᠠᠷ ᠬᠦᠷᠢᠶᠡᠯᠡᠩ ᠭᠤᠷᠪᠠᠨ ᠲᠣᠭᠤᠷᠢᠭ﹀ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠬᠤ ᠪᠠᠶᠢᠭᠤᠯᠣᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠨᠠᠩ ᠶᠡᠭᠡ ᠬᠡᠪᠴᠢᠶᠡᠨ ᠳᠤ ᠡᠯᠧᠮᠧᠨ᠋ᠲ ᠢ ᠲᠥᠪᠯᠡᠷᠡᠭᠦᠯᠵᠦ᠂ ᠡᠬᠢ ᠪᠠᠶᠠᠯᠢᠭ ᠢ ᠲᠣᠬᠢᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ ᠢ ᠡᠷᠲᠡᠬᠡᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ ᠪᠣᠯᠬᠤ ᠶᠢ ᠠᠬᠢᠭᠤᠯᠬᠤ ᠬᠡᠷᠡᠭᠲᠡᠶ︾ ᠭᠡᠪᠡ᠃ ᠠᠯᠠᠱᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶᠠᠩ ᠴᠢᠩ ᠵᠢᠢ᠂ ᠪᠢᠳᠠ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠪᠡᠯᠡ ᠣᠷᠣᠭᠤᠯᠤᠯᠲᠠ ᠶᠢ ᠥᠷᠭᠡᠳᠬᠡᠬᠦ᠂ ᠬᠥᠭᠵᠢᠯᠲᠡ ᠶᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠬᠦᠴᠦᠯᠡᠨ ᠰᠠᠶᠢᠲᠤᠷ ᠬᠢᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ᠂ ᠴᠡᠪᠡᠷ ᠡᠨᠧᠷᠭᠢ ᠶᠢ ᠶᠡᠭᠡ ᠪᠠᠷ ᠬᠥᠭᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃
       ︽ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠬᠤᠶᠠᠷ ᠬᠤᠷᠢᠭ᠎ᠠ ᠱᠤᠭᠤᠮ ᠢ ᠪᠠᠲᠤ ᠰᠠᠬᠢᠵᠤ᠂ ᠬᠥᠳᠡᠭᠡ ᠠᠵᠤ ᠠᠬᠤᠢ ᠶᠢᠨ ᠪᠦᠲᠦᠴᠡ ᠶᠢᠨ ᠲᠤᠬᠢᠷᠠᠭᠤᠯᠤᠯᠳᠠ᠂ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠵᠢᠭᠤᠯᠴᠢᠯᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠨᠠᠮ ᠢ ᠬᠠᠮᠢᠶᠠᠷᠬᠤ ᠨᠠᠮ ᠢ ᠵᠠᠰᠠᠬᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃︾ ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠭᠦᠳᠡᠯ ᠠᠷᠠᠳ ᠤᠨ ᠵᠢᠱᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠢᠶᠠᠨ ᠰᠢᠤᠸᠠᠢ ᠸᠧᠨ᠂ ᠵᠢᠱᠢᠶ᠎ᠡ ᠦᠵᠡᠭᠦᠯᠬᠦ ᠣᠷᠣᠨ ᠤ ᠪᠦᠬᠦ ᠨᠠᠮ ᠤᠨ ᠭᠡᠰᠢᠭᠦᠨ ᠺᠠᠳ᠋ᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠣᠣᠱᠯᠠᠭᠤᠯᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠠᠩᠬᠠᠨ ᠤ ᠵᠣᠷᠢᠯᠳᠠ ᠡᠭᠦᠷᠭᠡ ᠬᠠᠷᠢᠭᠤᠴᠠᠯᠭ᠎ᠠ ᠪᠠᠨ ᠡᠷᠡᠰ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠪᠡ᠃
       ᠴᠡᠭᠡ ᠪᠣᠭᠤᠮᠲᠠ ᠶᠢᠨ ᠠᠵᠤ ᠠᠬᠤᠢ ᠶᠢᠨ ᠨᠡᠬᠡᠬᠡᠯᠳᠡ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠮᠥᠷᠡᠨ᠂ ᠴᠡᠭᠡ ᠪᠣᠭᠤᠮᠲᠠ ᠪᠣᠯ ᠮᠠᠨ ᠤ ᠠᠶᠢᠮᠠᠭ ᠤᠨ ᠭᠠᠳᠠᠭᠠᠳᠤ ᠨᠡᠬᠡᠬᠡᠯᠳᠡ ᠶᠢᠨ ᠴᠢᠬᠤᠯᠠ ᠴᠤᠩᠬᠤᠪᠴᠢ᠂ ᠮᠥᠨ ᠴᠦ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠪᠣᠯᠤᠨ᠎ᠠ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠱᠠᠭᠠᠷᠳᠠᠯᠭ᠎ᠠ ᠶᠢ ᠡᠷᠡᠰ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠡᠶᠢᠭᠡᠮ ᠲᠣᠭᠤᠷᠢᠭ᠂ ᠨᠢᠭᠡᠴᠡ ᠪᠠ ᠬᠤᠪᠢ ᠬᠥᠮᠦᠨ ᠤ ︽ᠲᠠᠪᠤᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠣᠭᠤᠮᠲᠠ ᠶᠢᠨ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠪᠠᠲᠤ ᠪᠠᠬᠢ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ ᠥᠨᠳᠥᠷ ᠪᠠᠷᠢᠮᠵᠢᠶ᠎ᠠ ᠪᠠᠷ ᠵᠢᠷᠤᠵᠤ ᠲᠥᠯᠥᠪᠯᠡᠨ ᠨᠠᠷᠢᠯᠢᠭᠵᠢᠭᠤᠯᠵᠤ᠂ ᠪᠣᠭᠤᠮᠲᠠ ᠪᠠᠷ ᠥᠩᠭᠡᠷᠡᠬᠦ ᠵᠠᠭᠪᠤᠷ ᠢ ᠰᠠᠶᠢᠵᠢᠷᠠᠭᠤᠯᠤᠨ᠂ ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠪᠣᠭᠤᠮᠲᠠ ᠪᠠᠷ ᠲᠣᠭᠲᠠᠭᠤᠨ ᠡᠮᠬᠢ ᠵᠢᠷᠤᠮ ᠲᠠᠢ ᠬᠡᠪ ᠤᠨ ᠪᠠᠶᠢᠳᠠᠯ ᠢᠶᠠᠷ ᠥᠩᠭᠡᠷᠡᠬᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠰᠠᠶᠢᠲᠤᠷ ᠪᠡᠯᠡᠳᠬᠡᠯ ᠬᠢᠵᠦ᠂ ᠪᠣᠭᠤᠮᠲᠠ ᠶᠢᠨ ᠭᠠᠳᠠᠭᠠᠳᠤ ᠨᠡᠭᠡᠭᠡᠯᠲᠡ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ ᠂ ᠬᠢᠯᠢ ᠪᠠᠷ ᠣᠷᠣᠵᠤ ᠭᠠᠷᠬᠤ ᠪᠠᠷᠠᠭ᠎ᠠ ᠥᠩᠭᠡᠷᠡᠬᠦ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ ᠭᠡᠪᠡ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号