ᠥᠷᠭᠡᠨ ᠣᠯᠠᠨ ᠠᠷᠠᠳ ᠲᠦᠮᠡᠨ ᠤ ᠪᠣᠳᠠᠲᠤ ᠬᠡᠷᠡᠭᠴᠡᠭᠡ ᠳᠤ ᠢᠳᠡᠪᠬᠢᠲᠡᠶ ᠬᠠᠷᠢᠭᠤᠯᠲᠠ ᠥᠭᠬᠦ ᠶᠢᠨ | ᠲᠥᠯᠥᠭᠡ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠪᠠ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠦᠩᠭᠡᠷᠡᠬᠦᠯᠵᠦ᠂ ︽︿ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤ ᠦᠶ᠎ᠡ ᠶᠢᠨ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠪᠠ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠶ ᠰᠠᠨᠠᠯ﹀ ᠢ ᠳᠠᠷᠤᠮᠠᠯᠯᠠᠨ | ᠳᠠᠷᠬᠠᠭᠠᠬᠤ ᠳᠣᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ﹇ | 2021﹈ 40 ᠳ᠋ᠣᠭᠡᠷ ᠲᠣᠭᠠᠲᠤ︶᠂ ︽︿ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ | ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠶ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠳᠠᠷᠬᠠᠭᠠᠬᠤ | ᠳᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠨᠠᠮ ᠠᠯᠪᠠᠨ ᠲᠠᠷᠬᠠᠭᠠᠭᠰᠠᠨ ﹇2021﹈ 20 ᠳ᠋ᠤᠭᠠᠷ ᠲᠣᠭᠠᠲᠤ︶᠂ ︽ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ | ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠰᠤᠷᠭᠠᠨ ᠰᠠᠭᠤᠷᠢ ᠲᠢᠩᠬᠢᠮ ﹇2021﹈ | 28 ᠳ᠋ᠤᠭᠠᠷ ᠲᠣᠭᠠᠲᠤ︶᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠤᠨ | ᠳᠠᠷᠠᠭᠠᠬᠢ ᠦᠢᠯᠡᠴᠢᠯᠡᠬᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ︵ᠥᠪᠥᠷ ᠰᠤᠷᠭᠠᠨ ᠰᠠᠭᠤᠷᠢ ᠵᠠᠬᠢᠳᠠᠯ ﹇2021﹈ | 34 ᠳ᠋ᠣᠭᠡᠷ ᠲᠣᠭᠠᠲᠤ︶ ᠪᠣᠯᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠤᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠳᠦᠷᠢᠮᠵᠢᠬᠦᠯᠬᠦ ᠲᠤᠬᠠᠶ | ᠮᠡᠳᠡᠭᠳᠡᠯ︾ ︵ᠥᠪᠥᠷ ᠰᠤᠷᠭᠠᠨ ᠰᠠᠭᠤᠷᠢ ᠥᠰᠥᠭ ﹇2020﹈ 24 ᠳ᠋ᠣᠭᠡᠷ ᠳᠣᠭᠠᠳᠣ︶᠂ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠭᠤᠷᠪᠠᠨ ᠰᠠᠯᠠᠭ᠎ᠠ ᠮᠥᠴᠢᠷ ᠤᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠦᠢᠯᠡᠴᠢᠯᠡᠭᠡᠨ ᠤ | ᠴᠢᠨᠠᠷᠲᠠᠶ ᠰᠦᠢᠳᠬᠡᠯ ᠬᠤᠷᠢᠶᠠᠬᠤ ᠪᠠ ᠣᠷᠣᠯᠠᠨ ᠰᠦᠢᠳᠬᠡᠯ ᠬᠤᠷᠢᠶᠠᠬᠤ ᠬᠤᠯᠪᠣᠭᠳᠠᠯ ᠪᠦᠬᠦᠢ ᠠᠰᠠᠭᠤᠳᠠᠯ ᠢ | ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠦᠨ᠎ᠡ | ᠰᠦᠢᠳᠬᠡᠯ ᠦᠰᠦᠭ ﹇2021﹈ 830 ᠳ᠋ᠣᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠮᠠᠨ ᠤ | ᠠᠶᠢᠮᠠᠭ ᠤᠨ ᠪᠣᠳᠠᠲᠠᠶ ᠲᠠᠢ ᠣᠶᠠᠯᠳᠣᠭᠤᠯᠣᠨ᠂ ᠲᠤᠰ ᠬᠡᠷᠡᠭᠵᠢᠭᠦᠯᠬᠦ ᠲᠥᠰᠦᠯ ᠢ ᠳᠣᠭᠳᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ | ᠥᠷᠨᠢᠭᠦᠯᠬᠦ ᠪᠣᠯ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠪᠠ ᠪᠥᠬᠦ ᠲᠠᠯ᠎ᠠ ᠪᠠᠷ ᠬᠥᠭᠵᠢᠬᠦ ᠶᠢ | ᠠᠬᠢᠭᠤᠯᠬᠤ᠂ ᠬᠡᠷ ᠤᠨ ᠠᠬᠠᠮᠠᠳ ᠢ ᠬᠠᠪᠰᠤᠷᠤᠨ ᠰᠤᠷᠤᠭᠴᠢᠳ ᠢ ᠴᠠᠭ ᠲᠠᠭᠠᠨ ᠲᠤᠰᠴᠤ ᠬᠦᠷᠭᠡᠬᠦ ᠬᠦᠴᠢᠷᠳᠡᠯ ᠢ ᠨᠢ | ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠂ ᠰᠤᠷᠭᠠᠨ ᠬᠥᠮᠦᠵᠢᠯ ᠤᠨ ᠦᠢᠯᠡᠴᠢᠯᠡᠬᠡᠨ ᠤ ᠴᠢᠳᠠᠪᠤᠷᠢ ᠶᠢ | ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠠᠳ ᠣᠯᠠᠨ ᠢ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠵᠣᠯ | ᠵᠢᠷᠭᠠᠯᠲᠤ ᠲᠥᠷᠥᠭᠳᠡᠯ ᠲᠠᠢ ᠪᠣᠯᠭᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ ᠭᠠᠵᠠᠷ ᠡᠯ᠎ᠡ | ᠰᠤᠷᠭᠠᠭᠤᠯᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠢ | ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠬᠦᠢᠴᠡᠳ ᠳᠠᠨᠢᠵᠦ᠂ ᠤᠯᠤᠰ ᠲᠥᠷᠥ ᠶᠢᠨ ᠵᠣᠭᠰᠣᠴᠠ ᠪᠠᠨ | ᠤᠯᠠᠮ ᠨᠢᠭᠡ ᠠᠯᠬᠤᠮ ᠳᠡᠭᠡᠭᠰᠢᠯᠡᠬᠦᠯᠦᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠠᠬᠢᠭᠤᠯᠬᠤ ᠶᠢ ︽ᠲᠠᠪᠤᠨ | ᠵᠦᠢᠯ ᠤᠨ ᠬᠠᠮᠢᠶᠠᠷᠤᠯᠲᠠ︾ ᠪᠠ ︽ᠬᠤᠶᠠᠷ ᠢ ᠬᠦᠩᠭᠡᠷᠡᠬᠦᠯᠬᠦ︾ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠴᠢᠬᠤᠯᠠ ᠠᠭᠤᠯᠭ᠎ᠠ ᠪᠣᠯᠭᠠᠵᠦ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠬᠠᠮᠤᠷᠬᠤ | ᠬᠡᠪᠴᠢᠶ᠎ᠡ ᠶᠢ ᠴᠢᠷᠮᠠᠶᠢᠨ ᠦᠷᠭᠡᠳᠬᠡᠵᠦ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠶᠠᠰᠤ ᠴᠢᠨᠠᠷ ᠪᠠ ᠬᠢᠷᠢ | ᠲᠦᠪᠰᠢᠨ ᠢ ᠳᠡᠭᠡᠭᠰᠢᠯᠡᠬᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠬᠤᠰᠢᠭᠤ ᠨᠡᠭᠡᠭᠡᠯᠳᠡ ᠶᠢᠨ ᠣᠷᠣᠨ ᠳᠤ | ᠨᠡᠶᠢᠳᠡᠮ ᠬᠡᠷᠡᠭᠵᠢᠭᠦᠯᠬᠦ ᠶᠢ ᠠᠬᠢᠭᠤᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠨᠡᠶᠢᠳᠡᠮ | ᠬᠠᠮᠣᠷᠣᠭᠤᠯᠣᠨ᠂ ᠬᠡᠷᠡᠭᠴᠡᠭᠡ ᠲᠠᠢ ᠰᠤᠷᠤᠭᠴᠢ ᠶᠢ ᠪᠦᠬᠦᠨ ᠢ ᠬᠠᠮᠣᠷᠴᠦ᠂ ᠠᠵᠢᠯᠯᠠᠬᠤ ᠡᠳᠦᠷ ᠪᠦᠬᠦᠨ ᠢ ᠬᠠᠮᠣᠷᠴᠦ | ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠬᠦᠯᠦᠨ | ᠂ ᠰᠢᠨ᠎ᠡ ᠴᠠᠭ ᠦᠶ᠎ᠡ ᠶᠢᠨ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ | ᠡᠷᠬᠢᠯᠡᠨ᠎ᠡ᠃ | ᠬᠤᠶᠠᠷ᠂ ᠠᠵᠢᠯ ᠤᠨ ᠵᠠᠷᠴᠢᠮ | ︵ᠨᠢᠭᠡ︶ ᠨᠡᠶᠢᠲᠡ ᠳᠤ ᠠᠰᠢᠭ ᠬᠦᠷᠳᠡᠭᠡᠬᠦ ᠰᠢᠨᠵᠢ ᠴᠢᠨᠠᠷ ᠢ ᠪᠠᠷᠢᠮᠳᠠᠯᠠᠨ᠎ᠠ᠃ ᠬᠢᠴᠢᠶᠡᠯ ᠤᠨ ᠳᠠᠷᠠᠭᠠᠬᠢ | ᠦᠢᠯᠡᠴᠢᠯᠡᠭᠡ ᠨᠢ ᠨᠡᠶᠢᠲᠡ ᠳᠤ ᠠᠰᠢᠭ ᠬᠦᠷᠳᠡᠭᠡᠬᠦ ᠤᠳᠤᠷᠢᠳᠤᠮᠵᠢ ᠶᠢ ᠪᠠᠷᠢᠮᠲᠠᠯᠠᠵᠤ᠂ ᠠᠰᠢᠭ ᠣᠯᠵᠤ ᠪᠣᠯᠬᠤ | ᠦᠭᠡᠢ᠃ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠢ ᠥᠷᠨᠢᠭᠦᠯᠬᠦ ᠳᠤ ᠬᠡᠷᠡᠭᠰᠡᠬᠦ | ᠵᠠᠷᠤᠳᠠᠯ ᠢ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠠᠷ ᠭᠤᠤᠯ ᠪᠣᠯᠭᠠᠵᠤ᠂ ᠬᠡᠷ ᠤᠨ ᠠᠬᠠᠮᠠᠳ | ᠠᠵᠢᠯᠯᠠᠭᠠᠨ ᠤ ᠥᠪᠡᠷ ᠤᠨ ᠥᠷᠲᠡᠭ ᠢ ᠵᠦᠶ ᠵᠣᠬᠢᠰᠲᠠᠶ ᠬᠤᠪᠢᠶᠠᠨ ᠡᠭᠦᠷᠭᠡᠯᠡᠬᠦ ᠵᠡᠷᠭᠡ ᠣᠯᠠᠨ ᠵᠦᠢᠯ ᠤᠨ ᠠᠷᠭ᠎ᠠ | ᠵᠠᠮ ᠢᠶᠠᠷ ᠪᠠᠲᠤᠯᠠᠵᠤ᠂ ᠰᠤᠷᠭᠠᠭᠤᠯᠢ ᠶᠢᠨ ᠰᠦᠢᠳᠬᠡᠯ ᠬᠤᠷᠢᠶᠠᠬᠤ ᠥᠬᠡᠶ ᠪᠠᠷ ᠬᠠᠩᠭᠠᠵᠤ ᠳᠡᠶᠢᠯᠬᠦ ᠡᠬᠢ ᠪᠠᠶᠠᠯᠢᠭ | ᠪᠠ ᠦᠢᠯᠡᠴᠢᠯᠡᠭᠡ ᠶᠢ ᠰᠦᠢᠳᠬᠡᠯ ᠬᠤᠷᠢᠶᠠᠬᠤ ᠥᠬᠡᠶ ᠪᠠᠷ ᠬᠠᠩᠭᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ | ᠨᠡᠷ᠎ᠡ ᠪᠠᠷ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠨᠡᠶᠢᠳᠡᠮ ᠬᠠᠷᠠᠭᠠᠯᠵᠠᠬᠤ ᠵᠠᠷᠴᠢᠮ ᠢ ᠪᠠᠷᠢᠮᠲᠠᠯᠠᠨ᠎ᠠ᠃ ᠠᠵᠤ ᠠᠬᠤᠶ ᠨᠢ ᠬᠦᠴᠢᠷᠳᠡᠯᠲᠡᠶ ᠬᠡᠷ | ᠪᠦᠯᠢ ᠶᠢᠨ ᠰᠤᠷᠤᠭᠴᠢᠳ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠬᠤ ᠳᠤ᠂ ᠰᠤᠷᠤᠭᠴᠢᠳ ᠢ | ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ ᠬᠠᠰᠤᠵᠤ ᠬᠡᠯᠲᠦᠷᠢᠭᠦᠯᠬᠦ ᠪᠤᠶᠤ | ᠨᠥᠬᠦᠪᠥᠷᠢ ᠥᠭᠴᠦ᠂ ᠬᠡᠷ ᠲᠡᠭᠡᠨ ᠬᠤᠴᠣᠷᠤᠭᠰᠠᠨ ᠬᠡᠦᠬᠡᠳ᠂ ᠬᠤᠲᠠ ᠣᠷᠣᠵᠤ ᠬᠦᠴᠦ ᠶᠠᠪᠤᠭᠰᠠᠳ ᠤᠨ ᠳᠠᠭᠠᠵᠤ | ᠨᠡᠭᠦᠭᠰᠡᠨ ᠦᠷ᠎ᠡ ᠬᠡᠦᠬᠡᠳ ᠵᠡᠷᠭᠡ ᠪᠠᠴᠢᠮ ᠱᠠᠭᠠᠷᠳᠠᠭᠳᠠᠬᠤ ᠦᠢᠯᠡᠴᠢᠯᠡᠬᠡᠨ ᠤ ᠨᠡᠶᠢᠲᠡ ᠴᠣᠭᠴᠠ ᠶᠢ ᠤᠷᠢᠳᠠᠪᠠᠷ | ᠪᠠᠲᠤᠯᠠᠨ᠎ᠠ᠃ | ︵ᠭᠤᠷᠪᠠ︶ ᠢᠯᠡ ᠲᠣᠳᠣ ᠪᠠᠶᠢᠬᠤ ᠶᠢ ᠪᠠᠷᠢᠮᠲᠠᠯᠠᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠭᠡ | ᠥᠷᠨᠢᠭᠦᠯᠵᠦ ᠪᠠᠶᠢᠭ᠎ᠠ ᠰᠤᠷᠭᠠᠭᠤᠯᠢ ᠨᠤᠭᠤᠳ ᠦᠢᠯᠡᠴᠢᠯᠡᠬᠦ ᠴᠠᠭ᠂ ᠦᠢᠯᠡᠴᠢᠯᠡᠬᠦ ᠠᠭᠤᠯᠭ᠎ᠠ᠂ ᠦᠢᠯᠡᠴᠢᠯᠡᠬᠦ ᠠᠷᠭ᠎ᠠ | ᠮᠠᠶ᠋ᠢᠭ᠂ ᠠᠮᠤᠷ ᠲᠦᠪᠰᠢᠨ ᠤ ᠠᠷᠭ᠎ᠠ ᠬᠡᠮᠵᠢᠶ᠎ᠡ᠂ ᠵᠠᠷᠤᠳᠠᠯ ᠤᠨ ᠪᠠᠷᠢᠮᠵᠢᠶ᠎ᠠ ᠵᠡᠷᠭᠡ ᠵᠦᠢᠯᠡᠰ ᠢᠶᠠᠨ ᠢᠯᠡ ᠪᠣᠯᠭᠠᠵᠤ᠂ | ᠰᠣᠷᠣᠭᠴᠢ᠂ ᠬᠡᠷ ᠤᠨ ᠠᠬᠠᠮᠠᠳ ᠪᠣᠯᠤᠨ ᠨᠡᠶᠢᠭᠡᠮ ᠤᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠬᠦ ᠬᠡᠷᠡᠭᠲᠡᠶ᠃ | ︵ᠳᠥᠷᠪᠡ︶ ᠰᠠᠶᠢᠨ ᠳᠤᠷ᠎ᠠ ᠠᠴᠠ ᠪᠠᠨ ᠰᠣᠩᠭᠤᠯᠲᠠ ᠬᠢᠬᠦ ᠶᠢ ᠪᠠᠷᠢᠮᠲᠠᠯᠠᠨ᠎ᠠ᠃ ᠬᠢᠴᠢᠶᠡᠯ ᠤᠨ ᠳᠠᠷᠠᠭᠠᠬᠢ | ᠦᠢᠯᠡᠴᠢᠯᠡᠭᠡ ᠨᠢ ᠰᠤᠷᠤᠭᠴᠢ ᠶᠢᠨ ᠭᠡᠷ ᠤᠨ ᠠᠬᠠᠮᠠᠳ ᠤᠨ ᠰᠠᠶᠢᠨ ᠳᠤᠷ᠎ᠠ ᠶᠢᠨ ᠵᠠᠷᠴᠢᠮ ᠢ ᠪᠠᠷᠢᠮᠲᠠᠯᠠᠨ᠎ᠠ᠃ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠲᠠᠷᠬᠠᠭᠰᠠᠨ ᠤ ᠳᠠᠷᠠᠭ᠎ᠠ ᠬᠢᠴᠢᠶᠡᠯ ᠤᠨ ᠳᠠᠷᠠᠭᠠᠬᠢ | ᠦᠢᠯᠡᠴᠢᠯᠡᠭᠡ ᠳᠤ ᠣᠷᠣᠯᠴᠠᠬᠤ ᠡᠰᠡᠬᠦ ᠶᠢ ᠰᠣᠷᠣᠭᠴᠢ ᠶᠢᠨ ᠬᠡᠷ ᠤᠨ ᠠᠬᠠᠮᠠᠳ ᠥᠪᠡᠰᠦᠪᠡᠨ ᠰᠣᠩᠭᠤᠨ᠎ᠠ᠃ | ᠶᠠᠮᠠᠷᠪᠠ ᠠᠷᠭ᠎ᠠ ᠮᠠᠶ᠋ᠢᠭ ᠢᠶᠠᠷ ᠰᠤᠷᠤᠭᠴᠢᠳ ᠢ ᠠᠯᠪᠠᠳᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠵᠤ | ᠪᠠᠶᠢᠭᠠᠳ ᠣᠷᠣᠯᠴᠠᠭᠤᠯᠬᠤ ᠶᠢ ᠴᠢᠩᠭ᠎ᠠ ᠴᠠᠭᠠᠵᠠᠯᠠᠵᠤ᠂ ᠶᠠᠮᠠᠷᠪᠠ ᠠᠷᠭ᠎ᠠ ᠮᠠᠶ᠋ᠢᠭ ᠢᠶᠠᠷ ᠰᠤᠷᠤᠭᠴᠢᠳ ᠢ ᠲᠡᠪᠴᠢᠬᠦ | ᠪᠤᠶᠤ ᠰᠢᠯᠲᠠᠭᠯᠠᠨ ᠣᠷᠣᠯᠴᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ︵ᠲᠠᠪᠤ︶ ᠰᠤᠷᠭᠠᠭᠤᠯᠢ ᠪᠠᠷ ᠭᠤᠤᠯᠯᠠᠭᠤᠯᠬᠤ ᠶᠢ ᠪᠠᠷᠢᠮᠲᠠᠯᠠᠨ᠎ᠠ᠃ ᠡᠯ᠎ᠡ ᠳᠤᠮᠳᠠᠳᠤ ᠪᠠᠭ᠎ᠠ | ᠰᠤᠷᠭᠠᠭᠤᠯᠢ ᠨᠤᠭᠤᠳ ᠪᠠᠭᠰᠢ᠂ ᠲᠠᠯᠠᠪᠤᠷ᠂ ᠪᠡᠯᠡᠳᠬᠡᠮᠵᠢ ᠲᠥᠬᠦᠭᠡᠷᠦᠮᠵᠢ ᠵᠡᠷᠭᠡ ᠲᠠᠢ ᠤᠶᠠᠯᠳᠤᠭᠤᠯᠤᠨ | ᠪᠣᠳᠠᠲᠠᠶ ᠠᠴᠠ ᠡᠭᠦᠰᠦᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠶ ᠪᠠᠷ ᠨᠥᠬᠦᠴᠡᠯ | ᠪᠦᠷᠢᠯᠳᠦᠭᠦᠯᠦᠨ᠂ ᠬᠢᠴᠢᠶᠡᠯ ᠤᠨ ᠳᠠᠷᠠᠭᠠᠬᠢ ᠡᠯᠪᠡᠭ ᠪᠠᠶᠠᠯᠢᠭ ᠣᠯᠠᠨ ᠶᠠᠩᠵᠤ ᠶᠢᠨ ᠦᠢᠯᠡᠴᠢᠯᠡᠭᠡ ᠶᠢ ᠥᠷᠨᠢᠭᠦᠯᠵᠦ᠂ | ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠠᠯᠢ ᠴᠢᠳᠠᠬᠤ ᠪᠠᠷ ᠬᠠᠩᠭᠠᠨ᠎ᠠ᠃ | ᠭᠤᠷᠪᠠ᠂ ᠦᠢᠯᠡᠴᠢᠯᠡᠬᠡᠨ ᠤ ᠲᠣᠬᠢᠷᠠᠭᠤᠯᠤᠯᠲᠠ | ︵ᠨᠢᠭᠡ︶ ᠦᠢᠯᠡᠴᠢᠯᠡᠬᠦ ᠡᠲᠡᠭᠡᠳ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠶᠢᠨ ᠪᠦᠬᠦ ᠰᠤᠷᠤᠭᠴᠢ᠃ | ︵ᠬᠤᠶᠠᠷ︶ ᠦᠢᠯᠡᠴᠢᠯᠡᠬᠦ ᠴᠠᠭ᠃ ᠬᠢᠴᠢᠶᠡᠯ ᠤᠨ ᠳᠠᠷᠠᠭᠠᠬᠢ ᠦᠢᠯᠡᠴᠢᠯᠡᠬᠦ ᠴᠠᠭ ᠨᠢ ᠶᠡᠷᠦ ᠳᠡᠭᠡᠨ ᠬᠡᠪ ᠤᠨ | ᠬᠢᠴᠢᠶᠡᠯᠯᠡᠬᠦ ᠡᠳᠦᠷ ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ︶ ᠤᠨ ᠦᠳᠡ ᠶᠢᠨ ᠬᠤᠶᠢᠨ᠎ᠠ ᠬᠢᠴᠢᠶᠡᠯ | ᠪᠠᠭᠤᠭᠰᠠᠨ ᠤ ᠳᠠᠷᠠᠭ᠎ᠠ ᠶᠠᠪᠤᠭᠳᠠᠭᠤᠯᠵᠤ᠂ ᠭᠠᠷᠠᠭ ᠪᠦᠷᠢ 5 ᠡᠳᠦᠷ ᠪᠣᠯᠪᠠᠯ ᠴᠥᠮ ᠥᠷᠨᠢᠭᠦᠯᠵᠦ᠂ ᠬᠢᠴᠢᠶᠡᠯ ᠤᠨ | ᠳᠠᠷᠠᠭᠠᠬᠢ ᠦᠢᠯᠡᠴᠢᠯᠡᠬᠦ ᠴᠠᠭ ᠢ ᠡᠩ ᠤᠨ ᠪᠠᠶᠢᠳᠠᠯ ᠳᠤ 2 ᠴᠠᠭ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ | ᠪᠣᠳᠠᠲᠠᠶ ᠦᠢᠯᠡᠴᠢᠯᠡᠬᠦ ᠴᠠᠭ ᠢ ᠡᠯ᠎ᠡ ᠭᠠᠵᠠᠷ ᠡᠯ᠎ᠡ ᠰᠤᠷᠭᠠᠭᠤᠯᠢ ᠨᠢ ᠲᠤᠬᠠᠶ ᠶᠢᠨ ᠭᠠᠵᠠᠷ ᠤᠨ ᠪᠣᠳᠠᠲᠤ | ᠪᠠᠶᠢᠳᠠᠯ ᠢᠶᠠᠨ ᠦᠨᠳᠦᠰᠦᠯᠡᠨ ᠲᠣᠭᠲᠠᠭᠠᠵᠤ᠂ ᠦᠢᠯᠡᠴᠢᠯᠡᠭᠡ ᠳᠠᠭᠤᠰᠬᠤ ᠴᠠᠭ ᠢ ᠲᠤᠬᠠᠶ ᠶᠢᠨ ᠭᠠᠵᠠᠷ ᠤᠨ | ᠠᠵᠢᠯᠯᠠᠵᠤ ᠠᠮᠠᠷᠠᠬᠤ ᠴᠠᠭ ᠯᠤᠭ᠎ᠠ ᠵᠣᠯᠭᠠᠭᠤᠯᠵᠤ᠂ ᠬᠡᠷ ᠤᠨ ᠠᠬᠠᠮᠠᠳ ᠤᠨ ᠰᠣᠷᠣᠭᠴᠢ ᠲᠣᠰᠬᠤ ᠳᠤ ᠬᠦᠴᠢᠷᠲᠡᠶ | ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠵᠠᠷᠴᠢᠮ ᠳᠡᠭᠡᠷ᠎ᠡ ᠪᠠᠨ 19᠄ 00 ᠠᠴᠠ ᠣᠷᠣᠶ ᠪᠠᠶᠢᠯᠭᠠᠵᠤ | ᠪᠣᠯᠬᠤ ᠥᠬᠡᠶ᠃ ᠨᠥᠬᠦᠴᠡᠯ ᠲᠠᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠭᠠᠷᠠᠭ ᠤᠨ ᠨᠢᠭᠡᠨ ᠠᠴᠠ | ᠭᠠᠷᠠᠭ ᠤᠨ ᠲᠠᠪᠤᠨ ᠪᠣᠯᠲᠠᠯ᠎ᠠ ᠣᠷᠣᠶ ᠶᠢᠨ ᠳᠠᠪᠲᠠᠯᠭ᠎ᠠ ᠲᠣᠬᠢᠷᠠᠭᠤᠯᠵᠤ ᠪᠣᠯᠤᠨ᠎ᠠ᠂ ᠡᠩ ᠤᠨ ᠪᠠᠶᠢᠳᠠᠯ ᠳᠤ 2 | ᠴᠠᠭ ᠤᠨ ᠳᠣᠲᠣᠷ᠎ᠠ ᠪᠠᠶᠢᠷᠢ ᠳᠤ ᠰᠠᠭᠤᠬᠤ ᠪᠤᠰᠤ ᠳᠦᠷᠢᠮᠲᠦ ᠰᠤᠷᠭᠠᠭᠤᠯᠢ ᠶᠢᠨ ᠣᠷᠣᠶ ᠶᠢᠨ ᠳᠠᠪᠲᠠᠯᠭ᠎ᠠ ᠶᠢᠨ | ᠳᠠᠭᠤᠰᠬᠤ ᠴᠠᠭ ᠢ ᠵᠠᠷᠴᠢᠮ ᠳᠡᠭᠡᠷ᠎ᠡ ᠪᠠᠨ 20᠄ 30 ᠠᠴᠠ ᠣᠷᠣᠢ ᠪᠠᠶᠢᠯᠭᠠᠵᠤ ᠪᠣᠯᠬᠤ ᠥᠬᠡᠶ᠂ ᠪᠠᠶᠢᠷᠢ ᠳᠤ | ᠰᠠᠭᠤᠬᠤ ᠳᠦᠷᠢᠮᠲᠦ ᠰᠤᠷᠭᠠᠭᠤᠯᠢ ᠶᠢᠨ ᠣᠷᠣᠶ ᠶᠢᠨ ᠳᠠᠪᠲᠠᠯᠭ᠎ᠠ ᠶᠢᠨ ᠳᠠᠭᠤᠰᠬᠤ ᠴᠠᠭ ᠢ ᠰᠤᠷᠤᠭᠴᠢᠳ ᠤᠨ | ᠤᠨᠲᠠᠬᠤ ᠠᠴᠠ ᠡᠮᠦᠨᠡᠬᠢ ᠪᠡᠯᠡᠳᠬᠡᠯ ᠪᠠ ᠤᠨᠲᠠᠬᠤ ᠴᠠᠭ ᠢ ᠬᠦᠢᠴᠡᠳ ᠪᠠᠲᠤᠯᠠᠬᠤ ᠬᠡᠷᠡᠭᠲᠡᠶ᠃ ᠣᠨᠴᠣᠭᠤᠢ | ᠬᠡᠷᠡᠭᠴᠡᠭᠡ ᠲᠠᠢ ᠰᠤᠷᠤᠭᠴᠢᠳ ᠲᠤ ᠬᠤᠶᠢᠰᠢᠯᠠᠭᠤᠯᠤᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠬᠤ | ᠬᠡᠷᠡᠭᠲᠡᠢ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠭᠰᠠᠨ ᠰᠤᠷᠤᠭᠴᠢᠳ ᠤᠶᠠᠨ ᠬᠠᠲᠠᠨ | ᠴᠢᠨᠠᠷ ᠲᠠᠢ ᠪᠠᠷ ᠰᠤᠷᠭᠠᠭᠤᠯᠢ ᠠᠴᠠ ᠰᠠᠯᠬᠤ ᠶᠢ ᠬᠡᠷᠡᠭᠵᠢᠭᠦᠯᠵᠦ᠂ ᠬᠡᠷ ᠤᠨ ᠠᠬᠠᠮᠠᠳ ᠨᠠᠷ ᠬᠢᠴᠢᠶᠡᠯ ᠤᠨ ᠳᠠᠷᠠᠭᠠᠬᠢ | ᠦᠶ᠋ᠯᠡᠴᠢᠯᠡᠭᠡᠨ ᠤ ᠬᠤᠭᠤᠴᠠᠭᠠᠨ ᠳᠠᠭᠠᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠰᠤᠷᠭᠠᠭᠤᠯᠢ᠂ ᠪᠠᠭᠰᠢ ᠨᠠᠷ ᠲᠠᠢ | ᠪᠦᠲᠦᠮᠵᠢᠲᠡᠶ ᠵᠣᠯᠭᠠᠯᠳᠤᠭᠰᠠᠨ ᠪᠠᠶᠢᠳᠠᠯ ᠳᠤᠤᠷ᠎ᠠ᠂ ᠬᠡᠷᠡᠭᠴᠡᠭᠡ ᠶᠣᠰᠣᠭᠠᠷ ᠰᠣᠷᠣᠭᠴᠢ ᠶᠢ ᠲᠣᠰᠴᠤ ᠠᠪᠠᠴᠢᠨ᠎ᠠ᠂ | ᠭᠡᠪᠡᠴᠦ ᠰᠤᠷᠭᠠᠭᠤᠯᠢ ᠳᠤ ᠪᠡᠶ᠎ᠡ ᠪᠠᠨ ᠳᠠᠭᠠᠭᠠᠵᠤ ᠰᠤᠷᠤᠯᠴᠠᠬᠤ ᠱᠠᠭᠠᠷᠳᠠᠯᠭ᠎ᠠ ᠲᠠᠢ ᠰᠣᠷᠣᠭᠴᠢ ᠶᠢ ᠠᠯᠪᠠᠳᠠᠯᠭ᠎ᠠ ᠪᠠᠷ | ᠰᠤᠷᠭᠠᠭᠤᠯᠢ ᠠᠴᠠ ᠬᠠᠷᠢᠭᠤᠯᠵᠦ ᠪᠣᠯᠬᠤ ᠥᠬᠡᠶ᠃ | ︵ᠭᠤᠷᠪᠠ︶ ᠦᠢᠯᠡᠴᠢᠯᠡᠭᠡᠨ ᠤ ᠠᠭᠤᠯᠭ᠎ᠠ᠃ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ | ᠬᠢᠴᠢᠶᠡᠯ ᠤᠨ ᠥᠭᠡᠷᠡᠴᠢᠯᠡᠯᠲᠡ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠰᠤᠷᠭᠠᠭᠤᠯᠢ ᠡᠷᠭᠢᠯᠡᠬᠦ ᠣᠨᠴᠠᠯᠢᠭ | ᠵᠢᠴᠢ ᠰᠤᠷᠤᠭᠴᠢᠳ ᠤᠨ ᠰᠤᠷᠤᠯᠴᠠᠬᠤ ᠪᠠ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ | ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠭᠤᠯᠭ᠎ᠠ ᠶᠢ ᠵᠦᠶ ᠵᠣᠬᠢᠰᠲᠠᠶ ᠳᠣᠭᠢᠷᠠᠭᠤᠯᠵᠤ᠂ ᠪᠠᠭ᠎ᠠ | ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠨᠢ ᠪᠦᠯᠬᠦᠮ ᠨᠡᠶᠢᠲᠡ ᠶᠢᠨ ᠠᠵᠢᠯᠯᠠᠭ᠎ᠠ᠂ ᠬᠢᠴᠢᠶᠡᠯ ᠤᠨ | ᠭᠠᠳᠠᠭᠤᠷᠬᠢ ᠤᠩᠰᠢᠯᠭ᠎ᠠ᠂ ᠦᠢᠯᠡᠳᠦᠯᠬᠡ ᠶᠢᠨ ᠠᠵᠢᠯᠯᠠᠭ᠎ᠠ᠂ ᠭᠠᠷ ᠠᠵᠢᠯᠯᠠᠭᠠᠨ ᠤ ᠲᠥᠷᠥᠯ ᠢᠶᠠᠷ ᠭᠤᠤᠯ ᠪᠣᠯᠭᠠᠬᠤ | ᠬᠡᠷᠡᠭᠲᠡᠶ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠠᠰᠢᠭᠯᠠᠨ ᠪᠢᠴᠢᠭ ᠤᠨ ᠳᠠᠰᠬᠠᠯ ᠲᠣᠬᠢᠷᠠᠭᠤᠯᠵᠤ ᠪᠣᠯᠬᠤ | ᠥᠬᠡᠶ︔ ᠭᠤᠷᠪᠠ ᠠᠴᠠ ᠵᠢᠷᠭᠤᠳᠤᠭᠠᠷ ᠣᠨ ᠳᠤ ᠪᠡᠶ᠎ᠡ ᠪᠠᠨ ᠳᠠᠭᠠᠭᠠᠵᠤ ᠰᠤᠷᠤᠯᠴᠠᠬᠤ᠂ ᠪᠡᠶ᠎ᠡ ᠪᠠᠨ ᠳᠠᠭᠠᠭᠠᠵᠤ | ᠳᠠᠰᠬᠠᠯ ᠬᠢᠬᠦ᠂ ᠬᠢᠴᠢᠶᠡᠯ ᠤᠨ ᠭᠠᠳᠠᠨᠠᠬᠢ ᠤᠩᠰᠢᠯᠭ᠎ᠠ᠂ ᠳᠠᠰᠬᠠᠯ ᠤᠨ ᠬᠠᠪᠰᠤᠷᠤᠨ ᠵᠢᠯᠣᠭᠤᠳᠣᠯᠭ᠎ᠠ᠂ ᠪᠡᠶ᠎ᠡ ᠶᠢᠨ | ᠲᠠᠮᠢᠷ ᠭᠤᠸ᠎ᠠ ᠰᠠᠶᠢᠬᠠᠨ ᠬᠥᠳᠡᠯᠮᠦᠷᠢ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠳᠤᠷ᠎ᠠ ᠰᠣᠨᠢᠷᠬᠠᠯ ᠤᠨ | ᠳᠤᠭᠤᠶᠢᠯᠠᠩ᠂ ᠪᠦᠯᠬᠦᠮ ᠨᠡᠶᠢᠲᠡ ᠶᠢᠨ ᠠᠵᠢᠯᠯᠠᠭ᠎ᠠ᠂ ᠰᠡᠳᠬᠢᠬᠦᠶ ᠶᠢ ᠥᠷᠭᠡᠳᠬᠡᠬᠦ ᠪᠣᠯᠪᠠᠰᠤᠷᠠᠯ᠂ ᠶᠡᠷᠦᠩᠬᠡᠶᠢᠯᠡᠭᠰᠡᠨ | ᠦᠢᠯᠡᠳᠦᠯᠬᠡ ᠪᠠᠷ ᠭᠤᠤᠯ ᠪᠣᠯᠭᠠᠨ᠎ᠠ︔ ᠳᠣᠯᠤᠭ᠎ᠠ ᠠᠴᠠ ᠶᠢᠰᠦᠳᠦᠭᠡᠷ ᠣᠨ ᠪᠣᠯᠲᠠᠯ᠎ᠠ ᠳᠠᠰᠬᠠᠯ ᠤᠨ ᠵᠢᠯᠣᠭᠤᠳᠤᠮᠵᠢ᠂ | ᠰᠤᠷᠤᠯᠭ᠎ᠠ ᠶᠢᠨ ᠨᠥᠬᠦᠪᠥᠷᠢ᠂ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠬᠢᠴᠢᠶᠡᠯ ᠤᠨ ᠭᠠᠳᠠᠨᠠᠬᠢ ᠤᠩᠰᠢᠯᠭ᠎ᠠ᠂ | ᠨᠡᠶᠢᠭᠡᠮ ᠤᠨ ᠪᠦᠯᠬᠦᠮ ᠤᠨ ᠠᠵᠢᠯᠯᠠᠭ᠎ᠠ᠂ ᠶᠡᠷᠦᠩᠬᠡᠶᠢᠯᠡᠭᠰᠡᠨ ᠦᠢᠯᠡᠳᠦᠯᠭᠡ᠂ ᠰᠡᠳᠬᠢᠴᠡ ᠶᠢᠨ ᠵᠢᠯᠣᠭᠤᠳᠤᠮᠵᠢ ᠪᠠᠷ | ᠭᠤᠣᠯᠯᠠᠨ᠎ᠠ᠃ ᠰᠤᠷᠭᠠᠭᠤᠯᠢ ᠨᠢ ᠰᠤᠷᠤᠭᠴᠢᠳ ᠤᠨ ᠥᠪᠡᠰᠦᠪᠡᠨ ᠰᠤᠷᠤᠯᠴᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ | ᠴᠢᠬᠤᠯᠠᠴᠢᠯᠠᠵᠤ᠂ ᠡᠳᠦᠷ ᠪᠦᠷᠢ 1 ᠴᠠᠭ ᠣᠷᠴᠢᠮ ᠤᠨ ᠴᠠᠭ ᠲᠣᠬᠢᠷᠠᠭᠤᠯᠵᠤ ᠰᠤᠷᠤᠭᠴᠢᠳ ᠢ ᠵᠣᠬᠢᠶᠠᠨ | ᠪᠠᠶᠢᠭᠤᠯᠤᠨ ᠪᠡᠶ᠎ᠡ ᠪᠠᠨ ᠳᠠᠭᠠᠭᠠᠨ ᠰᠤᠷᠤᠯᠴᠠᠬᠤ᠂ ᠪᠡᠶ᠎ᠡ ᠪᠠᠨ ᠳᠠᠭᠠᠭᠠᠨ ᠳᠠᠰᠬᠠᠯ ᠬᠢᠬᠦ᠂ ᠪᠡᠶ᠎ᠡ ᠪᠠᠨ ᠳᠠᠭᠠᠭᠠᠨ ᠨᠣᠮ | ᠤᠩᠰᠢᠬᠤ ᠪᠣᠯᠭᠠᠵᠤ᠂ ᠪᠠᠭᠰᠢ ᠪᠠᠨ ᠵᠦᠶ ᠵᠣᠬᠢᠰᠲᠠᠶ ᠳᠣᠭᠢᠷᠠᠭᠤᠯᠤᠨ ᠪᠠᠭ᠎ᠠ ᠰᠤᠷᠭᠠᠭᠤᠯᠢ ᠶᠢᠨ ᠰᠤᠷᠤᠭᠴᠢᠳ ᠢ | ᠵᠢᠯᠣᠭᠤᠳᠴᠤ ᠪᠠᠶᠢᠭᠠᠳ ᠰᠤᠷᠭᠠᠭᠤᠯᠢ ᠶᠢᠨ ᠳᠣᠲᠣᠷ᠎ᠠ ᠪᠢᠴᠢᠭ ᠤᠨ ᠳᠠᠰᠬᠠᠯ ᠢ ᠦᠨᠳᠦᠰᠦᠨ ᠳᠡᠭᠡᠨ ᠪᠡᠶᠡᠯᠡᠭᠦᠯᠵᠦ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠶᠢᠨ ᠳᠣᠲᠣᠷ᠎ᠠ ᠶᠡᠬᠡᠩᠬᠢ ᠲᠣᠭᠠᠨ ᠤ | ᠪᠢᠴᠢᠭ ᠤᠨ ᠳᠠᠰᠬᠠᠯ ᠢ ᠪᠡᠶᠡᠯᠡᠭᠦᠯᠬᠦ ᠬᠡᠷᠡᠭᠲᠡᠶ᠃ ᠪᠥᠬᠦ ᠰᠤᠷᠤᠭᠴᠢᠳ ᠲᠤ ᠬᠠᠨᠳᠤᠭᠤᠯᠬᠤ ᠶᠢ ᠪᠠᠷᠢᠮᠲᠠᠯᠠᠨ᠂ | ᠰᠤᠷᠤᠯᠭ᠎ᠠ ᠶᠢᠨ ᠪᠠᠶᠢᠳᠠᠯ ᠢ ᠵᠠᠳᠠᠯᠬᠤ ᠠᠵᠢᠯ ᠤᠨ ᠲᠣᠭᠲᠠᠴᠠ ᠪᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ︽ | ᠠᠩᠭᠢ ᠰᠢᠯᠵᠢᠬᠦ︾ ᠶᠢ ᠲᠠᠰ ᠳᠠᠪᠬᠤᠷᠭ᠎ᠠ ᠬᠤᠪᠢᠶᠠᠨ ᠬᠠᠪᠰᠤᠷᠤᠨ ᠵᠢᠯᠣᠭᠤᠳᠬᠤ ᠶᠢ ᠢᠳᠡᠪᠬᠢᠲᠡᠶ ᠰᠦᠪᠡᠭᠴᠢᠯᠡᠨ᠂ | ᠪᠠᠭᠰᠢ ᠨᠠᠷ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ ᠪᠠᠶᠢᠭᠠᠳ ᠰᠤᠷᠤᠯᠴᠠᠯᠭ᠎ᠠ ᠨᠢ ᠬᠦᠴᠢᠷᠳᠡᠯᠲᠡᠶ | ᠰᠤᠷᠤᠭᠴᠢᠳ ᠢ ᠣᠨᠴᠠ ᠵᠠᠷᠢᠮ ᠬᠠᠪᠰᠤᠷᠤᠨ ᠵᠢᠯᠣᠭᠤᠳᠬᠤ ᠪᠠ ᠬᠢᠴᠢᠶᠡᠯ ᠰᠤᠷᠤᠯᠭ᠎ᠠ ᠶᠢᠨ ᠬᠢᠨ ᠤ ᠮᠠᠳᠠᠭ ᠲᠠᠢ | ᠠᠰᠠᠭᠤᠳᠠᠯ ᠢ ᠨᠢ ᠲᠠᠶᠢᠯᠬᠤ ᠬᠡᠷᠡᠭᠲᠡᠶ︔ ᠰᠤᠷᠤᠯᠴᠠᠬᠤ ᠴᠢᠳᠠᠪᠤᠷᠢ ᠲᠠᠢ ᠰᠤᠷᠤᠭᠴᠢᠳ ᠲᠤ ᠰᠤᠷᠤᠯᠴᠠᠬᠤ ᠣᠷᠣᠨ | ᠵᠠᠶ ᠶᠢ ᠨᠢ ᠥᠷᠭᠡᠳᠬᠡᠵᠦ᠂ ᠡᠯᠪᠡᠭ ᠪᠠᠶᠠᠯᠢᠭ ᠤᠳᠬ᠎ᠠ ᠤᠷᠠᠯᠢᠭ᠂ ᠪᠡᠶ᠎ᠡ ᠶᠢᠨ ᠲᠠᠮᠢᠷ᠂ ᠬᠥᠳᠡᠯᠮᠦᠷᠢ᠂ ᠤᠩᠰᠢᠯᠭ᠎ᠠ᠂ | ᠰᠡᠳᠬᠢᠴᠡ ᠶᠢᠨ ᠬᠠᠪᠰᠤᠷᠤᠨ ᠵᠢᠯᠣᠭᠤᠳᠤᠯᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠷ᠎ᠠ ᠰᠣᠨᠢᠷᠬᠠᠯ ᠤᠨ | ᠳᠤᠭᠤᠶᠢᠯᠠᠩ ᠵᠢᠴᠢ ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠤᠨ ᠪᠡᠶ᠎ᠡ ᠪᠠᠨ | ᠳᠠᠭᠠᠭᠠᠵᠤ ᠰᠣᠩᠭᠤᠯᠲᠠ ᠬᠢᠬᠦ ᠳᠤ ᠬᠠᠩᠭᠠᠨ᠂ ᠰᠤᠷᠤᠭᠴᠢᠳ ᠤᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ | ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠬᠡᠷᠡᠭᠲᠡᠶ᠃ ᠦᠨᠳᠦᠰᠦᠲᠡᠨ ᠤ ᠬᠡᠯᠡ ᠪᠠᠷ ᠬᠢᠴᠢᠶᠡᠯᠯᠡᠬᠦ | ᠰᠤᠷᠭᠠᠭᠤᠯᠢ ᠨᠤᠭᠤᠳ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ | ᠠᠭᠤᠯᠭ᠎ᠠ ᠶᠢ ᠬᠠᠪᠰᠤᠷᠤᠨ ᠵᠢᠯᠣᠭᠤᠳᠬᠤ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠬᠤ ᠪᠠᠷ ᠵᠦᠶ ᠵᠣᠬᠢᠰᠲᠠᠶ | ᠲᠣᠬᠢᠷᠠᠭᠤᠯᠬᠤ ᠬᠡᠷᠡᠭᠲᠡᠶ᠃ ᠬᠢᠴᠢᠶᠡᠯ ᠤᠨ ᠳᠠᠷᠠᠭᠠᠬᠢ ᠦᠢᠯᠡᠴᠢᠯᠡᠬᠦ ᠴᠠᠭ ᠢ ᠠᠰᠢᠭᠯᠠᠨ ᠬᠠᠮᠲᠤ ᠪᠠᠷ ᠬᠢᠴᠢᠶᠡᠯ | ᠨᠥᠬᠦᠬᠦ᠂ ᠰᠢᠨ᠎ᠡ ᠬᠢᠴᠢᠶᠡᠯ ᠶᠠᠷᠢᠬᠤ ᠪᠠ ᠰᠢᠯᠭᠠᠯᠲᠠ ᠬᠢᠵᠦ ᠪᠣᠯᠪᠠᠰᠤᠷᠠᠭᠤᠯᠬᠤ ᠶᠢ ᠴᠢᠩᠭ᠎ᠠ ᠴᠠᠭᠠᠵᠠᠯᠠᠵᠤ᠂ | ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠦᠨᠳᠦᠷᠡᠭᠦᠯᠵᠦ ᠪᠣᠯᠬᠤ ᠥᠬᠡᠶ᠃ | ︵ᠳᠥᠷᠪᠡ︶ ᠵᠣᠬᠢᠶᠠᠨ ᠪᠠᠶᠢᠭᠤᠯᠬᠤ ᠠᠷᠭ᠎ᠠ ᠮᠠᠶ᠋ᠢᠭ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ | ᠰᠤᠷᠭᠠᠭᠤᠯᠢ ᠠᠴᠠ ᠬᠠᠩᠭᠠᠬᠤ ᠪᠠᠷ ᠭᠤᠤᠯ ᠪᠣᠯᠭᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠬᠡᠷᠡᠭᠴᠡᠭᠡ | ᠱᠠᠭᠠᠷᠳᠠᠯᠭ᠎ᠠ ᠲᠠᠢ ᠰᠣᠷᠣᠭᠴᠢ ᠶᠢᠨ ᠬᠡᠷ ᠤᠨ ᠠᠬᠠᠮᠠᠳ ᠰᠤᠷᠭᠠᠭᠤᠯᠢ ᠳᠤ ᠰᠠᠶᠢᠨ ᠳᠤᠷ᠎ᠠ ᠠᠴᠠ ᠪᠠᠨ ᠭᠤᠶᠤᠴᠢᠯᠠᠯ | ᠭᠠᠷᠭᠠᠵᠤ᠂ ᠰᠤᠷᠭᠠᠭᠤᠯᠢ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠨᠢᠭᠡᠳᠦᠯᠲᠡᠶ ᠵᠣᠬᠢᠶᠠᠨ ᠪᠠᠶᠢᠭᠤᠯᠤᠨ᠎ᠠ᠃ | ᠡᠯ᠎ᠡ ᠦᠢᠯᠡᠴᠢᠯᠡᠬᠡᠨ ᠤ ᠲᠥᠷᠥᠯ ᠵᠦᠢᠯ ᠳᠤ ᠲᠥᠷᠥᠯ ᠵᠦᠢᠯ ᠬᠤᠪᠢᠶᠠᠨ ᠬᠤᠯᠢᠯᠳᠤᠭᠤᠯᠤᠨ ᠠᠩᠭᠢ ᠬᠤᠪᠢᠶᠠᠬᠤ | ᠠᠷᠭ᠎ᠠ ᠮᠠᠶ᠋ᠢᠭ ᠢ ᠬᠡᠷᠡᠭᠵᠢᠭᠦᠯᠵᠦ᠂ ᠠᠩᠭᠢ ᠨᠢᠭᠡᠪᠦᠷᠢ ᠳᠤ 45 ᠬᠥᠮᠦᠨ ᠠᠴᠠ ᠬᠡᠲᠦᠷᠡᠭᠦᠯᠵᠦ ᠪᠣᠯᠬᠤ ᠥᠬᠡᠶ᠃ | ᠪᠣᠳᠠᠲᠠᠶ ᠠᠵᠢᠯᠯᠠᠭ᠎ᠠ ᠶᠢ ᠰᠤᠷᠭᠠᠭᠤᠯᠢ ᠬᠠᠷᠢᠭᠤᠴᠠᠵᠤ᠂ ᠰᠤᠷᠭᠠᠭᠤᠯᠢ ᠨᠢ ᠰᠤᠷᠭᠠᠭᠤᠯᠢ ᠶᠢᠨ ᠳᠣᠲᠣᠷᠠᠬᠢ | ᠬᠠᠮᠢᠶᠠᠷᠤᠯᠲᠠ᠂ ᠠᠵᠢᠯᠲᠠᠨ᠂ ᠲᠠᠯᠠᠪᠤᠷ᠂ ᠡᠬᠢ ᠪᠠᠶᠠᠯᠢᠭ ᠵᠡᠷᠭᠡ ᠨᠥᠬᠦᠴᠡᠯ ᠢ ᠬᠦᠢᠴᠡᠳ ᠠᠰᠢᠭᠯᠠᠨ᠂ ᠬᠢᠴᠢᠶᠡᠯ ᠤᠨ | ᠳᠠᠷᠠᠭᠠᠬᠢ ᠦᠢᠯᠡᠴᠢᠯᠡᠭᠡ ᠶᠢ ᠢᠳᠡᠪᠬᠢᠲᠡᠶ ᠥᠷᠨᠢᠭᠦᠯᠬᠦ ᠬᠡᠷᠡᠭᠲᠡᠶ᠃ ᠬᠤᠰᠢᠭᠤ ᠨᠡᠭᠡᠭᠡᠯᠳᠡ ᠶᠢᠨ ᠣᠷᠣᠨ ᠤ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠠᠷᠠᠳ ᠤᠨ ᠶᠠᠪᠤᠳᠠᠯ᠂ ᠰᠣᠶᠣᠯ ᠵᠢᠭᠤᠯᠴᠢᠯᠠᠯ᠂ | ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠬᠤᠷᠢᠶ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ | ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠤᠬᠠᠶ ᠶᠢᠨ ᠭᠠᠵᠠᠷ ᠤᠨ ᠨᠣᠮ ᠤᠨ | ᠰᠠᠩ᠂ ᠮᠦᠽᠧᠶ᠂ ᠰᠣᠶᠣᠯ ᠤᠨ ᠣᠷᠳᠣᠨ᠂ ᠦᠵᠡᠰᠬᠦᠯᠡᠩ ᠤᠨ ᠣᠷᠳᠣᠨ᠂ ᠪᠠᠭᠠᠴᠤᠳ ᠤᠨ ᠣᠷᠳᠣᠨ ︵ | ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ︶᠂ ᠡᠮᠡᠭᠲᠡᠶᠢᠴᠦᠳ ᠬᠡᠦᠬᠡᠳ ᠤᠨ ᠠᠵᠢᠯᠯᠠᠭᠠᠨ ᠤ ᠲᠥᠪ᠂ | ᠬᠤᠪᠢᠰᠬᠠᠯ ᠤᠨ ᠦᠵᠡᠮᠵᠢ ᠶᠢᠨ ᠭᠠᠵᠠᠷ᠂ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠵᠡᠷᠭᠡ ᠰᠤᠷᠭᠠᠭᠤᠯᠢ ᠶᠢᠨ | ᠭᠠᠳᠠᠨᠠᠬᠢ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠠᠯᠠᠪᠤᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠭᠤᠯᠭ᠎ᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠳᠣᠲᠣᠷ᠎ᠠ᠂ | ᠰᠤᠷᠭᠠᠭᠤᠯᠢ ᠶᠢᠨ ᠭᠠᠳᠠᠨᠠᠬᠢ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠡᠬᠢ ᠪᠠᠶᠠᠯᠢᠭ ᠢ ᠪᠦᠲᠦᠮᠵᠢᠲᠡᠶ | ᠵᠣᠯᠭᠠᠭᠤᠯᠬᠤ ᠪᠠ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠬᠦ ᠬᠡᠷᠡᠭᠲᠡᠶ᠃ ᠡᠭᠦᠨ ᠤ | ᠬᠠᠮᠲᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠡᠬᠢ | ᠪᠠᠶᠠᠯᠢᠭ ᠤᠨ ᠲᠠᠪᠴᠠᠩ ᠵᠢᠴᠢ ᠴᠢᠨᠠᠷ ᠰᠠᠶᠢᠲᠠᠶ ᠰᠤᠷᠭᠠᠭᠤᠯᠢ ᠶᠢᠨ ᠰᠦᠯᠵᠢᠶᠡᠨ ᠤ ᠲᠠᠪᠴᠠᠩ ᠢ ᠰᠠᠶᠢᠲᠤᠷ | ᠠᠰᠢᠭᠯᠠᠵᠤ᠂ ᠰᠤᠷᠤᠭᠴᠢᠳ ᠲᠤ ᠡᠯ᠎ᠡ ᠣᠨ ᠤ ᠡᠯ᠎ᠡ ᠬᠢᠴᠢᠶᠡᠯ ᠲᠥᠷᠥᠯ ᠢ ᠬᠠᠮᠤᠷᠤᠭᠰᠠᠨ ᠰᠤᠷᠤᠯᠴᠠᠬᠤ ᠡᠬᠢ | ᠪᠠᠶᠠᠯᠢᠭ ᠢ ᠰᠦᠢᠳᠬᠡᠯ ᠬᠤᠷᠢᠶᠠᠬᠤ ᠦᠭᠡᠶ ᠪᠠᠷ ᠬᠠᠩᠭᠠᠬᠤ ᠬᠡᠷᠡᠭᠲᠡᠶ᠃ ᠨᠥᠬᠦᠴᠡᠯ ᠪᠦᠷᠢᠯᠳᠦᠭᠦᠯᠵᠦ ᠪᠠᠶᠢᠭᠠᠳ | ᠰᠢᠯᠢᠳᠡᠭ ᠪᠠᠭᠰᠢ ᠶᠢ ᠵᠣᠬᠢᠶᠠᠨ ᠪᠠᠶᠢᠭᠤᠯᠵᠤ ᠰᠦᠯᠵᠢᠶᠡᠨ ᠳᠡᠭᠡᠷ᠎ᠡ ᠰᠦᠢᠳᠬᠡᠯ ᠬᠤᠷᠢᠶᠠᠬᠤ ᠥᠬᠡᠶ ᠪᠠᠷ ᠬᠠᠷᠢᠯᠴᠠᠨ | ᠰᠣᠯᠢᠯᠴᠠᠵᠤ ᠮᠠᠲᠠᠭ ᠢ ᠨᠢ ᠳᠡᠶᠢᠯᠵᠦ᠂ ᠰᠤᠷᠤᠭᠴᠢᠳ ᠲᠤ ᠰᠦᠯᠵᠢᠶᠡᠨ ᠳᠡᠭᠡᠷ᠎ᠡ ᠬᠢᠴᠢᠶᠡᠯᠯᠡᠭᠰᠡᠨ ᠤ ᠳᠠᠷᠠᠭᠠᠬᠢ | ᠦᠢᠯᠡᠴᠢᠯᠡᠭᠡ ᠬᠠᠩᠭᠠᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠨᠢ ᠵᠠᠷᠴᠢᠮ ᠳᠡᠭᠡᠷ᠎ᠡ ᠪᠠᠨ ᠨᠢᠭᠡ | ᠰᠤᠷᠤᠯᠭ᠎ᠠ ᠶᠢᠨ ᠬᠤᠭᠤᠴᠠᠭ᠎ᠠ ᠪᠠᠷ ᠬᠠᠷᠢᠴᠠᠩᠭᠤᠶ ᠲᠣᠭᠲᠠᠮᠠᠯ ᠬᠤᠭᠤᠴᠠᠭ᠎ᠠ ᠪᠣᠯᠭᠠᠨ᠎ᠠ᠃ | ᠳᠥᠷᠪᠡ᠂ ᠪᠠᠭᠰᠢ ᠶᠢᠨ ᠲᠣᠬᠢᠷᠠᠭᠤᠯᠤᠯᠲᠠ | ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠶᠡᠷᠦ ᠳᠡᠭᠡᠨ ᠲᠣᠰ ᠰᠤᠷᠭᠠᠭᠤᠯᠢ ᠶᠢᠨ ᠪᠠᠭᠰᠢ ᠡᠭᠦᠷᠭᠡᠯᠡᠵᠦ᠂ | ᠪᠠᠭᠰᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠬᠤ ᠶᠢ ᠮᠡᠷᠭᠡᠵᠢᠯ ᠤᠨ ᠴᠣᠯᠠ ᠲᠣᠭᠲᠠᠭᠠᠬᠤ ᠪᠠ | ᠤᠷᠢᠬᠤ᠂ ᠬᠥᠬᠢᠭᠦᠯᠦᠨ ᠱᠠᠩᠨᠠᠬᠤ ᠪᠠ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠴᠢᠬᠤᠯᠠ | ᠯᠠᠪᠯᠠᠯᠲᠠ ᠪᠣᠯᠭᠠᠨ᠎ᠠ᠃ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠪᠣᠯᠤᠨ ᠰᠤᠷᠭᠠᠨ | ᠬᠥᠮᠦᠵᠢᠯ ᠤᠨ ᠵᠢᠭᠠᠨ ᠰᠤᠷᠭᠠᠬᠤ ᠠᠵᠢᠯ ᠤᠨ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠬᠤ ᠳᠠᠭᠠᠨ᠂ ᠪᠠᠭᠰᠢ | ᠨᠠᠷ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠳᠤ ᠣᠷᠣᠯᠴᠠᠬᠤ ᠬᠦᠴᠦᠨ ᠵᠦᠢᠯ ᠢ ᠪᠣᠳᠣᠯᠬᠢᠯᠠᠵᠤ᠂ ᠪᠠᠭᠰᠢ | ᠨᠠᠷ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠨᠥᠬᠦᠪᠥᠷᠢ ᠳᠤ ᠬᠡᠷᠡᠭᠯᠡᠬᠦ ᠵᠠᠷᠤᠳᠠᠯ ᠤᠨ ᠲᠤᠭ᠎ᠠ ᠬᠡᠮᠵᠢᠶ᠎ᠡ ᠶᠢ | ᠠᠮᠵᠢᠯᠲᠠ ᠪᠦᠲᠦᠮᠵᠢ ᠶᠢᠨ ᠴᠠᠯᠢᠩ ᠳᠤ ᠨᠡᠮᠡᠵᠦ ᠣᠷᠣᠭᠤᠯᠬᠤ ᠶᠢᠨ ᠬᠠᠮᠲᠤ ᠵᠣᠬᠢᠴᠠᠩᠭᠤᠶ ᠲᠥᠷᠥᠯ ᠵᠦᠢᠯ | ᠪᠠᠶᠢᠭᠤᠯᠵᠤ᠂ ᠳᠠᠷᠠᠭ᠎ᠠ ᠵᠢᠯ ᠤᠨ ᠬᠡᠪ ᠤᠨ ᠬᠢᠨᠠᠨ ᠲᠣᠭᠲᠠᠭᠠᠭᠰᠠᠨ ᠠᠮᠵᠢᠯᠲᠠ ᠪᠦᠲᠦᠮᠵᠢ ᠶᠢᠨ ᠴᠠᠯᠢᠩ ᠤᠨ | ᠶᠡᠷᠦᠩᠬᠡᠶ ᠬᠡᠮᠵᠢᠶ᠎ᠡ ᠶᠢᠨ ᠰᠠᠭᠤᠷᠢ ᠲᠤᠭ᠎ᠠ ᠪᠣᠯᠭᠠᠬᠤ ᠦᠭᠡᠶ᠃ ᠪᠠᠭᠰᠢ ᠨᠠᠷ ᠬᠢᠴᠢᠶᠡᠯ ᠤᠨ ᠳᠠᠷᠠᠭᠠᠬᠢ | ᠦᠢᠯᠡᠴᠢᠯᠡᠭᠡ ᠳᠤ ᠰᠠᠶᠢᠨ ᠳᠤᠷ᠎ᠠ ᠠᠴᠠ ᠪᠠᠨ ᠣᠷᠣᠯᠴᠠᠬᠤ ᠬᠡᠷᠡᠭᠲᠡᠶ᠂ ᠪᠠᠭᠰᠢ ᠶᠢ ᠠᠯᠪᠠᠲᠠᠨ ᠡᠭᠦᠷᠭᠡ ᠳᠠᠭᠠᠭᠠᠯᠭᠠᠵᠤ | ᠪᠣᠯᠬᠤ ᠥᠬᠡᠶ᠂ ᠰᠤᠷᠭᠠᠭᠤᠯᠢ ᠠᠴᠠ ᠪᠠᠭᠰᠢ ᠶᠢᠨ ᠠᠵᠢᠯᠯᠠᠵᠤ ᠠᠮᠠᠷᠠᠬᠤ ᠴᠠᠭ ᠢ ᠨᠢᠭᠡᠳᠦᠯᠲᠡᠶ ᠲᠥᠯᠥᠪᠯᠡᠨ | ᠲᠣᠬᠢᠷᠠᠭᠤᠯᠵᠤ᠂ ︽ᠴᠢᠯᠦᠭᠡᠳᠡᠢ ᠠᠵᠢᠯᠯᠠᠵᠤ ᠠᠮᠠᠷᠠᠬᠤ ᠲᠦᠷᠢᠮ︾ ᠢ ᠬᠡᠷᠡᠭᠵᠢᠭᠦᠯᠵᠦ᠂ ᠪᠠᠭᠰᠢ ᠶᠢᠨ ᠴᠢᠬᠤᠯᠠ | ᠪᠥᠬᠦᠶ ᠠᠮᠠᠷᠠᠬᠤ ᠴᠠᠭ ᠢ ᠪᠠᠲᠤᠯᠠᠵᠤ ᠪᠣᠯᠤᠨ᠎ᠠ᠃ ᠰᠤᠷᠭᠠᠭᠤᠯᠢ ᠶᠢᠨ ᠳᠣᠲᠣᠷᠠᠬᠢ ᠪᠠᠭᠰᠢ ᠶᠢᠨ ᠬᠦᠴᠦᠨ ᠬᠦᠷᠦᠯᠴᠡᠬᠦ | ᠥᠬᠡᠶ ᠪᠠᠶᠢᠪᠠᠯ᠂ ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠭᠤᠯᠬᠤ ᠶᠢ | ᠰᠦᠪᠡᠭᠴᠢᠯᠡᠵᠦ ᠪᠣᠯᠤᠨ᠎ᠠ᠂ ᠠᠵᠢᠯ ᠠᠴᠠ ᠪᠠᠨ ᠠᠮᠠᠷᠠᠭᠰᠠᠨ ᠪᠠᠭᠤᠭᠰᠠᠨ ᠪᠠᠭᠰᠢ᠂ ᠰᠣᠷᠣᠭᠴᠢ ᠶᠢᠨ ᠬᠡᠷ ᠤᠨ | ᠠᠬᠠᠮᠠᠳ᠂ ᠨᠡᠶᠢᠭᠡᠮ ᠤᠨ ᠲᠤᠰᠬᠠᠶ ᠮᠡᠷᠭᠡᠵᠢᠯ ᠤᠨ ᠬᠥᠮᠦᠰ᠂ ᠣᠶᠤᠲᠠᠨ ᠰᠠᠶᠢᠨ ᠳᠤᠷᠠᠴᠤᠳ ᠵᠡᠷᠭᠡ ᠰᠠᠶᠢᠨ | ᠳᠤᠷ᠎ᠠ ᠶᠢᠨ ᠦᠢᠯᠡᠴᠢᠯᠡᠬᠡᠨ ᠤ ᠬᠦᠴᠦᠨ ᠢ ᠳᠠᠶᠢᠴᠢᠯᠠᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ | ᠣᠷᠣᠯᠴᠠᠭᠤᠯᠵᠤ᠂ ᠠᠵᠢᠯᠲᠠᠨ ᠬᠦᠷᠦᠯᠴᠡᠬᠦ ᠥᠬᠡᠶ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠢᠢᠳᠪᠦᠷᠢᠯᠡᠭᠰᠡᠨ ᠴᠦ | ᠪᠣᠯᠤᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠣᠷᠣᠨ ᠪᠦᠰᠡ ᠶᠢᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠭᠠᠵᠤ᠂ ᠣᠷᠣᠨ ᠪᠦᠰᠡ ᠶᠢᠨ | ᠳᠣᠲᠣᠷᠠᠬᠢ ᠰᠢᠯᠢᠳᠡᠭ ᠪᠠᠭᠰᠢ ᠶᠢᠨ ᠬᠦᠴᠦᠨ ᠪᠠᠭᠤᠷᠠᠶ ᠰᠤᠷᠭᠠᠭᠤᠯᠢ ᠳᠤ ᠣᠴᠢᠵᠤ ᠬᠢᠴᠢᠶᠡᠯ ᠤᠨ ᠳᠠᠷᠠᠭᠠᠬᠢ | ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠰᠤᠷᠭᠠᠭᠤᠯᠢ ᠶᠢᠨ ᠭᠠᠳᠠᠨᠠᠬᠢ ᠰᠢᠨᠵᠢᠯᠡᠭᠡᠨ ᠤ | ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠲᠥᠷᠥᠯ ᠵᠦᠢᠯ ᠢ ᠣᠷᠣᠭᠤᠯᠤᠨ ᠠᠪᠴᠢᠷᠠᠵᠤ | ᠰᠤᠷᠭᠠᠭᠤᠯᠢ ᠳᠤ ᠣᠷᠣᠭᠤᠯᠤᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠥᠷᠨᠢᠭᠦᠯᠬᠦ ᠶᠢ ᠴᠢᠩᠭ᠎ᠠ ᠴᠠᠭᠠᠵᠠᠯᠠᠨ᠎ᠠ᠃ | ᠲᠠᠪᠤ᠂ ᠵᠠᠷᠤᠳᠠᠯ ᠤᠨ ᠪᠠᠲᠤᠯᠠᠭ᠎ᠠ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠰᠦᠢᠳᠬᠡᠯ ᠨᠢ ᠦᠢᠯᠡᠴᠢᠯᠡᠬᠡᠨ ᠤ ᠴᠢᠨᠠᠷᠲᠠᠶ | ᠰᠦᠢᠳᠬᠡᠯ ᠬᠤᠷᠢᠶᠠᠬᠤ ᠲᠥᠷᠥᠯ ᠵᠦᠢᠯ ᠳᠤ ᠬᠠᠷᠢᠶᠠᠯᠠᠭᠳᠠᠵᠤ᠂ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢᠨ | ᠬᠠᠮᠢᠶᠠᠷᠤᠯᠲᠠ ᠶᠢ ᠬᠡᠷᠡᠭᠵᠢᠭᠦᠯᠵᠦ᠂ ᠥᠪᠡᠷ ᠤᠨ ᠥᠷᠲᠡᠭ ᠤᠨ ᠨᠥᠬᠦᠪᠥᠷᠢ ᠪᠠ ᠠᠰᠢᠭ ᠬᠤᠨᠵᠢᠪᠣᠷᠢ ᠶᠢᠨ ᠪᠤᠰᠤ | ᠴᠢᠨᠠᠷᠲᠠᠶ ᠪᠠᠶᠢᠬᠤ ᠵᠠᠷᠴᠢᠮ ᠢ ᠪᠠᠷᠢᠮᠲᠠᠯᠠᠨ᠂ ᠵᠠᠷᠤᠳᠠᠯ ᠤᠨ ᠪᠠᠲᠤᠯᠠᠭ᠎ᠠ ᠶᠢᠨ ᠦᠨᠳᠦᠰᠦᠨ ᠪᠠᠷᠢᠮᠵᠢᠶ᠎ᠠ ᠶᠢ ᠰᠣᠷᠣᠭᠴᠢ | ᠨᠢᠭᠡᠪᠦᠷᠢ ᠵᠢᠯ ᠪᠦᠷᠢ 570 ᠲᠥᠭᠦᠷᠢᠭ ᠪᠠᠶᠢᠯᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ | ᠨᠥᠬᠦᠪᠥᠷᠢ ᠥᠭᠴᠦ᠂ ᠠᠶᠢᠮᠠᠭ ︵ᠬᠤᠰᠢᠭᠤ ᠨᠡᠭᠡᠭᠡᠯᠳᠡ ᠶᠢᠨ ᠣᠷᠣᠨ︶ ᠤᠨ ᠡᠳ᠋ ᠤᠨ ᠵᠠᠰᠠᠭ ᠠᠴᠠ ᠨᠥᠬᠦᠪᠥᠷᠢ | ᠥᠭᠬᠦ ᠪᠠ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠳᠤ ᠣᠷᠣᠯᠴᠠᠭᠰᠠᠨ ᠬᠡᠷ ᠤᠨ ᠠᠬᠠᠮᠠᠳ ᠠᠴᠠ ᠦᠢᠯᠡᠴᠢᠯᠡᠬᠡᠨ ᠤ | ᠴᠢᠨᠠᠷᠲᠠᠶ ᠰᠦᠢᠳᠬᠡᠯ ᠬᠤᠷᠢᠶᠠᠬᠤ ᠠᠷᠭ᠎ᠠ ᠮᠠᠶ᠋ᠢᠭ ᠢᠶᠠᠷ ᠬᠠᠮᠲᠤ ᠪᠠᠷ ᠪᠠᠲᠤᠯᠠᠨ᠎ᠠ᠃ ᠡᠳ᠋ ᠤᠨ ᠵᠠᠰᠠᠭ ᠤᠨ | ᠨᠥᠬᠦᠪᠥᠷᠢ ᠶᠢᠨ ᠪᠠᠷᠢᠮᠵᠢᠶ᠎ᠠ ᠨᠢ ᠦᠨᠳᠦᠰᠦᠨ ᠪᠠᠷᠢᠮᠵᠢᠶ᠎ᠠ ᠶᠢᠨ 60 % ᠪᠠᠶᠢᠵᠤ᠂ ᠬᠡᠷᠡᠭᠰᠡᠬᠦ ᠪᠠᠯᠠ ᠮᠥᠩᠭᠦ ᠶᠢ | ᠥᠪᠡᠷᠲᠡᠭᠡᠨ ᠵᠠᠰᠠᠬᠤ ᠣᠷᠣᠨ ᠪᠠ ᠠᠶᠢᠮᠠᠭ᠂ ᠬᠤᠰᠢᠭᠤ ︵ ᠨᠡᠭᠡᠭᠡᠯᠳᠡ ᠶᠢᠨ ᠣᠷᠣᠨ︶ ᠠᠴᠠ ᠰᠤᠷᠭᠠᠨ | ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠳᠤ ᠲᠣᠭᠲᠠᠭᠠᠭᠰᠠᠨ ᠬᠤᠪᠢᠳᠠᠨ ᠡᠭᠦᠷᠭᠡᠯᠡᠬᠦ | ᠬᠠᠷᠢᠴᠠᠯ ᠢᠶᠠᠷ ᠯᠠᠪᠯᠠᠯᠲᠠ ᠪᠣᠯᠭᠠᠵᠤ ᠬᠠᠮᠲᠤ ᠪᠠᠷ ᠬᠤᠪᠢᠳᠠᠨ ᠡᠭᠦᠷᠭᠡᠯᠡᠨ᠎ᠡ᠂ ᠲᠤᠬᠠᠶᠢᠯᠠᠪᠠᠯ᠄ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ᠂ ᠬᠤᠰᠢᠭᠤ ︵ᠨᠡᠭᠡᠭᠡᠯᠳᠡ ᠶᠢᠨ ᠣᠷᠣᠨ︶ ᠨᠢ 5᠄ 2 . 5᠄ 2 . 5 ᠶᠢᠨ | ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠃ ᠨᠢᠭᠡᠨᠲᠡ ᠡᠳ᠋ ᠤᠨ ᠵᠠᠰᠠᠭ ᠤᠨ ᠨᠥᠬᠦᠪᠥᠷᠢ ᠥᠭᠬᠦ ᠪᠠᠷ ᠳᠠᠮᠵᠢᠭᠤᠯᠤᠨ | ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠵᠠᠷᠤᠳᠠᠯ ᠢ ᠰᠢᠢᠳᠪᠦᠷᠢᠯᠡᠭᠰᠡᠨ ᠬᠤᠰᠢᠭᠤ ᠨᠡᠭᠡᠭᠡᠯᠳᠡ ᠶᠢᠨ ᠣᠷᠣᠨ ᠨᠢ | ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠪᠠᠲᠤᠯᠠᠬᠤ ᠶᠢ ᠵᠣᠷᠢᠭᠵᠢᠭᠤᠯᠤᠨ᠎ᠠ᠃ ᠨᠥᠬᠦᠴᠡᠯ ᠥᠬᠡᠶ ᠭᠠᠵᠠᠷ ᠣᠷᠣᠨ ᠨᠢ ᠡᠳ᠋ ᠤᠨ ᠵᠠᠰᠠᠭ ᠤᠨ ᠨᠥᠬᠦᠪᠥᠷᠢ ᠶᠢ | ᠬᠠᠰᠤᠭᠰᠠᠨ ᠤ ᠳᠠᠷᠠᠭ᠎ᠠ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷ ᠤᠨ ᠠᠬᠠᠮᠠᠳ ᠠᠴᠠ ᠵᠣᠬᠢᠬᠤ | ᠰᠦᠢᠳᠭᠡᠯ ᠬᠤᠷᠢᠶᠠᠵᠤ ᠪᠣᠯᠤᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠰᠦᠢᠳᠬᠡᠯ ᠢ ᠰᠠᠷ᠎ᠠ ᠪᠠᠷ | ᠬᠤᠷᠢᠶᠠᠵᠤ᠂ ᠭᠤᠤᠯᠳᠠᠭᠤ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠪᠠᠭᠰᠢ ᠪᠣᠯᠤᠨ ᠬᠠᠮᠢᠶ᠎ᠠ ᠪᠥᠬᠦᠶ ᠬᠥᠮᠦᠰ ᠲᠤ | ᠨᠥᠬᠦᠪᠥᠷᠢ ᠥᠭᠬᠦ ᠳᠤ ᠬᠡᠷᠡᠭᠯᠡᠨ᠎ᠡ᠃ ᠰᠤᠷᠭᠠᠭᠤᠯᠢ ᠶᠢᠨ ᠭᠠᠳᠠᠨᠠᠬᠢ ᠬᠥᠮᠦᠨ ᠢ ᠤᠷᠢᠵᠤ ᠬᠢᠴᠢᠶᠡᠯ ᠤᠨ ᠳᠠᠷᠠᠭᠠᠬᠢ | ᠦᠢᠯᠡᠴᠢᠯᠡᠭᠡ ᠬᠠᠩᠭᠠᠪᠠᠯ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠨᠥᠬᠦᠪᠥᠷᠢ ᠶᠢ ᠬᠥᠳᠡᠯᠮᠦᠷᠢ | ᠦᠢᠯᠡᠴᠢᠯᠡᠬᠡᠨ ᠤ ᠵᠠᠷᠤᠳᠠᠯ ᠢᠶᠠᠷ ᠬᠠᠮᠢᠶᠠᠷᠴᠤ ᠪᠣᠯᠤᠨ᠎ᠠ᠃ ᠣᠷᠣᠭᠤᠯᠤᠨ ᠠᠪᠴᠢᠷᠠᠭᠰᠠᠨ ᠰᠢᠨᠵᠢᠯᠡᠭᠡᠨ ᠤ | ᠲᠥᠷᠥᠯ ᠤᠨ ᠪᠤᠰᠤ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠥᠷᠥᠯ ᠵᠦᠢᠯ ᠳᠤ | ᠣᠷᠣᠯᠴᠠᠭᠰᠠᠨ ᠬᠥᠮᠦᠰ ᠤᠨ ᠬᠥᠳᠡᠯᠮᠦᠷᠢ ᠦᠢᠯᠡᠴᠢᠯᠡᠬᠡᠨ ᠤ ᠰᠦᠢᠳᠬᠡᠯ ᠢ ᠰᠤᠷᠭᠠᠭᠤᠯᠢ ᠠᠴᠠ ᠦᠢᠯᠡᠴᠢᠯᠡᠭᠡ | ᠬᠤᠳᠠᠯᠳᠤᠨ ᠠᠪᠬᠤ ᠵᠥᠪᠯᠡᠯᠴᠡᠭᠡᠷ ᠲᠤ ᠪᠣᠯᠵᠣᠭᠰᠠᠨ ᠶᠣᠰᠣᠭᠠᠷ ᠪᠦᠬᠦᠯᠢ ᠴᠣᠭᠴᠠ ᠪᠠᠷ ᠨᠢ ᠳᠠᠭᠠᠭᠠᠨ ᠥᠭᠴᠦ | ᠪᠣᠯᠤᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠬᠤ ᠠᠵᠢᠯᠲᠠᠨ ᠰᠠᠨᠠᠭᠠᠨ ᠳᠤ ᠥᠬᠡᠶ ᠭᠡᠮᠲᠦᠯ ᠤᠨ | ᠳᠠᠭᠠᠳᠬᠠᠯ ᠬᠤᠳᠠᠯᠳᠤᠨ ᠠᠪᠴᠤ᠂ ᠵᠠᠷᠤᠳᠠᠯ ᠢᠶᠠᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ | ᠵᠠᠷᠤᠳᠠᠯ ᠠᠴᠠ ᠭᠠᠷᠭᠠᠬᠤ ᠬᠡᠷᠡᠭᠲᠡᠶ᠃ ᠭᠡᠷ ᠤᠨ ᠠᠬᠠᠮᠠᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ | ᠣᠷᠣᠯᠴᠠᠬᠤ ᠰᠤᠷᠤᠭᠴᠢᠳ ᠲᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠬᠤ ᠶᠢ | ᠵᠣᠷᠢᠭᠵᠢᠭᠤᠯᠤᠨ᠎ᠠ᠃ | ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ︽ᠰᠢᠶᠠᠨ ᠢᠶᠠᠷ ᠭᠤᠤᠯ ᠪᠣᠯᠭᠠᠬᠤ︾ ᠬᠠᠮᠢᠶᠠᠷᠤᠯᠲᠠ ᠶᠢᠨ ᠪᠠᠶᠢᠭᠤᠯᠤᠯ ᠤᠨ | ᠶᠣᠰᠣᠭᠠᠷ᠂ ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ︽ᠨᠢᠭᠡ ᠭᠠᠵᠠᠷ ᠲᠤ ᠨᠢᠭᠡ ᠲᠥᠰᠦᠯ ᠲᠠᠢ ᠪᠠᠶᠢᠯᠭᠠᠬᠤ︾ | ︽ᠨᠢᠭᠡ ᠰᠤᠷᠭᠠᠭᠤᠯᠢ ᠳᠤ ᠨᠢᠭᠡ ᠲᠥᠰᠦᠯ ᠲᠠᠢ ᠪᠠᠶᠢᠯᠭᠠᠬᠤ︾ ᠪᠠᠷ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ | ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠦᠢᠯᠡᠴᠢᠯᠡᠬᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ | ᠦᠢᠯᠡᠴᠢᠯᠡᠬᠡᠨ ᠤ ᠠᠭᠤᠯᠭ᠎ᠠ ᠪᠠᠨ ᠪᠠᠶᠠᠯᠢᠭᠵᠢᠭᠤᠯᠤᠨ᠂ ᠦᠢᠯᠡᠴᠢᠯᠡᠬᠡᠨ ᠤ ᠪᠠᠲᠤᠯᠠᠭ᠎ᠠ ᠪᠠᠨ ᠴᠢᠩᠭᠠᠷᠠᠭᠤᠯᠵᠤ᠂ | ᠰᠤᠷᠤᠭᠴᠢᠳ ᠤᠨ ᠣᠯᠠᠨ ᠶᠠᠩᠵᠤᠲᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠰᠤᠷᠭᠠᠭᠤᠯᠢ ᠨᠤᠭᠤᠳ | ᠦᠢᠯᠡᠴᠢᠯᠡᠬᠦ ᠴᠠᠭ᠂ ᠦᠢᠯᠡᠴᠢᠯᠡᠬᠦ ᠠᠭᠤᠯᠭ᠎ᠠ᠂ ᠦᠢᠯᠡᠴᠢᠯᠡᠬᠦ ᠵᠣᠬᠢᠶᠠᠨ ᠪᠠᠶᠢᠭᠤᠯᠤᠯᠲᠠ᠂ ᠬᠠᠷᠢᠭᠤᠴᠠᠯᠭ᠎ᠠ ᠶᠢᠨ | ᠬᠤᠪᠢᠶᠠᠷᠢᠯᠠᠯ᠂ ᠳᠦᠷᠢᠮ ᠤᠨ ᠱᠠᠭᠠᠷᠳᠠᠯᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠪᠠᠭᠰᠢ ᠠᠵᠢᠯᠲᠠᠨ ᠠᠵᠢᠯᠴᠢᠨ ᠢ | ᠬᠢᠨᠠᠨ ᠰᠢᠯᠭᠠᠬᠤ᠂ ᠤᠷᠮᠠᠰᠢᠭᠤᠯᠬᠤ ᠠᠷᠭ᠎ᠠ ᠵᠡᠷᠭᠡ ᠶᠢ ᠲᠣᠳᠣᠷᠬᠠᠶᠢᠯᠠᠵᠤ᠂ ᠰᠤᠷᠤᠯᠭ᠎ᠠ ᠶᠢᠨ ᠬᠤᠭᠤᠴᠠᠭ᠎ᠠ ᠪᠠᠷ | ᠨᠢᠭᠡᠴᠢ ᠪᠣᠯᠭᠠᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ᠃ | ᠰᠠᠨᠠᠯ ᠬᠤᠷᠢᠶᠠᠯᠳᠠ ᠶᠢᠨ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠭᠡᠷ ᠤᠨ ᠠᠬᠠᠮᠠᠳ ᠤᠨ | ᠦᠢᠯᠡᠴᠢᠯᠡᠭᠡᠨ ᠤ ᠠᠭᠤᠯᠭ᠎ᠠ᠂ ᠰᠦᠢᠳᠬᠡᠯ ᠬᠤᠷᠢᠶᠠᠬᠤ ᠪᠠᠷᠢᠮᠵᠢᠶ᠎ᠠ᠂ ᠬᠢᠨᠠᠯᠲᠠ ᠲᠠᠯᠪᠢᠬᠤ ᠠᠷᠭ᠎ᠠ ᠵᠠᠮ ᠵᠢᠴᠢ ᠭᠡᠷ | ᠪᠦᠯᠢ ᠰᠤᠷᠭᠠᠭᠤᠯᠢ ᠶᠢᠨ ᠬᠠᠷᠢᠭᠤᠴᠠᠯᠭ᠎ᠠ ᠶᠢ ᠤᠷᠢᠳᠴᠢᠯᠠᠨ ᠮᠡᠳᠡᠭᠳᠡᠵᠦ᠂ ᠰᠤᠷᠤᠭᠴᠢ ᠵᠢᠴᠢ ᠭᠡᠷ ᠤᠨ ᠠᠬᠠᠮᠠᠳ ᠤᠨ | ᠪᠠᠶᠢᠳᠠᠯ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠬᠤ ᠬᠡᠷᠡᠭᠲᠡᠶ᠃ | ︵ᠬᠤᠶᠠᠷ︶ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠰᠠᠯᠠᠭ᠎ᠠ ᠮᠥᠴᠢᠷ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ | ᠦᠢᠯᠡᠴᠢᠯᠡᠬᠡᠨ ᠤ ᠠᠵᠢᠯ ᠤᠨ ᠭᠤᠤᠯ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠳᠤᠮᠳᠠᠳᠤ | ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠢ ᠨᠢᠮᠪᠠᠶ ᠵᠢᠯᠣᠭᠤᠳᠬᠤ ᠬᠡᠷᠡᠭᠲᠡᠶ᠃ | ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠳᠦᠯᠲᠡᠶ | ᠲᠥᠯᠥᠪᠵᠢᠭᠦᠯᠵᠦ᠂ ᠨᠢᠭᠲᠠ ᠬᠠᠮᠵᠢᠯᠴᠠᠨ᠂ ᠯᠠᠪᠳᠠᠭᠤᠨ ᠪᠠᠲᠤᠲᠠᠶ ᠠᠬᠢᠭᠤᠯᠵᠤ᠂ ᠬᠢᠴᠢᠶᠡᠯ ᠤᠨ ᠳᠠᠷᠠᠭᠠᠬᠢ | ᠦᠢᠯᠡᠴᠢᠯᠡᠬᠡᠨ ᠤ ᠠᠵᠢᠯ ᠤᠨ ᠡᠬᠢ ᠪᠠᠶᠠᠯᠢᠭ᠂ ᠪᠠᠯᠠ ᠮᠥᠩᠭᠦ᠂ ᠪᠠᠭᠰᠢ ᠶᠢᠨ ᠡᠩᠨᠡᠭᠡ ᠵᠡᠷᠭᠡ ᠶᠢ ᠪᠠᠲᠤᠯᠠᠬᠤ | ᠡᠷᠴᠢᠮ ᠢᠶᠠᠨ ᠴᠢᠩᠭᠠᠷᠠᠭᠤᠯᠵᠤ᠂ ᠪᠥᠬᠦ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠪᠦᠷᠢᠨ ᠬᠠᠮᠣᠷᠣᠭᠤᠯᠬᠤ᠂ ᠴᠢᠨᠠᠷ ᠰᠠᠶᠢᠲᠠᠶ | ᠪᠠᠶᠢᠯᠭᠠᠬᠤ ᠶᠢ ᠬᠦᠴᠦᠯᠡᠨ ᠠᠬᠢᠭᠤᠯᠤᠨ᠎ᠠ᠃ | ︵ᠭᠤᠷᠪᠠ︶ ᠬᠢᠨᠠᠨ ᠵᠢᠯᠣᠭᠤᠳᠴᠤ ᠦᠨᠡᠯᠡᠬᠦ ᠶᠢ ᠴᠢᠩᠭᠠᠷᠠᠭᠤᠯᠤᠨ᠎ᠠ᠃ ᠬᠤᠰᠢᠭᠤ ᠨᠡᠭᠡᠭᠡᠯᠳᠡ ᠶᠢᠨ | ᠣᠷᠣᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠦᠨᠡᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠬᠠᠮᠣᠷᠣᠯᠳᠠ ᠶᠢᠨ ᠪᠠᠲᠤᠯᠠᠭ᠎ᠠ᠂ | ᠠᠭᠤᠯᠭ᠎ᠠ ᠶᠢᠨ ᠶᠠᠰᠤ ᠴᠢᠨᠠᠷ᠂ ᠰᠣᠷᠣᠭᠴᠢ ᠵᠢᠴᠢ ᠬᠡᠷ ᠤᠨ ᠠᠬᠠᠮᠠᠳ ᠤᠨ ᠬᠠᠨᠤᠮᠵᠢ ᠶᠢᠨ ᠬᠡᠮᠵᠢᠶ᠎ᠡ ᠵᠡᠷᠭᠡ | ᠪᠠᠶᠢᠳᠠᠯ ᠳᠤ ᠦᠨᠡᠯᠡᠯᠲᠡ ᠬᠢᠵᠦ᠂ ᠦᠨᠡᠯᠡᠭᠰᠡᠨ ᠦᠷ᠎ᠡ ᠳ᠋ᠦᠩ ᠢ ᠰᠤᠷᠭᠠᠭᠤᠯᠢ ᠵᠢᠴᠢ ᠰᠤᠷᠭᠠᠭᠤᠯᠢ ᠶᠢᠨ ᠵᠠᠬᠢᠷᠤᠯ ᠤᠨ | ᠦᠨᠡᠯᠡᠯᠲᠡ ᠶᠢᠨ ᠴᠢᠬᠤᠯᠠ ᠦᠨᠳᠦᠰᠦᠯᠡᠯ ᠪᠣᠯᠭᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ᠂ | ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠥᠬᠡᠶ ᠨᠢᠭᠡᠴᠡ ᠵᠢᠴᠢ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ | ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠵᠠᠷᠯᠠᠨ ᠮᠡᠳᠡᠭᠳᠡᠬᠦ ᠬᠡᠷᠡᠭᠲᠡᠶ᠃ ᠡᠯ᠎ᠡ ᠱᠠᠲᠤᠨ ᠤ | ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠰᠠᠯᠠᠭ᠎ᠠ ᠮᠥᠴᠢᠷ ᠤᠳ ᠬᠢᠴᠢᠶᠡᠯ ᠤᠨ | ᠳᠠᠷᠠᠭᠠᠬᠢ ᠦᠢᠯᠡᠴᠢᠯᠡᠭᠡ ᠥᠷᠨᠢᠭᠦᠯᠬᠦ ᠶᠢ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠭᠤᠯᠭ᠎ᠠ ᠳᠠᠭᠠᠨ | ᠣᠷᠣᠭᠤᠯᠵᠤ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠢ ᠳᠦᠷᠢᠮᠵᠢᠬᠦᠯᠵᠦ᠂ ᠪᠠᠶᠢᠩᠭᠤᠵᠢᠭᠤᠯᠤᠨ | ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠳᠥᠷᠪᠡ︶ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠤᠨ ᠡᠯ᠎ᠡ | ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠬᠤᠭᠤᠴᠠᠭ᠎ᠠ ᠬᠦᠷᠲᠡᠯ᠎ᠡ ᠤᠷᠲᠤᠳᠬᠠᠵᠤ᠂ ᠪᠠᠭᠰᠢ | ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠠᠳᠠᠭᠰᠢ ᠤᠷᠢᠭᠳᠠᠭᠰᠠᠳ ᠪᠠ ᠬᠢᠴᠢᠶᠡᠯ | ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠷᠢ ᠬᠡᠮ ᠢ ᠬᠢᠨᠠᠨ | ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ ᠠᠳᠬᠤᠵᠤ᠂ ᠢᠯᠠᠩᠭᠤᠶ᠎ᠠ ᠬᠢᠴᠢᠶᠡᠯ ᠤᠨ ᠠᠭᠤᠯᠭ᠎ᠠ ᠶᠢ ᠬᠢᠨᠠᠨ | ᠬᠠᠷᠭᠤᠭᠤᠯᠬᠤ ᠶᠢ ᠴᠢᠩᠭᠠᠳᠬᠠᠨ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠬᠠᠷᠢᠴᠠᠯᠠᠰᠢ ᠥᠬᠡᠶ | ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠬᠡᠷ ᠤᠨ ᠰᠤᠷᠭᠠᠭᠤᠯᠢ ᠶᠢ ᠵᠠᠪᠰᠠᠷ ᠥᠬᠡᠶ ᠵᠣᠯᠭᠠᠭᠤᠯᠬᠤ ᠶᠢ | ᠰᠠᠶᠢᠲᠤᠷ ᠬᠢᠵᠦ᠂ ᠰᠤᠷᠭᠠᠭᠤᠯᠢ ᠳᠤ ᠣᠷᠣᠵᠤ ᠭᠠᠷᠬᠤ ᠲᠠᠯ᠎ᠠ ᠪᠠᠷ ᠡᠮᠬᠢ ᠵᠢᠷᠤᠮ ᠲᠠᠢ ᠪᠠᠶᠢᠬᠤ ᠶᠢ ᠪᠡᠶᠡᠯᠡᠭᠦᠯᠵᠦ᠂ | ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ | ︵ᠲᠠᠪᠤ︶ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠬᠢᠨ᠎ᠠ᠃ ᠡᠯ᠎ᠡ ᠭᠠᠵᠠᠷ ᠡᠯ᠎ᠡ ᠰᠤᠷᠭᠠᠭᠤᠯᠢ | ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠠᠷᠭ᠎ᠠ ᠪᠠᠷᠢᠯ ᠢ ᠬᠡᠷᠡᠭᠯᠡᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ | ᠵᠣᠷᠢᠯᠭ᠎ᠠ᠂ ᠠᠴᠢ ᠬᠤᠯᠪᠣᠭᠳᠠᠯ᠂ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠨᠡᠶᠢᠭᠡᠮ ᠳᠤ ᠥᠷᠭᠡᠨ ᠢᠶᠠᠷ | ᠤᠬᠠᠭᠤᠯᠵᠤ᠂ ᠲᠣᠰ ᠭᠠᠵᠠᠷ ᠲᠣᠰ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠮᠵᠢᠯᠲᠠ ᠲᠠᠢ | ᠠᠷᠭ᠎ᠠ ᠬᠢᠳᠡᠯ ᠪᠠ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠬᠢᠴᠢᠶᠡᠯ ᠤᠨ ᠳᠠᠷᠠᠭᠠᠬᠢ | ᠦᠢᠯᠡᠴᠢᠯᠡᠬᠡᠨ ᠤ ᠠᠵᠢᠯ ᠢ ᠪᠥᠬᠦ ᠨᠡᠶᠢᠭᠡᠮ ᠢᠶᠠᠷ ᠢᠶᠠᠨ ᠬᠠᠯᠠᠮᠵᠢᠯᠠᠬᠤ ᠪᠠ ᠳᠡᠮᠵᠢᠬᠦ ᠬᠠᠮᠲᠤ ᠶᠢᠨ ᠲᠠᠨᠢᠯᠲᠠ ᠲᠠᠢ | ᠪᠣᠯᠬᠤ ᠶᠢ ᠠᠬᠢᠭᠤᠯᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ | | |