ᠠᠯᠠᠱᠠ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠤᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2022/1/17
      ᠥᠷᠭᠡᠨ ᠣᠯᠠᠨ ᠠᠷᠠᠳ ᠲᠦᠮᠡᠨ ᠤ ᠪᠣᠳᠠᠲᠤ ᠬᠡᠷᠡᠭᠴᠡᠭᠡ ᠳᠤ ᠢᠳᠡᠪᠬᠢᠲᠡᠶ ᠬᠠᠷᠢᠭᠤᠯᠲᠠ ᠥᠭᠬᠦ ᠶᠢᠨ ᠲᠥᠯᠥᠭᠡ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠦᠩᠭᠡᠷᠡᠬᠦᠯᠵᠦ᠂ ︽︿ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠶ ᠰᠠᠨᠠᠯ﹀ ᠢ ᠳᠠᠷᠤᠮᠠᠯᠯᠠᠨ ᠳᠠᠷᠬᠠᠭᠠᠬᠤ ᠳᠣᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ﹇2021﹈ 40 ᠳ᠋ᠣᠭᠡᠷ ᠲᠣᠭᠠᠲᠤ︶᠂ ︽︿ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠶ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠳᠠᠷᠬᠠᠭᠠᠬᠤ ᠳᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ﹇2021﹈ 20 ᠳ᠋ᠤᠭᠠᠷ ᠲᠣᠭᠠᠲᠤ︶᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠰᠤᠷᠭᠠᠨ ᠰᠠᠭᠤᠷᠢ ᠲᠢᠩᠬᠢᠮ ﹇2021﹈ 28 ᠳ᠋ᠤᠭᠠᠷ ᠲᠣᠭᠠᠲᠤ︶᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ︵ᠥᠪᠥᠷ ᠰᠤᠷᠭᠠᠨ ᠰᠠᠭᠤᠷᠢ ᠵᠠᠬᠢᠳᠠᠯ ﹇2021﹈ 34  ᠳ᠋ᠣᠭᠡᠷ ᠲᠣᠭᠠᠲᠤ︶ ᠪᠣᠯᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠤᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ  ᠳᠦᠷᠢᠮᠵᠢᠬᠦᠯᠬᠦ ᠲᠤᠬᠠᠶ ᠮᠡᠳᠡᠭᠳᠡᠯ︾ ︵ᠥᠪᠥᠷ ᠰᠤᠷᠭᠠᠨ ᠰᠠᠭᠤᠷᠢ ᠥᠰᠥᠭ ﹇2020﹈ 24 ᠳ᠋ᠣᠭᠡᠷ ᠳᠣᠭᠠᠳᠣ︶᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠭᠤᠷᠪᠠᠨ ᠰᠠᠯᠠᠭ᠎ᠠ ᠮᠥᠴᠢᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠦᠢᠯᠡᠴᠢᠯᠡᠭᠡᠨ ᠤ ᠴᠢᠨᠠᠷᠲᠠᠶ ᠰᠦᠢᠳᠬᠡᠯ ᠬᠤᠷᠢᠶᠠᠬᠤ ᠪᠠ ᠣᠷᠣᠯᠠᠨ ᠰᠦᠢᠳᠬᠡᠯ ᠬᠤᠷᠢᠶᠠᠬᠤ ᠬᠤᠯᠪᠣᠭᠳᠠᠯ ᠪᠦᠬᠦᠢ ᠠᠰᠠᠭᠤᠳᠠᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠦᠨ᠎ᠡ ᠰᠦᠢᠳᠬᠡᠯ ᠦᠰᠦᠭ ﹇2021﹈ 830 ᠳ᠋ᠣᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠮᠠᠨ ᠤ ᠠᠶᠢᠮᠠᠭ ᠤᠨ ᠪᠣᠳᠠᠲᠠᠶ ᠲᠠᠢ ᠣᠶᠠᠯᠳᠣᠭᠤᠯᠣᠨ᠂ ᠲᠤᠰ ᠬᠡᠷᠡᠭᠵᠢᠭᠦᠯᠬᠦ ᠲᠥᠰᠦᠯ ᠢ ᠳᠣᠭᠳᠠᠭᠠᠪᠠ᠃       ᠨᠢᠭᠡ᠂ ᠶᠡᠷᠦᠩᠬᠡᠶ ᠱᠠᠭᠠᠷᠳᠠᠯᠭ᠎ᠠ       ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠥᠷᠨᠢᠭᠦᠯᠬᠦ ᠪᠣᠯ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠪᠠ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠬᠤ᠂ ᠬᠡᠷ ᠤᠨ ᠠᠬᠠᠮᠠᠳ ᠢ ᠬᠠᠪᠰᠤᠷᠤᠨ ᠰᠤᠷᠤᠭᠴᠢᠳ ᠢ ᠴᠠᠭ ᠲᠠᠭᠠᠨ ᠲᠤᠰᠴᠤ ᠬᠦᠷᠭᠡᠬᠦ ᠬᠦᠴᠢᠷᠳᠡᠯ ᠢ ᠨᠢ  ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠂ ᠰᠤᠷᠭᠠᠨ ᠬᠥᠮᠦᠵᠢᠯ ᠤᠨ ᠦᠢᠯᠡᠴᠢᠯᠡᠬᠡᠨ ᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠠᠳ ᠣᠯᠠᠨ ᠢ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠲᠠᠢ ᠪᠣᠯᠭᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ ᠭᠠᠵᠠᠷ ᠡᠯ᠎ᠡ ᠰᠤᠷᠭᠠᠭᠤᠯᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠬᠦᠢᠴᠡᠳ ᠳᠠᠨᠢᠵᠦ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠦᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠠᠬᠢᠭᠤᠯᠬᠤ ᠶᠢ ︽ᠲᠠᠪᠤᠨ ᠵᠦᠢᠯ ᠤᠨ ᠬᠠᠮᠢᠶᠠᠷᠤᠯᠲᠠ︾ ᠪᠠ ︽ᠬᠤᠶᠠᠷ ᠢ ᠬᠦᠩᠭᠡᠷᠡᠬᠦᠯᠬᠦ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠭᠤᠯᠭ᠎ᠠ ᠪᠣᠯᠭᠠᠵᠦ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠬᠠᠮᠤᠷᠬᠤ ᠬᠡᠪᠴᠢᠶ᠎ᠡ ᠶᠢ ᠴᠢᠷᠮᠠᠶᠢᠨ ᠦᠷᠭᠡᠳᠬᠡᠵᠦ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠬᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠬᠤᠰᠢᠭᠤ ᠨᠡᠭᠡᠭᠡᠯᠳᠡ ᠶᠢᠨ ᠣᠷᠣᠨ ᠳᠤ ᠨᠡᠶᠢᠳᠡᠮ ᠬᠡᠷᠡᠭᠵᠢᠭᠦᠯᠬᠦ ᠶᠢ ᠠᠬᠢᠭᠤᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠨᠡᠶᠢᠳᠡᠮ ᠬᠠᠮᠣᠷᠣᠭᠤᠯᠣᠨ᠂ ᠬᠡᠷᠡᠭᠴᠡᠭᠡ ᠲᠠᠢ ᠰᠤᠷᠤᠭᠴᠢ ᠶᠢ ᠪᠦᠬᠦᠨ ᠢ ᠬᠠᠮᠣᠷᠴᠦ᠂ ᠠᠵᠢᠯᠯᠠᠬᠤ ᠡᠳᠦᠷ ᠪᠦᠬᠦᠨ ᠢ ᠬᠠᠮᠣᠷᠴᠦ ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ  ᠨᠡᠮᠡᠭᠳᠡᠬᠦᠯᠦᠨ  ᠂ ᠰᠢᠨ᠎ᠡ ᠴᠠᠭ ᠦᠶ᠎ᠡ ᠶᠢᠨ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠨ᠎ᠡ᠃       ᠬᠤᠶᠠᠷ᠂ ᠠᠵᠢᠯ ᠤᠨ ᠵᠠᠷᠴᠢᠮ       ︵ᠨᠢᠭᠡ︶ ᠨᠡᠶᠢᠲᠡ ᠳᠤ ᠠᠰᠢᠭ ᠬᠦᠷᠳᠡᠭᠡᠬᠦ ᠰᠢᠨᠵᠢ ᠴᠢᠨᠠᠷ ᠢ ᠪᠠᠷᠢᠮᠳᠠᠯᠠᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠨᠢ ᠨᠡᠶᠢᠲᠡ ᠳᠤ ᠠᠰᠢᠭ ᠬᠦᠷᠳᠡᠭᠡᠬᠦ ᠤᠳᠤᠷᠢᠳᠤᠮᠵᠢ ᠶᠢ ᠪᠠᠷᠢᠮᠲᠠᠯᠠᠵᠤ᠂ ᠠᠰᠢᠭ ᠣᠯᠵᠤ ᠪᠣᠯᠬᠤ ᠦᠭᠡᠢ᠃ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠢ ᠥᠷᠨᠢᠭᠦᠯᠬᠦ ᠳᠤ ᠬᠡᠷᠡᠭᠰᠡᠬᠦ ᠵᠠᠷᠤᠳᠠᠯ ᠢ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠠᠷ ᠭᠤᠤᠯ ᠪᠣᠯᠭᠠᠵᠤ᠂ ᠬᠡᠷ ᠤᠨ ᠠᠬᠠᠮᠠᠳ ᠠᠵᠢᠯᠯᠠᠭᠠᠨ ᠤ ᠥᠪᠡᠷ ᠤᠨ ᠥᠷᠲᠡᠭ ᠢ ᠵᠦᠶ ᠵᠣᠬᠢᠰᠲᠠᠶ ᠬᠤᠪᠢᠶᠠᠨ ᠡᠭᠦᠷᠭᠡᠯᠡᠬᠦ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠪᠠᠲᠤᠯᠠᠵᠤ᠂ ᠰᠤᠷᠭᠠᠭᠤᠯᠢ ᠶᠢᠨ ᠰᠦᠢᠳᠬᠡᠯ ᠬᠤᠷᠢᠶᠠᠬᠤ ᠥᠬᠡᠶ ᠪᠠᠷ ᠬᠠᠩᠭᠠᠵᠤ ᠳᠡᠶᠢᠯᠬᠦ ᠡᠬᠢ ᠪᠠᠶᠠᠯᠢᠭ ᠪᠠ  ᠦᠢᠯᠡᠴᠢᠯᠡᠭᠡ ᠶᠢ ᠰᠦᠢᠳᠬᠡᠯ ᠬᠤᠷᠢᠶᠠᠬᠤ ᠥᠬᠡᠶ ᠪᠠᠷ ᠬᠠᠩᠭᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠨᠡᠷ᠎ᠡ ᠪᠠᠷ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃       ︵ᠬᠤᠶᠠᠷ︶ ᠨᠡᠶᠢᠳᠡᠮ ᠬᠠᠷᠠᠭᠠᠯᠵᠠᠬᠤ ᠵᠠᠷᠴᠢᠮ ᠢ ᠪᠠᠷᠢᠮᠲᠠᠯᠠᠨ᠎ᠠ᠃ ᠠᠵᠤ ᠠᠬᠤᠶ ᠨᠢ ᠬᠦᠴᠢᠷᠳᠡᠯᠲᠡᠶ ᠬᠡᠷ ᠪᠦᠯᠢ ᠶᠢᠨ ᠰᠤᠷᠤᠭᠴᠢᠳ ᠬᠢᠴᠢᠶᠡᠯ ᠤᠨ ᠳᠠᠷᠠᠭᠠᠬᠢ  ᠦᠢᠯᠡᠴᠢᠯᠡᠭᠡ ᠳᠤ ᠣᠷᠣᠯᠴᠠᠬᠤ ᠳᠤ᠂ ᠰᠤᠷᠤᠭᠴᠢᠳ ᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ ᠬᠠᠰᠤᠵᠤ ᠬᠡᠯᠲᠦᠷᠢᠭᠦᠯᠬᠦ ᠪᠤᠶᠤ ᠨᠥᠬᠦᠪᠥᠷᠢ ᠥᠭᠴᠦ᠂ ᠬᠡᠷ ᠲᠡᠭᠡᠨ ᠬᠤᠴᠣᠷᠤᠭᠰᠠᠨ ᠬᠡᠦᠬᠡᠳ᠂ ᠬᠤᠲᠠ ᠣᠷᠣᠵᠤ ᠬᠦᠴᠦ ᠶᠠᠪᠤᠭᠰᠠᠳ ᠤᠨ ᠳᠠᠭᠠᠵᠤ ᠨᠡᠭᠦᠭᠰᠡᠨ ᠦᠷ᠎ᠡ ᠬᠡᠦᠬᠡᠳ ᠵᠡᠷᠭᠡ ᠪᠠᠴᠢᠮ ᠱᠠᠭᠠᠷᠳᠠᠭᠳᠠᠬᠤ ᠦᠢᠯᠡᠴᠢᠯᠡᠬᠡᠨ ᠤ ᠨᠡᠶᠢᠲᠡ ᠴᠣᠭᠴᠠ ᠶᠢ ᠤᠷᠢᠳᠠᠪᠠᠷ ᠪᠠᠲᠤᠯᠠᠨ᠎ᠠ᠃       ︵ᠭᠤᠷᠪᠠ︶ ᠢᠯᠡ ᠲᠣᠳᠣ ᠪᠠᠶᠢᠬᠤ ᠶᠢ ᠪᠠᠷᠢᠮᠲᠠᠯᠠᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠥᠷᠨᠢᠭᠦᠯᠵᠦ ᠪᠠᠶᠢᠭ᠎ᠠ ᠰᠤᠷᠭᠠᠭᠤᠯᠢ ᠨᠤᠭᠤᠳ ᠦᠢᠯᠡᠴᠢᠯᠡᠬᠦ ᠴᠠᠭ᠂ ᠦᠢᠯᠡᠴᠢᠯᠡᠬᠦ ᠠᠭᠤᠯᠭ᠎ᠠ᠂ ᠦᠢᠯᠡᠴᠢᠯᠡᠬᠦ ᠠᠷᠭ᠎ᠠ ᠮᠠᠶ᠋ᠢᠭ᠂ ᠠᠮᠤᠷ ᠲᠦᠪᠰᠢᠨ ᠤ ᠠᠷᠭ᠎ᠠ ᠬᠡᠮᠵᠢᠶ᠎ᠡ᠂ ᠵᠠᠷᠤᠳᠠᠯ ᠤᠨ ᠪᠠᠷᠢᠮᠵᠢᠶ᠎ᠠ ᠵᠡᠷᠭᠡ ᠵᠦᠢᠯᠡᠰ ᠢᠶᠠᠨ ᠢᠯᠡ ᠪᠣᠯᠭᠠᠵᠤ᠂ ᠰᠣᠷᠣᠭᠴᠢ᠂ ᠬᠡᠷ ᠤᠨ ᠠᠬᠠᠮᠠᠳ ᠪᠣᠯᠤᠨ ᠨᠡᠶᠢᠭᠡᠮ ᠤᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃       ︵ᠳᠥᠷᠪᠡ︶ ᠰᠠᠶᠢᠨ ᠳᠤᠷ᠎ᠠ ᠠᠴᠠ ᠪᠠᠨ ᠰᠣᠩᠭᠤᠯᠲᠠ ᠬᠢᠬᠦ ᠶᠢ ᠪᠠᠷᠢᠮᠲᠠᠯᠠᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠨᠢ ᠰᠤᠷᠤᠭᠴᠢ ᠶᠢᠨ ᠭᠡᠷ ᠤᠨ ᠠᠬᠠᠮᠠᠳ ᠤᠨ ᠰᠠᠶᠢᠨ ᠳᠤᠷ᠎ᠠ ᠶᠢᠨ ᠵᠠᠷᠴᠢᠮ ᠢ ᠪᠠᠷᠢᠮᠲᠠᠯᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠲᠠᠷᠬᠠᠭᠰᠠᠨ ᠤ ᠳᠠᠷᠠᠭ᠎ᠠ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠬᠤ ᠡᠰᠡᠬᠦ ᠶᠢ ᠰᠣᠷᠣᠭᠴᠢ ᠶᠢᠨ ᠬᠡᠷ ᠤᠨ ᠠᠬᠠᠮᠠᠳ ᠥᠪᠡᠰᠦᠪᠡᠨ ᠰᠣᠩᠭᠤᠨ᠎ᠠ᠃ ᠶᠠᠮᠠᠷᠪᠠ ᠠᠷᠭ᠎ᠠ ᠮᠠᠶ᠋ᠢᠭ ᠢᠶᠠᠷ ᠰᠤᠷᠤᠭᠴᠢᠳ ᠢ ᠠᠯᠪᠠᠳᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠵᠤ ᠪᠠᠶᠢᠭᠠᠳ ᠣᠷᠣᠯᠴᠠᠭᠤᠯᠬᠤ ᠶᠢ ᠴᠢᠩᠭ᠎ᠠ ᠴᠠᠭᠠᠵᠠᠯᠠᠵᠤ᠂ ᠶᠠᠮᠠᠷᠪᠠ ᠠᠷᠭ᠎ᠠ ᠮᠠᠶ᠋ᠢᠭ ᠢᠶᠠᠷ ᠰᠤᠷᠤᠭᠴᠢᠳ ᠢ ᠲᠡᠪᠴᠢᠬᠦ ᠪᠤᠶᠤ ᠰᠢᠯᠲᠠᠭᠯᠠᠨ ᠣᠷᠣᠯᠴᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃       ︵ᠲᠠᠪᠤ︶ ᠰᠤᠷᠭᠠᠭᠤᠯᠢ ᠪᠠᠷ ᠭᠤᠤᠯᠯᠠᠭᠤᠯᠬᠤ ᠶᠢ ᠪᠠᠷᠢᠮᠲᠠᠯᠠᠨ᠎ᠠ᠃ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠪᠠᠭᠰᠢ᠂ ᠲᠠᠯᠠᠪᠤᠷ᠂ ᠪᠡᠯᠡᠳᠬᠡᠮᠵᠢ ᠲᠥᠬᠦᠭᠡᠷᠦᠮᠵᠢ ᠵᠡᠷᠭᠡ ᠲᠠᠢ ᠤᠶᠠᠯᠳᠤᠭᠤᠯᠤᠨ ᠪᠣᠳᠠᠲᠠᠶ ᠠᠴᠠ ᠡᠭᠦᠰᠦᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠦᠨ᠂ ᠬᠢᠴᠢᠶᠡᠯ ᠤᠨ ᠳᠠᠷᠠᠭᠠᠬᠢ ᠡᠯᠪᠡᠭ ᠪᠠᠶᠠᠯᠢᠭ ᠣᠯᠠᠨ ᠶᠠᠩᠵᠤ ᠶᠢᠨ ᠦᠢᠯᠡᠴᠢᠯᠡᠭᠡ ᠶᠢ ᠥᠷᠨᠢᠭᠦᠯᠵᠦ᠂ ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠠᠯᠢ ᠴᠢᠳᠠᠬᠤ ᠪᠠᠷ ᠬᠠᠩᠭᠠᠨ᠎ᠠ᠃       ᠭᠤᠷᠪᠠ᠂ ᠦᠢᠯᠡᠴᠢᠯᠡᠬᠡᠨ ᠤ ᠲᠣᠬᠢᠷᠠᠭᠤᠯᠤᠯᠲᠠ       ︵ᠨᠢᠭᠡ︶ ᠦᠢᠯᠡᠴᠢᠯᠡᠬᠦ ᠡᠲᠡᠭᠡᠳ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠦᠬᠦ ᠰᠤᠷᠤᠭᠴᠢ᠃       ︵ᠬᠤᠶᠠᠷ︶ ᠦᠢᠯᠡᠴᠢᠯᠡᠬᠦ ᠴᠠᠭ᠃ ᠬᠢᠴᠢᠶᠡᠯ ᠤᠨ ᠳᠠᠷᠠᠭᠠᠬᠢ ᠦᠢᠯᠡᠴᠢᠯᠡᠬᠦ ᠴᠠᠭ ᠨᠢ ᠶᠡᠷᠦ ᠳᠡᠭᠡᠨ ᠬᠡᠪ ᠤᠨ ᠬᠢᠴᠢᠶᠡᠯᠯᠡᠬᠦ ᠡᠳᠦᠷ ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ︶ ᠤᠨ ᠦᠳᠡ ᠶᠢᠨ ᠬᠤᠶᠢᠨ᠎ᠠ ᠬᠢᠴᠢᠶᠡᠯ ᠪᠠᠭᠤᠭᠰᠠᠨ ᠤ ᠳᠠᠷᠠᠭ᠎ᠠ ᠶᠠᠪᠤᠭᠳᠠᠭᠤᠯᠵᠤ᠂ ᠭᠠᠷᠠᠭ ᠪᠦᠷᠢ 5 ᠡᠳᠦᠷ ᠪᠣᠯᠪᠠᠯ ᠴᠥᠮ ᠥᠷᠨᠢᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠬᠦ ᠴᠠᠭ ᠢ ᠡᠩ ᠤᠨ ᠪᠠᠶᠢᠳᠠᠯ ᠳᠤ 2 ᠴᠠᠭ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ ᠪᠣᠳᠠᠲᠠᠶ ᠦᠢᠯᠡᠴᠢᠯᠡᠬᠦ ᠴᠠᠭ ᠢ ᠡᠯ᠎ᠡ ᠭᠠᠵᠠᠷ ᠡᠯ᠎ᠡ ᠰᠤᠷᠭᠠᠭᠤᠯᠢ ᠨᠢ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠵᠤ᠂ ᠦᠢᠯᠡᠴᠢᠯᠡᠭᠡ ᠳᠠᠭᠤᠰᠬᠤ ᠴᠠᠭ ᠢ ᠲᠤᠬᠠᠶ ᠶᠢᠨ ᠭᠠᠵᠠᠷ ᠤᠨ ᠠᠵᠢᠯᠯᠠᠵᠤ ᠠᠮᠠᠷᠠᠬᠤ ᠴᠠᠭ ᠯᠤᠭ᠎ᠠ ᠵᠣᠯᠭᠠᠭᠤᠯᠵᠤ᠂ ᠬᠡᠷ ᠤᠨ ᠠᠬᠠᠮᠠᠳ ᠤᠨ ᠰᠣᠷᠣᠭᠴᠢ ᠲᠣᠰᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠵᠠᠷᠴᠢᠮ ᠳᠡᠭᠡᠷ᠎ᠡ ᠪᠠᠨ 19᠄ 00 ᠠᠴᠠ ᠣᠷᠣᠶ ᠪᠠᠶᠢᠯᠭᠠᠵᠤ ᠪᠣᠯᠬᠤ ᠥᠬᠡᠶ᠃ ᠨᠥᠬᠦᠴᠡᠯ ᠲᠠᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ ᠣᠷᠣᠶ ᠶᠢᠨ ᠳᠠᠪᠲᠠᠯᠭ᠎ᠠ ᠲᠣᠬᠢᠷᠠᠭᠤᠯᠵᠤ ᠪᠣᠯᠤᠨ᠎ᠠ᠂ ᠡᠩ ᠤᠨ ᠪᠠᠶᠢᠳᠠᠯ ᠳᠤ 2 ᠴᠠᠭ ᠤᠨ ᠳᠣᠲᠣᠷ᠎ᠠ ᠪᠠᠶᠢᠷᠢ ᠳᠤ ᠰᠠᠭᠤᠬᠤ ᠪᠤᠰᠤ ᠳᠦᠷᠢᠮᠲᠦ ᠰᠤᠷᠭᠠᠭᠤᠯᠢ ᠶᠢᠨ ᠣᠷᠣᠶ ᠶᠢᠨ ᠳᠠᠪᠲᠠᠯᠭ᠎ᠠ ᠶᠢᠨ ᠳᠠᠭᠤᠰᠬᠤ ᠴᠠᠭ ᠢ ᠵᠠᠷᠴᠢᠮ ᠳᠡᠭᠡᠷ᠎ᠡ ᠪᠠᠨ 20᠄ 30 ᠠᠴᠠ ᠣᠷᠣᠢ ᠪᠠᠶᠢᠯᠭᠠᠵᠤ ᠪᠣᠯᠬᠤ ᠥᠬᠡᠶ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠣᠷᠣᠶ ᠶᠢᠨ ᠳᠠᠪᠲᠠᠯᠭ᠎ᠠ ᠶᠢᠨ ᠳᠠᠭᠤᠰᠬᠤ ᠴᠠᠭ ᠢ ᠰᠤᠷᠤᠭᠴᠢᠳ ᠤᠨ ᠤᠨᠲᠠᠬᠤ ᠠᠴᠠ ᠡᠮᠦᠨᠡᠬᠢ ᠪᠡᠯᠡᠳᠬᠡᠯ ᠪᠠ ᠤᠨᠲᠠᠬᠤ ᠴᠠᠭ ᠢ ᠬᠦᠢᠴᠡᠳ ᠪᠠᠲᠤᠯᠠᠬᠤ ᠬᠡᠷᠡᠭᠲᠡᠶ᠃ ᠣᠨᠴᠣᠭᠤᠢ ᠬᠡᠷᠡᠭᠴᠡᠭᠡ ᠲᠠᠢ ᠰᠤᠷᠤᠭᠴᠢᠳ ᠲᠤ ᠬᠤᠶᠢᠰᠢᠯᠠᠭᠤᠯᠤᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠬᠤ ᠬᠡᠷᠡᠭᠲᠡᠢ᠃ ᠬᠢᠴᠢᠶᠡᠯ ᠤᠨ ᠳᠠᠷᠠᠭᠠᠬᠢ  ᠦᠢᠯᠡᠴᠢᠯᠡᠭᠡ ᠳᠤ ᠣᠷᠣᠯᠴᠠᠭᠰᠠᠨ ᠰᠤᠷᠤᠭᠴᠢᠳ ᠤᠶᠠᠨ ᠬᠠᠲᠠᠨ ᠴᠢᠨᠠᠷ ᠲᠠᠢ ᠪᠠᠷ ᠰᠤᠷᠭᠠᠭᠤᠯᠢ ᠠᠴᠠ ᠰᠠᠯᠬᠤ ᠶᠢ ᠬᠡᠷᠡᠭᠵᠢᠭᠦᠯᠵᠦ᠂ ᠬᠡᠷ ᠤᠨ ᠠᠬᠠᠮᠠᠳ ᠨᠠᠷ ᠬᠢᠴᠢᠶᠡᠯ ᠤᠨ ᠳᠠᠷᠠᠭᠠᠬᠢ ᠦᠶ᠋ᠯᠡᠴᠢᠯᠡᠭᠡᠨ ᠤ ᠬᠤᠭᠤᠴᠠᠭᠠᠨ ᠳᠠᠭᠠᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠰᠤᠷᠭᠠᠭᠤᠯᠢ᠂ ᠪᠠᠭᠰᠢ ᠨᠠᠷ ᠲᠠᠢ ᠪᠦᠲᠦᠮᠵᠢᠲᠡᠶ ᠵᠣᠯᠭᠠᠯᠳᠤᠭᠰᠠᠨ ᠪᠠᠶᠢᠳᠠᠯ ᠳᠤᠤᠷ᠎ᠠ᠂ ᠬᠡᠷᠡᠭᠴᠡᠭᠡ ᠶᠣᠰᠣᠭᠠᠷ ᠰᠣᠷᠣᠭᠴᠢ ᠶᠢ ᠲᠣᠰᠴᠤ ᠠᠪᠠᠴᠢᠨ᠎ᠠ᠂ ᠭᠡᠪᠡᠴᠦ ᠰᠤᠷᠭᠠᠭᠤᠯᠢ ᠳᠤ ᠪᠡᠶ᠎ᠡ ᠪᠠᠨ ᠳᠠᠭᠠᠭᠠᠵᠤ ᠰᠤᠷᠤᠯᠴᠠᠬᠤ ᠱᠠᠭᠠᠷᠳᠠᠯᠭ᠎ᠠ ᠲᠠᠢ ᠰᠣᠷᠣᠭᠴᠢ ᠶᠢ ᠠᠯᠪᠠᠳᠠᠯᠭ᠎ᠠ ᠪᠠᠷ ᠰᠤᠷᠭᠠᠭᠤᠯᠢ ᠠᠴᠠ ᠬᠠᠷᠢᠭᠤᠯᠵᠦ ᠪᠣᠯᠬᠤ ᠥᠬᠡᠶ᠃      ︵ᠭᠤᠷᠪᠠ︶ ᠦᠢᠯᠡᠴᠢᠯᠡᠭᠡᠨ ᠤ ᠠᠭᠤᠯᠭ᠎ᠠ᠃ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ ᠬᠢᠴᠢᠶᠡᠯ ᠤᠨ ᠥᠭᠡᠷᠡᠴᠢᠯᠡᠯᠲᠡ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠰᠤᠷᠭᠠᠭᠤᠯᠢ ᠡᠷᠭᠢᠯᠡᠬᠦ ᠣᠨᠴᠠᠯᠢᠭ ᠵᠢᠴᠢ ᠰᠤᠷᠤᠭᠴᠢᠳ ᠤᠨ ᠰᠤᠷᠤᠯᠴᠠᠬᠤ ᠪᠠ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠭᠤᠯᠭ᠎ᠠ ᠶᠢ ᠵᠦᠶ ᠵᠣᠬᠢᠰᠲᠠᠶ ᠳᠣᠭᠢᠷᠠᠭᠤᠯᠵᠤ᠂ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠨᠢ ᠪᠦᠯᠬᠦᠮ ᠨᠡᠶᠢᠲᠡ ᠶᠢᠨ ᠠᠵᠢᠯᠯᠠᠭ᠎ᠠ᠂ ᠬᠢᠴᠢᠶᠡᠯ ᠤᠨ ᠭᠠᠳᠠᠭᠤᠷᠬᠢ ᠤᠩᠰᠢᠯᠭ᠎ᠠ᠂ ᠦᠢᠯᠡᠳᠦᠯᠬᠡ ᠶᠢᠨ ᠠᠵᠢᠯᠯᠠᠭ᠎ᠠ᠂ ᠭᠠᠷ ᠠᠵᠢᠯᠯᠠᠭᠠᠨ ᠤ ᠲᠥᠷᠥᠯ ᠢᠶᠠᠷ ᠭᠤᠤᠯ ᠪᠣᠯᠭᠠᠬᠤ ᠬᠡᠷᠡᠭᠲᠡᠶ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠠᠰᠢᠭᠯᠠᠨ ᠪᠢᠴᠢᠭ ᠤᠨ ᠳᠠᠰᠬᠠᠯ ᠲᠣᠬᠢᠷᠠᠭᠤᠯᠵᠤ ᠪᠣᠯᠬᠤ ᠥᠬᠡᠶ︔ ᠭᠤᠷᠪᠠ ᠠᠴᠠ ᠵᠢᠷᠭᠤᠳᠤᠭᠠᠷ ᠣᠨ ᠳᠤ ᠪᠡᠶ᠎ᠡ ᠪᠠᠨ ᠳᠠᠭᠠᠭᠠᠵᠤ ᠰᠤᠷᠤᠯᠴᠠᠬᠤ᠂ ᠪᠡᠶ᠎ᠡ ᠪᠠᠨ ᠳᠠᠭᠠᠭᠠᠵᠤ ᠳᠠᠰᠬᠠᠯ ᠬᠢᠬᠦ᠂ ᠬᠢᠴᠢᠶᠡᠯ ᠤᠨ ᠭᠠᠳᠠᠨᠠᠬᠢ ᠤᠩᠰᠢᠯᠭ᠎ᠠ᠂ ᠳᠠᠰᠬᠠᠯ ᠤᠨ ᠬᠠᠪᠰᠤᠷᠤᠨ ᠵᠢᠯᠣᠭᠤᠳᠣᠯᠭ᠎ᠠ᠂ ᠪᠡᠶ᠎ᠡ ᠶᠢᠨ ᠲᠠᠮᠢᠷ ᠭᠤᠸ᠎ᠠ ᠰᠠᠶᠢᠬᠠᠨ ᠬᠥᠳᠡᠯᠮᠦᠷᠢ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠳᠤᠷ᠎ᠠ ᠰᠣᠨᠢᠷᠬᠠᠯ ᠤᠨ ᠳᠤᠭᠤᠶᠢᠯᠠᠩ᠂ ᠪᠦᠯᠬᠦᠮ ᠨᠡᠶᠢᠲᠡ ᠶᠢᠨ ᠠᠵᠢᠯᠯᠠᠭ᠎ᠠ᠂ ᠰᠡᠳᠬᠢᠬᠦᠶ ᠶᠢ ᠥᠷᠭᠡᠳᠬᠡᠬᠦ ᠪᠣᠯᠪᠠᠰᠤᠷᠠᠯ᠂ ᠶᠡᠷᠦᠩᠬᠡᠶᠢᠯᠡᠭᠰᠡᠨ ᠦᠢᠯᠡᠳᠦᠯᠬᠡ ᠪᠠᠷ ᠭᠤᠤᠯ ᠪᠣᠯᠭᠠᠨ᠎ᠠ︔ ᠳᠣᠯᠤᠭ᠎ᠠ ᠠᠴᠠ ᠶᠢᠰᠦᠳᠦᠭᠡᠷ ᠣᠨ ᠪᠣᠯᠲᠠᠯ᠎ᠠ ᠳᠠᠰᠬᠠᠯ ᠤᠨ ᠵᠢᠯᠣᠭᠤᠳᠤᠮᠵᠢ᠂ ᠰᠤᠷᠤᠯᠭ᠎ᠠ ᠶᠢᠨ ᠨᠥᠬᠦᠪᠥᠷᠢ᠂ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠬᠢᠴᠢᠶᠡᠯ ᠤᠨ ᠭᠠᠳᠠᠨᠠᠬᠢ ᠤᠩᠰᠢᠯᠭ᠎ᠠ᠂ ᠨᠡᠶᠢᠭᠡᠮ ᠤᠨ ᠪᠦᠯᠬᠦᠮ ᠤᠨ ᠠᠵᠢᠯᠯᠠᠭ᠎ᠠ᠂ ᠶᠡᠷᠦᠩᠬᠡᠶᠢᠯᠡᠭᠰᠡᠨ ᠦᠢᠯᠡᠳᠦᠯᠭᠡ᠂ ᠰᠡᠳᠬᠢᠴᠡ ᠶᠢᠨ ᠵᠢᠯᠣᠭᠤᠳᠤᠮᠵᠢ ᠪᠠᠷ ᠭᠤᠣᠯᠯᠠᠨ᠎ᠠ᠃ ᠰᠤᠷᠭᠠᠭᠤᠯᠢ ᠨᠢ ᠰᠤᠷᠤᠭᠴᠢᠳ ᠤᠨ ᠥᠪᠡᠰᠦᠪᠡᠨ ᠰᠤᠷᠤᠯᠴᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠡᠳᠦᠷ ᠪᠦᠷᠢ 1 ᠴᠠᠭ ᠣᠷᠴᠢᠮ ᠤᠨ ᠴᠠᠭ ᠲᠣᠬᠢᠷᠠᠭᠤᠯᠵᠤ ᠰᠤᠷᠤᠭᠴᠢᠳ ᠢ ᠵᠣᠬᠢᠶᠠᠨ ᠪᠠᠶᠢᠭᠤᠯᠤᠨ ᠪᠡᠶ᠎ᠡ ᠪᠠᠨ ᠳᠠᠭᠠᠭᠠᠨ ᠰᠤᠷᠤᠯᠴᠠᠬᠤ᠂ ᠪᠡᠶ᠎ᠡ ᠪᠠᠨ ᠳᠠᠭᠠᠭᠠᠨ ᠳᠠᠰᠬᠠᠯ ᠬᠢᠬᠦ᠂ ᠪᠡᠶ᠎ᠡ ᠪᠠᠨ ᠳᠠᠭᠠᠭᠠᠨ ᠨᠣᠮ ᠤᠩᠰᠢᠬᠤ ᠪᠣᠯᠭᠠᠵᠤ᠂ ᠪᠠᠭᠰᠢ ᠪᠠᠨ ᠵᠦᠶ ᠵᠣᠬᠢᠰᠲᠠᠶ ᠳᠣᠭᠢᠷᠠᠭᠤᠯᠤᠨ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠢᠯᠣᠭᠤᠳᠴᠤ ᠪᠠᠶᠢᠭᠠᠳ ᠰᠤᠷᠭᠠᠭᠤᠯᠢ ᠶᠢᠨ ᠳᠣᠲᠣᠷ᠎ᠠ ᠪᠢᠴᠢᠭ ᠤᠨ ᠳᠠᠰᠬᠠᠯ ᠢ ᠦᠨᠳᠦᠰᠦᠨ ᠳᠡᠭᠡᠨ ᠪᠡᠶᠡᠯᠡᠭᠦᠯᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠶᠢᠨ ᠳᠣᠲᠣᠷ᠎ᠠ ᠶᠡᠬᠡᠩᠬᠢ ᠲᠣᠭᠠᠨ ᠤ ᠪᠢᠴᠢᠭ ᠤᠨ ᠳᠠᠰᠬᠠᠯ ᠢ ᠪᠡᠶᠡᠯᠡᠭᠦᠯᠬᠦ ᠬᠡᠷᠡᠭᠲᠡᠶ᠃ ᠪᠥᠬᠦ ᠰᠤᠷᠤᠭᠴᠢᠳ ᠲᠤ ᠬᠠᠨᠳᠤᠭᠤᠯᠬᠤ ᠶᠢ ᠪᠠᠷᠢᠮᠲᠠᠯᠠᠨ᠂ ᠰᠤᠷᠤᠯᠭ᠎ᠠ ᠶᠢᠨ ᠪᠠᠶᠢᠳᠠᠯ ᠢ ᠵᠠᠳᠠᠯᠬᠤ ᠠᠵᠢᠯ ᠤᠨ ᠲᠣᠭᠲᠠᠴᠠ ᠪᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ︽ᠠᠩᠭᠢ ᠰᠢᠯᠵᠢᠬᠦ︾ ᠶᠢ ᠲᠠᠰ ᠳᠠᠪᠬᠤᠷᠭ᠎ᠠ ᠬᠤᠪᠢᠶᠠᠨ ᠬᠠᠪᠰᠤᠷᠤᠨ ᠵᠢᠯᠣᠭᠤᠳᠬᠤ ᠶᠢ ᠢᠳᠡᠪᠬᠢᠲᠡᠶ ᠰᠦᠪᠡᠭᠴᠢᠯᠡᠨ᠂ ᠪᠠᠭᠰᠢ ᠨᠠᠷ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ ᠪᠠᠶᠢᠭᠠᠳ ᠰᠤᠷᠤᠯᠴᠠᠯᠭ᠎ᠠ ᠨᠢ ᠬᠦᠴᠢᠷᠳᠡᠯᠲᠡᠶ ᠰᠤᠷᠤᠭᠴᠢᠳ ᠢ ᠣᠨᠴᠠ ᠵᠠᠷᠢᠮ ᠬᠠᠪᠰᠤᠷᠤᠨ ᠵᠢᠯᠣᠭᠤᠳᠬᠤ ᠪᠠ ᠬᠢᠴᠢᠶᠡᠯ ᠰᠤᠷᠤᠯᠭ᠎ᠠ ᠶᠢᠨ ᠬᠢᠨ ᠤ ᠮᠠᠳᠠᠭ ᠲᠠᠢ ᠠᠰᠠᠭᠤᠳᠠᠯ ᠢ ᠨᠢ ᠲᠠᠶᠢᠯᠬᠤ ᠬᠡᠷᠡᠭᠲᠡᠶ︔ ᠰᠤᠷᠤᠯᠴᠠᠬᠤ ᠴᠢᠳᠠᠪᠤᠷᠢ ᠲᠠᠢ ᠰᠤᠷᠤᠭᠴᠢᠳ ᠲᠤ ᠰᠤᠷᠤᠯᠴᠠᠬᠤ ᠣᠷᠣᠨ ᠵᠠᠶ ᠶᠢ ᠨᠢ ᠥᠷᠭᠡᠳᠬᠡᠵᠦ᠂ ᠡᠯᠪᠡᠭ ᠪᠠᠶᠠᠯᠢᠭ ᠤᠳᠬ᠎ᠠ ᠤᠷᠠᠯᠢᠭ᠂ ᠪᠡᠶ᠎ᠡ ᠶᠢᠨ ᠲᠠᠮᠢᠷ᠂ ᠬᠥᠳᠡᠯᠮᠦᠷᠢ᠂ ᠤᠩᠰᠢᠯᠭ᠎ᠠ᠂ ᠰᠡᠳᠬᠢᠴᠡ ᠶᠢᠨ ᠬᠠᠪᠰᠤᠷᠤᠨ ᠵᠢᠯᠣᠭᠤᠳᠤᠯᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠷ᠎ᠠ ᠰᠣᠨᠢᠷᠬᠠᠯ ᠤᠨ ᠳᠤᠭᠤᠶᠢᠯᠠᠩ ᠵᠢᠴᠢ ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠣᠩᠭᠤᠯᠲᠠ ᠬᠢᠬᠦ ᠳᠤ ᠬᠠᠩᠭᠠᠨ᠂ ᠰᠤᠷᠤᠭᠴᠢᠳ ᠤᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠬᠡᠷᠡᠭᠲᠡᠶ᠃ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠨᠤᠭᠤᠳ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠠᠭᠤᠯᠭ᠎ᠠ ᠶᠢ ᠬᠠᠪᠰᠤᠷᠤᠨ ᠵᠢᠯᠣᠭᠤᠳᠬᠤ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠬᠤ ᠪᠠᠷ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠬᠢᠴᠢᠶᠡᠯ ᠤᠨ ᠳᠠᠷᠠᠭᠠᠬᠢ ᠦᠢᠯᠡᠴᠢᠯᠡᠬᠦ ᠴᠠᠭ ᠢ ᠠᠰᠢᠭᠯᠠᠨ ᠬᠠᠮᠲᠤ ᠪᠠᠷ ᠬᠢᠴᠢᠶᠡᠯ ᠨᠥᠬᠦᠬᠦ᠂ ᠰᠢᠨ᠎ᠡ ᠬᠢᠴᠢᠶᠡᠯ ᠶᠠᠷᠢᠬᠤ ᠪᠠ ᠰᠢᠯᠭᠠᠯᠲᠠ ᠬᠢᠵᠦ ᠪᠣᠯᠪᠠᠰᠤᠷᠠᠭᠤᠯᠬᠤ ᠶᠢ ᠴᠢᠩᠭ᠎ᠠ ᠴᠠᠭᠠᠵᠠᠯᠠᠵᠤ᠂ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠦᠨᠳᠦᠷᠡᠭᠦᠯᠵᠦ ᠪᠣᠯᠬᠤ ᠥᠬᠡᠶ᠃       ︵ᠳᠥᠷᠪᠡ︶ ᠵᠣᠬᠢᠶᠠᠨ ᠪᠠᠶᠢᠭᠤᠯᠬᠤ ᠠᠷᠭ᠎ᠠ ᠮᠠᠶ᠋ᠢᠭ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠰᠤᠷᠭᠠᠭᠤᠯᠢ ᠠᠴᠠ ᠬᠠᠩᠭᠠᠬᠤ ᠪᠠᠷ ᠭᠤᠤᠯ ᠪᠣᠯᠭᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠲᠠᠢ ᠰᠣᠷᠣᠭᠴᠢ ᠶᠢᠨ ᠬᠡᠷ ᠤᠨ ᠠᠬᠠᠮᠠᠳ ᠰᠤᠷᠭᠠᠭᠤᠯᠢ ᠳᠤ ᠰᠠᠶᠢᠨ ᠳᠤᠷ᠎ᠠ ᠠᠴᠠ ᠪᠠᠨ ᠭᠤᠶᠤᠴᠢᠯᠠᠯ ᠭᠠᠷᠭᠠᠵᠤ᠂ ᠰᠤᠷᠭᠠᠭᠤᠯᠢ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠨᠢᠭᠡᠳᠦᠯᠲᠡᠶ ᠵᠣᠬᠢᠶᠠᠨ ᠪᠠᠶᠢᠭᠤᠯᠤᠨ᠎ᠠ᠃ ᠡᠯ᠎ᠡ ᠦᠢᠯᠡᠴᠢᠯᠡᠬᠡᠨ ᠤ ᠲᠥᠷᠥᠯ ᠵᠦᠢᠯ ᠳᠤ ᠲᠥᠷᠥᠯ ᠵᠦᠢᠯ ᠬᠤᠪᠢᠶᠠᠨ ᠬᠤᠯᠢᠯᠳᠤᠭᠤᠯᠤᠨ ᠠᠩᠭᠢ ᠬᠤᠪᠢᠶᠠᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠠᠩᠭᠢ ᠨᠢᠭᠡᠪᠦᠷᠢ ᠳᠤ 45 ᠬᠥᠮᠦᠨ ᠠᠴᠠ ᠬᠡᠲᠦᠷᠡᠭᠦᠯᠵᠦ ᠪᠣᠯᠬᠤ ᠥᠬᠡᠶ᠃ ᠪᠣᠳᠠᠲᠠᠶ ᠠᠵᠢᠯᠯᠠᠭ᠎ᠠ ᠶᠢ ᠰᠤᠷᠭᠠᠭᠤᠯᠢ ᠬᠠᠷᠢᠭᠤᠴᠠᠵᠤ᠂ ᠰᠤᠷᠭᠠᠭᠤᠯᠢ ᠨᠢ ᠰᠤᠷᠭᠠᠭᠤᠯᠢ ᠶᠢᠨ ᠳᠣᠲᠣᠷᠠᠬᠢ ᠬᠠᠮᠢᠶᠠᠷᠤᠯᠲᠠ᠂ ᠠᠵᠢᠯᠲᠠᠨ᠂ ᠲᠠᠯᠠᠪᠤᠷ᠂ ᠡᠬᠢ ᠪᠠᠶᠠᠯᠢᠭ ᠵᠡᠷᠭᠡ ᠨᠥᠬᠦᠴᠡᠯ ᠢ ᠬᠦᠢᠴᠡᠳ ᠠᠰᠢᠭᠯᠠᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠢᠳᠡᠪᠬᠢᠲᠡᠶ ᠥᠷᠨᠢᠭᠦᠯᠬᠦ ᠬᠡᠷᠡᠭᠲᠡᠶ᠃ ᠬᠤᠰᠢᠭᠤ ᠨᠡᠭᠡᠭᠡᠯᠳᠡ ᠶᠢᠨ ᠣᠷᠣᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠠᠷᠠᠳ ᠤᠨ ᠶᠠᠪᠤᠳᠠᠯ᠂ ᠰᠣᠶᠣᠯ ᠵᠢᠭᠤᠯᠴᠢᠯᠠᠯ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠬᠤᠷᠢᠶ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠤᠬᠠᠶ ᠶᠢᠨ ᠭᠠᠵᠠᠷ ᠤᠨ ᠨᠣᠮ ᠤᠨ ᠰᠠᠩ᠂ ᠮᠦᠽᠧᠶ᠂ ᠰᠣᠶᠣᠯ ᠤᠨ ᠣᠷᠳᠣᠨ᠂ ᠦᠵᠡᠰᠬᠦᠯᠡᠩ ᠤᠨ ᠣᠷᠳᠣᠨ᠂ ᠪᠠᠭᠠᠴᠤᠳ ᠤᠨ ᠣᠷᠳᠣᠨ ︵ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ︶᠂ ᠡᠮᠡᠭᠲᠡᠶᠢᠴᠦᠳ ᠬᠡᠦᠬᠡᠳ ᠤᠨ ᠠᠵᠢᠯᠯᠠᠭᠠᠨ ᠤ ᠲᠥᠪ᠂ ᠬᠤᠪᠢᠰᠬᠠᠯ ᠤᠨ ᠦᠵᠡᠮᠵᠢ ᠶᠢᠨ ᠭᠠᠵᠠᠷ᠂ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠵᠡᠷᠭᠡ ᠰᠤᠷᠭᠠᠭᠤᠯᠢ ᠶᠢᠨ ᠭᠠᠳᠠᠨᠠᠬᠢ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠠᠯᠠᠪᠤᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠭᠤᠯᠭ᠎ᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠳᠣᠲᠣᠷ᠎ᠠ᠂ ᠰᠤᠷᠭᠠᠭᠤᠯᠢ ᠶᠢᠨ ᠭᠠᠳᠠᠨᠠᠬᠢ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠡᠬᠢ ᠪᠠᠶᠠᠯᠢᠭ ᠢ ᠪᠦᠲᠦᠮᠵᠢᠲᠡᠶ ᠵᠣᠯᠭᠠᠭᠤᠯᠬᠤ ᠪᠠ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠡᠬᠢ ᠪᠠᠶᠠᠯᠢᠭ ᠤᠨ ᠲᠠᠪᠴᠠᠩ ᠵᠢᠴᠢ ᠴᠢᠨᠠᠷ ᠰᠠᠶᠢᠲᠠᠶ ᠰᠤᠷᠭᠠᠭᠤᠯᠢ ᠶᠢᠨ ᠰᠦᠯᠵᠢᠶᠡᠨ ᠤ ᠲᠠᠪᠴᠠᠩ ᠢ ᠰᠠᠶᠢᠲᠤᠷ ᠠᠰᠢᠭᠯᠠᠵᠤ᠂ ᠰᠤᠷᠤᠭᠴᠢᠳ ᠲᠤ ᠡᠯ᠎ᠡ ᠣᠨ ᠤ ᠡᠯ᠎ᠡ ᠬᠢᠴᠢᠶᠡᠯ ᠲᠥᠷᠥᠯ ᠢ ᠬᠠᠮᠤᠷᠤᠭᠰᠠᠨ ᠰᠤᠷᠤᠯᠴᠠᠬᠤ ᠡᠬᠢ ᠪᠠᠶᠠᠯᠢᠭ ᠢ ᠰᠦᠢᠳᠬᠡᠯ ᠬᠤᠷᠢᠶᠠᠬᠤ ᠦᠭᠡᠶ ᠪᠠᠷ ᠬᠠᠩᠭᠠᠬᠤ ᠬᠡᠷᠡᠭᠲᠡᠶ᠃ ᠨᠥᠬᠦᠴᠡᠯ ᠪᠦᠷᠢᠯᠳᠦᠭᠦᠯᠵᠦ ᠪᠠᠶᠢᠭᠠᠳ ᠰᠢᠯᠢᠳᠡᠭ ᠪᠠᠭᠰᠢ ᠶᠢ ᠵᠣᠬᠢᠶᠠᠨ ᠪᠠᠶᠢᠭᠤᠯᠵᠤ ᠰᠦᠯᠵᠢᠶᠡᠨ ᠳᠡᠭᠡᠷ᠎ᠡ ᠰᠦᠢᠳᠬᠡᠯ ᠬᠤᠷᠢᠶᠠᠬᠤ ᠥᠬᠡᠶ ᠪᠠᠷ ᠬᠠᠷᠢᠯᠴᠠᠨ ᠰᠣᠯᠢᠯᠴᠠᠵᠤ ᠮᠠᠲᠠᠭ ᠢ ᠨᠢ ᠳᠡᠶᠢᠯᠵᠦ᠂ ᠰᠤᠷᠤᠭᠴᠢᠳ ᠲᠤ ᠰᠦᠯᠵᠢᠶᠡᠨ ᠳᠡᠭᠡᠷ᠎ᠡ ᠬᠢᠴᠢᠶᠡᠯᠯᠡᠭᠰᠡᠨ ᠤ ᠳᠠᠷᠠᠭᠠᠬᠢ ᠦᠢᠯᠡᠴᠢᠯᠡᠭᠡ ᠬᠠᠩᠭᠠᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠨᠢ ᠵᠠᠷᠴᠢᠮ ᠳᠡᠭᠡᠷ᠎ᠡ ᠪᠠᠨ ᠨᠢᠭᠡ ᠰᠤᠷᠤᠯᠭ᠎ᠠ ᠶᠢᠨ ᠬᠤᠭᠤᠴᠠᠭ᠎ᠠ ᠪᠠᠷ ᠬᠠᠷᠢᠴᠠᠩᠭᠤᠶ ᠲᠣᠭᠲᠠᠮᠠᠯ ᠬᠤᠭᠤᠴᠠᠭ᠎ᠠ ᠪᠣᠯᠭᠠᠨ᠎ᠠ᠃       ᠳᠥᠷᠪᠡ᠂ ᠪᠠᠭᠰᠢ ᠶᠢᠨ ᠲᠣᠬᠢᠷᠠᠭᠤᠯᠤᠯᠲᠠ       ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠶᠡᠷᠦ ᠳᠡᠭᠡᠨ ᠲᠣᠰ ᠰᠤᠷᠭᠠᠭᠤᠯᠢ ᠶᠢᠨ ᠪᠠᠭᠰᠢ ᠡᠭᠦᠷᠭᠡᠯᠡᠵᠦ᠂ ᠪᠠᠭᠰᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠬᠤ ᠶᠢ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠬᠤ᠂ ᠬᠥᠬᠢᠭᠦᠯᠦᠨ ᠱᠠᠩᠨᠠᠬᠤ ᠪᠠ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠴᠢᠬᠤᠯᠠ ᠯᠠᠪᠯᠠᠯᠲᠠ ᠪᠣᠯᠭᠠᠨ᠎ᠠ᠃ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠪᠣᠯᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯ ᠤᠨ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠬᠤ ᠳᠠᠭᠠᠨ᠂ ᠪᠠᠭᠰᠢ ᠨᠠᠷ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠳᠤ ᠣᠷᠣᠯᠴᠠᠬᠤ ᠬᠦᠴᠦᠨ ᠵᠦᠢᠯ ᠢ ᠪᠣᠳᠣᠯᠬᠢᠯᠠᠵᠤ᠂ ᠪᠠᠭᠰᠢ ᠨᠠᠷ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠨᠥᠬᠦᠪᠥᠷᠢ ᠳᠤ ᠬᠡᠷᠡᠭᠯᠡᠬᠦ ᠵᠠᠷᠤᠳᠠᠯ ᠤᠨ ᠲᠤᠭ᠎ᠠ ᠬᠡᠮᠵᠢᠶ᠎ᠡ ᠶᠢ ᠠᠮᠵᠢᠯᠲᠠ ᠪᠦᠲᠦᠮᠵᠢ ᠶᠢᠨ ᠴᠠᠯᠢᠩ ᠳᠤ ᠨᠡᠮᠡᠵᠦ ᠣᠷᠣᠭᠤᠯᠬᠤ ᠶᠢᠨ ᠬᠠᠮᠲᠤ ᠵᠣᠬᠢᠴᠠᠩᠭᠤᠶ ᠲᠥᠷᠥᠯ ᠵᠦᠢᠯ ᠪᠠᠶᠢᠭᠤᠯᠵᠤ᠂ ᠳᠠᠷᠠᠭ᠎ᠠ ᠵᠢᠯ ᠤᠨ ᠬᠡᠪ ᠤᠨ ᠬᠢᠨᠠᠨ ᠲᠣᠭᠲᠠᠭᠠᠭᠰᠠᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ ᠰᠠᠭᠤᠷᠢ ᠲᠤᠭ᠎ᠠ ᠪᠣᠯᠭᠠᠬᠤ ᠦᠭᠡᠶ᠃ ᠪᠠᠭᠰᠢ ᠨᠠᠷ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠰᠠᠶᠢᠨ ᠳᠤᠷ᠎ᠠ ᠠᠴᠠ ᠪᠠᠨ ᠣᠷᠣᠯᠴᠠᠬᠤ ᠬᠡᠷᠡᠭᠲᠡᠶ᠂ ᠪᠠᠭᠰᠢ ᠶᠢ ᠠᠯᠪᠠᠲᠠᠨ ᠡᠭᠦᠷᠭᠡ ᠳᠠᠭᠠᠭᠠᠯᠭᠠᠵᠤ ᠪᠣᠯᠬᠤ ᠥᠬᠡᠶ᠂ ᠰᠤᠷᠭᠠᠭᠤᠯᠢ ᠠᠴᠠ ᠪᠠᠭᠰᠢ ᠶᠢᠨ ᠠᠵᠢᠯᠯᠠᠵᠤ ᠠᠮᠠᠷᠠᠬᠤ ᠴᠠᠭ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ︽ᠴᠢᠯᠦᠭᠡᠳᠡᠢ ᠠᠵᠢᠯᠯᠠᠵᠤ ᠠᠮᠠᠷᠠᠬᠤ ᠲᠦᠷᠢᠮ︾ ᠢ ᠬᠡᠷᠡᠭᠵᠢᠭᠦᠯᠵᠦ᠂ ᠪᠠᠭᠰᠢ ᠶᠢᠨ ᠴᠢᠬᠤᠯᠠ ᠪᠥᠬᠦᠶ ᠠᠮᠠᠷᠠᠬᠤ ᠴᠠᠭ ᠢ ᠪᠠᠲᠤᠯᠠᠵᠤ ᠪᠣᠯᠤᠨ᠎ᠠ᠃ ᠰᠤᠷᠭᠠᠭᠤᠯᠢ ᠶᠢᠨ ᠳᠣᠲᠣᠷᠠᠬᠢ ᠪᠠᠭᠰᠢ ᠶᠢᠨ ᠬᠦᠴᠦᠨ ᠬᠦᠷᠦᠯᠴᠡᠬᠦ ᠥᠬᠡᠶ ᠪᠠᠶᠢᠪᠠᠯ᠂ ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠬᠢᠴᠢᠶᠡᠯ ᠤᠨ ᠳᠠᠷᠠᠭᠠᠬᠢ  ᠦᠢᠯᠡᠴᠢᠯᠡᠭᠡ ᠳᠤ ᠣᠷᠣᠯᠴᠠᠭᠤᠯᠬᠤ ᠶᠢ ᠰᠦᠪᠡᠭᠴᠢᠯᠡᠵᠦ ᠪᠣᠯᠤᠨ᠎ᠠ᠂ ᠠᠵᠢᠯ ᠠᠴᠠ ᠪᠠᠨ ᠠᠮᠠᠷᠠᠭᠰᠠᠨ ᠪᠠᠭᠤᠭᠰᠠᠨ ᠪᠠᠭᠰᠢ᠂ ᠰᠣᠷᠣᠭᠴᠢ ᠶᠢᠨ ᠬᠡᠷ ᠤᠨ ᠠᠬᠠᠮᠠᠳ᠂ ᠨᠡᠶᠢᠭᠡᠮ ᠤᠨ ᠲᠤᠰᠬᠠᠶ ᠮᠡᠷᠭᠡᠵᠢᠯ ᠤᠨ ᠬᠥᠮᠦᠰ᠂ ᠣᠶᠤᠲᠠᠨ ᠰᠠᠶᠢᠨ ᠳᠤᠷᠠᠴᠤᠳ ᠵᠡᠷᠭᠡ ᠰᠠᠶᠢᠨ ᠳᠤᠷ᠎ᠠ ᠶᠢᠨ ᠦᠢᠯᠡᠴᠢᠯᠡᠬᠡᠨ ᠤ ᠬᠦᠴᠦᠨ ᠢ ᠳᠠᠶᠢᠴᠢᠯᠠᠨ ᠬᠢᠴᠢᠶᠡᠯ ᠤᠨ ᠳᠠᠷᠠᠭᠠᠬᠢ  ᠦᠢᠯᠡᠴᠢᠯᠡᠭᠡ ᠳᠤ ᠣᠷᠣᠯᠴᠠᠭᠤᠯᠵᠤ᠂ ᠠᠵᠢᠯᠲᠠᠨ ᠬᠦᠷᠦᠯᠴᠡᠬᠦ ᠥᠬᠡᠶ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠢᠢᠳᠪᠦᠷᠢᠯᠡᠭᠰᠡᠨ ᠴᠦ ᠪᠣᠯᠤᠨ᠎ᠠ᠃ ᠬᠢᠴᠢᠶᠡᠯ ᠤᠨ ᠳᠠᠷᠠᠭᠠᠬᠢ  ᠦᠢᠯᠡᠴᠢᠯᠡᠭᠡ ᠶᠢ ᠣᠷᠣᠨ ᠪᠦᠰᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠭᠠᠵᠤ᠂ ᠣᠷᠣᠨ ᠪᠦᠰᠡ ᠶᠢᠨ ᠳᠣᠲᠣᠷᠠᠬᠢ ᠰᠢᠯᠢᠳᠡᠭ ᠪᠠᠭᠰᠢ ᠶᠢᠨ ᠬᠦᠴᠦᠨ ᠪᠠᠭᠤᠷᠠᠶ ᠰᠤᠷᠭᠠᠭᠤᠯᠢ ᠳᠤ ᠣᠴᠢᠵᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠰᠤᠷᠭᠠᠭᠤᠯᠢ ᠶᠢᠨ ᠭᠠᠳᠠᠨᠠᠬᠢ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠲᠥᠷᠥᠯ ᠵᠦᠢᠯ ᠢ ᠣᠷᠣᠭᠤᠯᠤᠨ ᠠᠪᠴᠢᠷᠠᠵᠤ ᠰᠤᠷᠭᠠᠭᠤᠯᠢ ᠳᠤ ᠣᠷᠣᠭᠤᠯᠤᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠥᠷᠨᠢᠭᠦᠯᠬᠦ ᠶᠢ ᠴᠢᠩᠭ᠎ᠠ ᠴᠠᠭᠠᠵᠠᠯᠠᠨ᠎ᠠ᠃      ᠲᠠᠪᠤ᠂ ᠵᠠᠷᠤᠳᠠᠯ ᠤᠨ ᠪᠠᠲᠤᠯᠠᠭ᠎ᠠ      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ  ᠰᠦᠢᠳᠬᠡᠯ ᠨᠢ ᠦᠢᠯᠡᠴᠢᠯᠡᠬᠡᠨ ᠤ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠳᠤ ᠬᠠᠷᠢᠶᠠᠯᠠᠭᠳᠠᠵᠤ᠂ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠥᠪᠡᠷ ᠤᠨ ᠥᠷᠲᠡᠭ ᠤᠨ ᠨᠥᠬᠦᠪᠥᠷᠢ ᠪᠠ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠪᠠᠶᠢᠬᠤ ᠵᠠᠷᠴᠢᠮ ᠢ ᠪᠠᠷᠢᠮᠲᠠᠯᠠᠨ᠂ ᠵᠠᠷᠤᠳᠠᠯ ᠤᠨ ᠪᠠᠲᠤᠯᠠᠭ᠎ᠠ ᠶᠢᠨ ᠦᠨᠳᠦᠰᠦᠨ ᠪᠠᠷᠢᠮᠵᠢᠶ᠎ᠠ ᠶᠢ ᠰᠣᠷᠣᠭᠴᠢ ᠨᠢᠭᠡᠪᠦᠷᠢ ᠵᠢᠯ ᠪᠦᠷᠢ 570 ᠲᠥᠭᠦᠷᠢᠭ ᠪᠠᠶᠢᠯᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠥᠬᠦᠪᠥᠷᠢ ᠥᠭᠴᠦ᠂ ᠠᠶᠢᠮᠠᠭ ︵ᠬᠤᠰᠢᠭᠤ ᠨᠡᠭᠡᠭᠡᠯᠳᠡ ᠶᠢᠨ ᠣᠷᠣᠨ︶ ᠤᠨ ᠡᠳ᠋ ᠤᠨ ᠵᠠᠰᠠᠭ ᠠᠴᠠ ᠨᠥᠬᠦᠪᠥᠷᠢ ᠥᠭᠬᠦ ᠪᠠ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠳᠤ ᠣᠷᠣᠯᠴᠠᠭᠰᠠᠨ ᠬᠡᠷ ᠤᠨ ᠠᠬᠠᠮᠠᠳ ᠠᠴᠠ ᠦᠢᠯᠡᠴᠢᠯᠡᠬᠡᠨ ᠤ ᠴᠢᠨᠠᠷᠲᠠᠶ ᠰᠦᠢᠳᠬᠡᠯ ᠬᠤᠷᠢᠶᠠᠬᠤ ᠠᠷᠭ᠎ᠠ ᠮᠠᠶ᠋ᠢᠭ ᠢᠶᠠᠷ ᠬᠠᠮᠲᠤ ᠪᠠᠷ ᠪᠠᠲᠤᠯᠠᠨ᠎ᠠ᠃ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠨᠢ ᠦᠨᠳᠦᠰᠦᠨ ᠪᠠᠷᠢᠮᠵᠢᠶ᠎ᠠ ᠶᠢᠨ 60 % ᠪᠠᠶᠢᠵᠤ᠂ ᠬᠡᠷᠡᠭᠰᠡᠬᠦ ᠪᠠᠯᠠ ᠮᠥᠩᠭᠦ ᠶᠢ ᠥᠪᠡᠷᠲᠡᠭᠡᠨ ᠵᠠᠰᠠᠬᠤ ᠣᠷᠣᠨ ᠪᠠ ᠠᠶᠢᠮᠠᠭ᠂ ᠬᠤᠰᠢᠭᠤ ︵ ᠨᠡᠭᠡᠭᠡᠯᠳᠡ ᠶᠢᠨ ᠣᠷᠣᠨ︶ ᠠᠴᠠ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠳᠤ ᠲᠣᠭᠲᠠᠭᠠᠭᠰᠠᠨ ᠬᠤᠪᠢᠳᠠᠨ ᠡᠭᠦᠷᠭᠡᠯᠡᠬᠦ ᠬᠠᠷᠢᠴᠠᠯ ᠢᠶᠠᠷ ᠯᠠᠪᠯᠠᠯᠲᠠ ᠪᠣᠯᠭᠠᠵᠤ ᠬᠠᠮᠲᠤ ᠪᠠᠷ ᠬᠤᠪᠢᠳᠠᠨ ᠡᠭᠦᠷᠭᠡᠯᠡᠨ᠎ᠡ᠂ ᠲᠤᠬᠠᠶᠢᠯᠠᠪᠠᠯ᠄ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ᠂ ᠬᠤᠰᠢᠭᠤ ︵ᠨᠡᠭᠡᠭᠡᠯᠳᠡ ᠶᠢᠨ ᠣᠷᠣᠨ︶ ᠨᠢ 5᠄ 2 . 5᠄ 2 . 5 ᠶᠢᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠃ ᠨᠢᠭᠡᠨᠲᠡ ᠡᠳ᠋ ᠤᠨ ᠵᠠᠰᠠᠭ ᠤᠨ ᠨᠥᠬᠦᠪᠥᠷᠢ ᠥᠭᠬᠦ ᠪᠠᠷ ᠳᠠᠮᠵᠢᠭᠤᠯᠤᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠵᠠᠷᠤᠳᠠᠯ ᠢ ᠰᠢᠢᠳᠪᠦᠷᠢᠯᠡᠭᠰᠡᠨ ᠬᠤᠰᠢᠭᠤ  ᠨᠡᠭᠡᠭᠡᠯᠳᠡ ᠶᠢᠨ ᠣᠷᠣᠨ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠠᠲᠤᠯᠠᠬᠤ ᠶᠢ ᠵᠣᠷᠢᠭᠵᠢᠭᠤᠯᠤᠨ᠎ᠠ᠃ ᠨᠥᠬᠦᠴᠡᠯ ᠥᠬᠡᠶ ᠭᠠᠵᠠᠷ ᠣᠷᠣᠨ ᠨᠢ ᠡᠳ᠋ ᠤᠨ ᠵᠠᠰᠠᠭ ᠤᠨ ᠨᠥᠬᠦᠪᠥᠷᠢ ᠶᠢ ᠬᠠᠰᠤᠭᠰᠠᠨ ᠤ ᠳᠠᠷᠠᠭ᠎ᠠ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷ ᠤᠨ ᠠᠬᠠᠮᠠᠳ ᠠᠴᠠ ᠵᠣᠬᠢᠬᠤ ᠰᠦᠢᠳᠭᠡᠯ ᠬᠤᠷᠢᠶᠠᠵᠤ ᠪᠣᠯᠤᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠰᠦᠢᠳᠬᠡᠯ ᠢ ᠰᠠᠷ᠎ᠠ ᠪᠠᠷ ᠬᠤᠷᠢᠶᠠᠵᠤ᠂ ᠭᠤᠤᠯᠳᠠᠭᠤ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠪᠠᠭᠰᠢ ᠪᠣᠯᠤᠨ ᠬᠠᠮᠢᠶ᠎ᠠ ᠪᠥᠬᠦᠶ ᠬᠥᠮᠦᠰ ᠲᠤ ᠨᠥᠬᠦᠪᠥᠷᠢ ᠥᠭᠬᠦ ᠳᠤ ᠬᠡᠷᠡᠭᠯᠡᠨ᠎ᠡ᠃ ᠰᠤᠷᠭᠠᠭᠤᠯᠢ ᠶᠢᠨ ᠭᠠᠳᠠᠨᠠᠬᠢ ᠬᠥᠮᠦᠨ ᠢ ᠤᠷᠢᠵᠤ ᠬᠢᠴᠢᠶᠡᠯ ᠤᠨ ᠳᠠᠷᠠᠭᠠᠬᠢ  ᠦᠢᠯᠡᠴᠢᠯᠡᠭᠡ ᠬᠠᠩᠭᠠᠪᠠᠯ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠨᠥᠬᠦᠪᠥᠷᠢ ᠶᠢ ᠬᠥᠳᠡᠯᠮᠦᠷᠢ ᠦᠢᠯᠡᠴᠢᠯᠡᠬᠡᠨ ᠤ ᠵᠠᠷᠤᠳᠠᠯ ᠢᠶᠠᠷ ᠬᠠᠮᠢᠶᠠᠷᠴᠤ ᠪᠣᠯᠤᠨ᠎ᠠ᠃ ᠣᠷᠣᠭᠤᠯᠤᠨ ᠠᠪᠴᠢᠷᠠᠭᠰᠠᠨ ᠰᠢᠨᠵᠢᠯᠡᠭᠡᠨ ᠤ ᠲᠥᠷᠥᠯ ᠤᠨ ᠪᠤᠰᠤ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠥᠷᠥᠯ ᠵᠦᠢᠯ ᠳᠤ ᠣᠷᠣᠯᠴᠠᠭᠰᠠᠨ ᠬᠥᠮᠦᠰ ᠤᠨ ᠬᠥᠳᠡᠯᠮᠦᠷᠢ ᠦᠢᠯᠡᠴᠢᠯᠡᠬᠡᠨ ᠤ ᠰᠦᠢᠳᠬᠡᠯ ᠢ ᠰᠤᠷᠭᠠᠭᠤᠯᠢ ᠠᠴᠠ ᠦᠢᠯᠡᠴᠢᠯᠡᠭᠡ ᠬᠤᠳᠠᠯᠳᠤᠨ ᠠᠪᠬᠤ ᠵᠥᠪᠯᠡᠯᠴᠡᠭᠡᠷ ᠲᠤ ᠪᠣᠯᠵᠣᠭᠰᠠᠨ ᠶᠣᠰᠣᠭᠠᠷ ᠪᠦᠬᠦᠯᠢ ᠴᠣᠭᠴᠠ ᠪᠠᠷ ᠨᠢ ᠳᠠᠭᠠᠭᠠᠨ ᠥᠭᠴᠦ ᠪᠣᠯᠤᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠬᠤ ᠠᠵᠢᠯᠲᠠᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠬᠤᠳᠠᠯᠳᠤᠨ ᠠᠪᠴᠤ᠂ ᠵᠠᠷᠤᠳᠠᠯ ᠢᠶᠠᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠵᠠᠷᠤᠳᠠᠯ ᠠᠴᠠ ᠭᠠᠷᠭᠠᠬᠤ ᠬᠡᠷᠡᠭᠲᠡᠶ᠃ ᠭᠡᠷ ᠤᠨ ᠠᠬᠠᠮᠠᠳ ᠤᠨ ᠬᠢᠴᠢᠶᠡᠯ ᠤᠨ ᠳᠠᠷᠠᠭᠠᠬᠢ  ᠦᠢᠯᠡᠴᠢᠯᠡᠭᠡ ᠳᠤ ᠣᠷᠣᠯᠴᠠᠬᠤ ᠰᠤᠷᠤᠭᠴᠢᠳ ᠲᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃       ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠰᠢᠶᠠᠨ ᠢᠶᠠᠷ ᠭᠤᠤᠯ ᠪᠣᠯᠭᠠᠬᠤ︾ ᠬᠠᠮᠢᠶᠠᠷᠤᠯᠲᠠ ᠶᠢᠨ ᠪᠠᠶᠢᠭᠤᠯᠤᠯ ᠤᠨ ᠶᠣᠰᠣᠭᠠᠷ᠂ ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ︽ᠨᠢᠭᠡ ᠭᠠᠵᠠᠷ ᠲᠤ ᠨᠢᠭᠡ ᠲᠥᠰᠦᠯ ᠲᠠᠢ ᠪᠠᠶᠢᠯᠭᠠᠬᠤ︾ ︽ᠨᠢᠭᠡ ᠰᠤᠷᠭᠠᠭᠤᠯᠢ ᠳᠤ ᠨᠢᠭᠡ ᠲᠥᠰᠦᠯ ᠲᠠᠢ ᠪᠠᠶᠢᠯᠭᠠᠬᠤ︾ ᠪᠠᠷ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠦᠢᠯᠡᠴᠢᠯᠡᠬᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠬᠡᠨ ᠤ ᠠᠭᠤᠯᠭ᠎ᠠ ᠪᠠᠨ ᠪᠠᠶᠠᠯᠢᠭᠵᠢᠭᠤᠯᠤᠨ᠂ ᠦᠢᠯᠡᠴᠢᠯᠡᠬᠡᠨ ᠤ ᠪᠠᠲᠤᠯᠠᠭ᠎ᠠ ᠪᠠᠨ ᠴᠢᠩᠭᠠᠷᠠᠭᠤᠯᠵᠤ᠂ ᠰᠤᠷᠤᠭᠴᠢᠳ ᠤᠨ ᠣᠯᠠᠨ ᠶᠠᠩᠵᠤᠲᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠰᠤᠷᠭᠠᠭᠤᠯᠢ ᠨᠤᠭᠤᠳ ᠦᠢᠯᠡᠴᠢᠯᠡᠬᠦ ᠴᠠᠭ᠂ ᠦᠢᠯᠡᠴᠢᠯᠡᠬᠦ ᠠᠭᠤᠯᠭ᠎ᠠ᠂ ᠦᠢᠯᠡᠴᠢᠯᠡᠬᠦ ᠵᠣᠬᠢᠶᠠᠨ ᠪᠠᠶᠢᠭᠤᠯᠤᠯᠲᠠ᠂ ᠬᠠᠷᠢᠭᠤᠴᠠᠯᠭ᠎ᠠ ᠶᠢᠨ ᠬᠤᠪᠢᠶᠠᠷᠢᠯᠠᠯ᠂ ᠳᠦᠷᠢᠮ ᠤᠨ ᠱᠠᠭᠠᠷᠳᠠᠯᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠪᠠᠭᠰᠢ ᠠᠵᠢᠯᠲᠠᠨ ᠠᠵᠢᠯᠴᠢᠨ ᠢ ᠬᠢᠨᠠᠨ ᠰᠢᠯᠭᠠᠬᠤ᠂ ᠤᠷᠮᠠᠰᠢᠭᠤᠯᠬᠤ ᠠᠷᠭ᠎ᠠ ᠵᠡᠷᠭᠡ ᠶᠢ ᠲᠣᠳᠣᠷᠬᠠᠶᠢᠯᠠᠵᠤ᠂ ᠰᠤᠷᠤᠯᠭ᠎ᠠ ᠶᠢᠨ ᠬᠤᠭᠤᠴᠠᠭ᠎ᠠ ᠪᠠᠷ ᠨᠢᠭᠡᠴᠢ ᠪᠣᠯᠭᠠᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ᠃ ᠰᠠᠨᠠᠯ ᠬᠤᠷᠢᠶᠠᠯᠳᠠ ᠶᠢᠨ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠭᠡᠷ ᠤᠨ ᠠᠬᠠᠮᠠᠳ ᠤᠨ ᠦᠢᠯᠡᠴᠢᠯᠡᠭᠡᠨ ᠤ ᠠᠭᠤᠯᠭ᠎ᠠ᠂ ᠰᠦᠢᠳᠬᠡᠯ ᠬᠤᠷᠢᠶᠠᠬᠤ ᠪᠠᠷᠢᠮᠵᠢᠶ᠎ᠠ᠂ ᠬᠢᠨᠠᠯᠲᠠ ᠲᠠᠯᠪᠢᠬᠤ ᠠᠷᠭ᠎ᠠ ᠵᠠᠮ ᠵᠢᠴᠢ ᠭᠡᠷ ᠪᠦᠯᠢ ᠰᠤᠷᠭᠠᠭᠤᠯᠢ ᠶᠢᠨ ᠬᠠᠷᠢᠭᠤᠴᠠᠯᠭ᠎ᠠ ᠶᠢ ᠤᠷᠢᠳᠴᠢᠯᠠᠨ ᠮᠡᠳᠡᠭᠳᠡᠵᠦ᠂ ᠰᠤᠷᠤᠭᠴᠢ ᠵᠢᠴᠢ ᠭᠡᠷ ᠤᠨ ᠠᠬᠠᠮᠠᠳ ᠤᠨ ᠪᠠᠶᠢᠳᠠᠯ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠬᠤ ᠬᠡᠷᠡᠭᠲᠡᠶ᠃      ︵ᠬᠤᠶᠠᠷ︶ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠤᠨ ᠭᠤᠤᠯ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠢ ᠨᠢᠮᠪᠠᠶ ᠵᠢᠯᠣᠭᠤᠳᠬᠤ ᠬᠡᠷᠡᠭᠲᠡᠶ᠃ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠳᠦᠯᠲᠡᠶ ᠲᠥᠯᠥᠪᠵᠢᠭᠦᠯᠵᠦ᠂ ᠨᠢᠭᠲᠠ ᠬᠠᠮᠵᠢᠯᠴᠠᠨ᠂ ᠯᠠᠪᠳᠠᠭᠤᠨ ᠪᠠᠲᠤᠲᠠᠶ ᠠᠬᠢᠭᠤᠯᠵᠤ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠤᠨ ᠡᠬᠢ ᠪᠠᠶᠠᠯᠢᠭ᠂ ᠪᠠᠯᠠ ᠮᠥᠩᠭᠦ᠂ ᠪᠠᠭᠰᠢ ᠶᠢᠨ ᠡᠩᠨᠡᠭᠡ ᠵᠡᠷᠭᠡ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ  ᠦᠢᠯᠡᠴᠢᠯᠡᠭᠡ ᠶᠢ ᠪᠦᠷᠢᠨ ᠬᠠᠮᠣᠷᠣᠭᠤᠯᠬᠤ᠂ ᠴᠢᠨᠠᠷ ᠰᠠᠶᠢᠲᠠᠶ ᠪᠠᠶᠢᠯᠭᠠᠬᠤ ᠶᠢ ᠬᠦᠴᠦᠯᠡᠨ ᠠᠬᠢᠭᠤᠯᠤᠨ᠎ᠠ᠃      ︵ᠭᠤᠷᠪᠠ︶ ᠬᠢᠨᠠᠨ ᠵᠢᠯᠣᠭᠤᠳᠴᠤ ᠦᠨᠡᠯᠡᠬᠦ ᠶᠢ ᠴᠢᠩᠭᠠᠷᠠᠭᠤᠯᠤᠨ᠎ᠠ᠃ ᠬᠤᠰᠢᠭᠤ ᠨᠡᠭᠡᠭᠡᠯᠳᠡ ᠶᠢᠨ ᠣᠷᠣᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠬᠠᠮᠣᠷᠣᠯᠳᠠ ᠶᠢᠨ ᠪᠠᠲᠤᠯᠠᠭ᠎ᠠ᠂ ᠠᠭᠤᠯᠭ᠎ᠠ ᠶᠢᠨ ᠶᠠᠰᠤ ᠴᠢᠨᠠᠷ᠂ ᠰᠣᠷᠣᠭᠴᠢ ᠵᠢᠴᠢ ᠬᠡᠷ ᠤᠨ ᠠᠬᠠᠮᠠᠳ ᠤᠨ ᠬᠠᠨᠤᠮᠵᠢ ᠶᠢᠨ ᠬᠡᠮᠵᠢᠶ᠎ᠡ ᠵᠡᠷᠭᠡ ᠪᠠᠶᠢᠳᠠᠯ ᠳᠤ ᠦᠨᠡᠯᠡᠯᠲᠡ ᠬᠢᠵᠦ᠂ ᠦᠨᠡᠯᠡᠭᠰᠡᠨ ᠦᠷ᠎ᠡ ᠳ᠋ᠦᠩ ᠢ ᠰᠤᠷᠭᠠᠭᠤᠯᠢ ᠵᠢᠴᠢ ᠰᠤᠷᠭᠠᠭᠤᠯᠢ ᠶᠢᠨ ᠵᠠᠬᠢᠷᠤᠯ ᠤᠨ ᠦᠨᠡᠯᠡᠯᠲᠡ ᠶᠢᠨ ᠴᠢᠬᠤᠯᠠ ᠦᠨᠳᠦᠰᠦᠯᠡᠯ ᠪᠣᠯᠭᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠥᠬᠡᠶ ᠨᠢᠭᠡᠴᠡ ᠵᠢᠴᠢ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠵᠠᠷᠯᠠᠨ ᠮᠡᠳᠡᠭᠳᠡᠬᠦ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠰᠠᠯᠠᠭ᠎ᠠ ᠮᠥᠴᠢᠷ ᠤᠳ ᠬᠢᠴᠢᠶᠡᠯ ᠤᠨ ᠳᠠᠷᠠᠭᠠᠬᠢ ᠦᠢᠯᠡᠴᠢᠯᠡᠭᠡ ᠥᠷᠨᠢᠭᠦᠯᠬᠦ ᠶᠢ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠭᠤᠯᠭ᠎ᠠ ᠳᠠᠭᠠᠨ ᠣᠷᠣᠭᠤᠯᠵᠤ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠢ ᠳᠦᠷᠢᠮᠵᠢᠬᠦᠯᠵᠦ᠂ ᠪᠠᠶᠢᠩᠭᠤᠵᠢᠭᠤᠯᠤᠨ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃     ︵ᠳᠥᠷᠪᠡ︶ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠤᠨ ᠡᠯ᠎ᠡ ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠬᠤᠭᠤᠴᠠᠭ᠎ᠠ ᠬᠦᠷᠲᠡᠯ᠎ᠡ ᠤᠷᠲᠤᠳᠬᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠠᠳᠠᠭᠰᠢ ᠤᠷᠢᠭᠳᠠᠭᠰᠠᠳ ᠪᠠ ᠬᠢᠴᠢᠶᠡᠯ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ ᠠᠳᠬᠤᠵᠤ᠂ ᠢᠯᠠᠩᠭᠤᠶ᠎ᠠ ᠬᠢᠴᠢᠶᠡᠯ ᠤᠨ ᠠᠭᠤᠯᠭ᠎ᠠ ᠶᠢ ᠬᠢᠨᠠᠨ ᠬᠠᠷᠭᠤᠭᠤᠯᠬᠤ ᠶᠢ ᠴᠢᠩᠭᠠᠳᠬᠠᠨ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠬᠠᠷᠢᠴᠠᠯᠠᠰᠢ ᠥᠬᠡᠶ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠬᠡᠷ ᠤᠨ ᠰᠤᠷᠭᠠᠭᠤᠯᠢ ᠶᠢ ᠵᠠᠪᠰᠠᠷ ᠥᠬᠡᠶ ᠵᠣᠯᠭᠠᠭᠤᠯᠬᠤ ᠶᠢ ᠰᠠᠶᠢᠲᠤᠷ ᠬᠢᠵᠦ᠂ ᠰᠤᠷᠭᠠᠭᠤᠯᠢ ᠳᠤ ᠣᠷᠣᠵᠤ ᠭᠠᠷᠬᠤ ᠲᠠᠯ᠎ᠠ ᠪᠠᠷ ᠡᠮᠬᠢ ᠵᠢᠷᠤᠮ ᠲᠠᠢ ᠪᠠᠶᠢᠬᠤ ᠶᠢ ᠪᠡᠶᠡᠯᠡᠭᠦᠯᠵᠦ᠂ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃      ︵ᠲᠠᠪᠤ︶ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠬᠢᠨ᠎ᠠ᠃ ᠡᠯ᠎ᠡ ᠭᠠᠵᠠᠷ ᠡᠯ᠎ᠡ ᠰᠤᠷᠭᠠᠭᠤᠯᠢ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠠᠷᠭ᠎ᠠ ᠪᠠᠷᠢᠯ ᠢ ᠬᠡᠷᠡᠭᠯᠡᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠵᠣᠷᠢᠯᠭ᠎ᠠ᠂ ᠠᠴᠢ ᠬᠤᠯᠪᠣᠭᠳᠠᠯ᠂ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠨᠡᠶᠢᠭᠡᠮ ᠳᠤ ᠥᠷᠭᠡᠨ ᠢᠶᠠᠷ ᠤᠬᠠᠭᠤᠯᠵᠤ᠂ ᠲᠣᠰ ᠭᠠᠵᠠᠷ ᠲᠣᠰ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠮᠵᠢᠯᠲᠠ ᠲᠠᠢ ᠠᠷᠭ᠎ᠠ ᠬᠢᠳᠡᠯ ᠪᠠ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠢ ᠪᠥᠬᠦ ᠨᠡᠶᠢᠭᠡᠮ ᠢᠶᠠᠷ ᠢᠶᠠᠨ ᠬᠠᠯᠠᠮᠵᠢᠯᠠᠬᠤ ᠪᠠ ᠳᠡᠮᠵᠢᠬᠦ ᠬᠠᠮᠲᠤ ᠶᠢᠨ ᠲᠠᠨᠢᠯᠲᠠ ᠲᠠᠢ ᠪᠣᠯᠬᠤ ᠶᠢ ᠠᠬᠢᠭᠤᠯᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号