︽ᠠᠯᠠᠱᠠ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠤᠨ ᠬᠡᠷᠡᠭᠵᠢᠭᠦᠯᠬᠦ ᠲᠥᠰᠦᠯ︾ ᠤᠨ ᠳᠣᠬᠠᠢ ᠲᠥᠷᠥ ᠶᠢᠨ ᠪᠣᠳᠣᠯᠭ᠎ᠠ ᠶᠢᠨ ᠳᠠᠶᠢᠯᠣᠮᠵᠢ
ᠨᠡᠶᠢᠲᠡᠯᠡᠭᠰᠡᠨ ᠴᠠᠭ᠄
2022/1/19
     ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠶᠢ ᠪᠦᠬᠦ ᠳᠠᠯ᠎ᠠ ᠪᠠᠷ ᠳᠣᠣᠱᠯᠠᠭᠤᠯᠣᠨ ᠨᠠᠶᠢᠳᠠᠪᠣᠷᠢᠵᠢᠭᠤᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠶᠠᠰᠤ ᠴᠢᠨᠠᠷ ᠪᠠ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠤᠷᠤᠭᠴᠢᠳ ᠤᠨ ᠣᠯᠠᠨ ᠶᠠᠩᠵᠤ ᠶᠢᠨ ᠰᠤᠷᠤᠯᠴᠠᠬᠤ ᠬᠡᠷᠡᠭᠴᠡᠭᠡ ᠶᠢ ᠬᠠᠩᠭᠠᠬᠤ ᠶᠢᠨ ᠳᠣᠰᠠᠳᠠ᠂ ᠣᠶᠢᠷ᠎ᠠ ᠳᠤ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠᠨ ︽ᠠᠯᠠᠱᠠ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠠᠵᠢᠯ ᠤᠨ ᠬᠡᠷᠡᠭᠵᠢᠭᠦᠯᠬᠦ ᠲᠥᠰᠦᠯ︾ ᠢ ᠲᠠᠷᠬᠠᠭᠠᠪᠠ᠃      ︽ᠲᠥᠰᠦᠯ︾ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠥᠷᠨᠢᠭᠦᠯᠬᠦ ᠴᠠᠭ ᠢ ᠡᠩ ᠤᠨ ᠬᠢᠴᠢᠶᠡᠯ ᠣᠷᠣᠬᠤ ᠡᠳᠦᠷ ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ︶ ᠤᠨ ᠦᠳᠡ ᠶᠢᠨ ᠬᠤᠶᠢᠨ᠎ᠠ ᠰᠤᠷᠭᠠᠭᠤᠯᠢ ᠲᠠᠷᠬᠠᠭᠰᠠᠨ ᠤ ᠳᠠᠷᠠᠭ᠎ᠠ ᠶᠠᠪᠤᠭᠳᠠᠭᠤᠯᠵᠤ᠂ ᠭᠠᠷᠠᠭ ᠪᠦᠷᠢ ᠶᠢᠨ 5 ᠡᠳᠦᠷ ᠲᠤ ᠴᠥᠮ ᠥᠷᠨᠢᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠴᠠᠭ ᠢ ᠡᠩ ᠤᠨ ᠪᠠᠶᠢᠳᠠᠯ ᠳᠤ 2 ᠴᠠᠭ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ ᠪᠣᠳᠠᠲᠠᠶ ᠦᠢᠯᠡᠴᠢᠯᠡᠬᠦ ᠴᠠᠭ ᠢ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠲᠤᠬᠠᠶ ᠶᠢᠨ ᠭᠠᠵᠠᠷ ᠤᠨ ᠪᠣᠳᠠᠲᠠᠶ ᠪᠠᠶᠢᠳᠠᠯ ᠢᠶᠠᠨ ᠦᠨᠳᠦᠰᠦᠯᠡᠨ ᠲᠣᠭᠲᠠᠭᠠᠵᠤ᠂  ᠦᠢᠯᠡᠴᠢᠯᠡᠭᠡ ᠳᠠᠭᠤᠰᠬᠤ ᠴᠠᠭ ᠢ ᠲᠤᠬᠠᠶ ᠶᠢᠨ ᠭᠠᠵᠠᠷ ᠤᠨ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠴᠠᠭ ᠲᠠᠢ ᠵᠣᠯᠭᠠᠭᠤᠯᠵᠤ᠂ ᠵᠠᠷᠴᠢᠮ ᠳᠡᠭᠡᠷ᠎ᠡ ᠪᠠᠨ 19᠄ 00 ᠴᠠᠭ ᠠᠴᠠ ᠣᠷᠦ᠋ᠢᠲᠠᠵᠤ ᠪᠣᠯᠬᠤ ᠥᠬᠡᠶ᠂ ᠬᠡᠷ ᠤᠨ ᠠᠬᠠᠮᠠᠳ ᠢ ᠬᠠᠪᠰᠤᠷᠤᠨ ᠴᠠᠭ ᠲᠠᠭᠠᠨ ᠰᠣᠷᠣᠭᠴᠢ ᠲᠤᠰᠬᠤ ᠬᠦᠴᠢᠷᠳᠡᠯ ᠢ ᠨᠢ ᠦᠨᠡᠨ ᠬᠦ ᠰᠢᠢᠳᠪᠦᠷᠢᠯᠡᠵᠦ ᠥᠭᠬᠦ ᠬᠡᠷᠡᠭᠲᠡᠶ᠃ ᠣᠨᠴᠣᠭᠤᠢ ᠬᠡᠷᠡᠭᠴᠡᠭᠡ ᠲᠠᠢ ᠰᠤᠷᠤᠭᠴᠢᠳ ᠲᠤ ᠰᠤᠷᠭᠠᠭᠤᠯᠢ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠠᠭ ᠢ ᠨᠢ ᠤᠷᠲᠤᠳᠬᠠᠵᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠵᠤ ᠪᠣᠯᠤᠨ᠎ᠠ᠃ ᠨᠥᠬᠦᠴᠡᠯ ᠲᠠᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ ᠤᠷᠤᠢ ᠶᠢᠨ ᠳᠠᠪᠲᠠᠯᠭ᠎ᠠ ᠲᠣᠬᠢᠷᠠᠭᠤᠯᠵᠤ ᠪᠣᠯᠤᠨ᠎ᠠ ᠬᠡᠵᠦ ᠳᠣᠳᠣᠷᠬᠠᠶᠢᠯᠠᠪᠠ᠃      ︽ᠲᠥᠰᠦᠯ︾ ᠳᠤ᠂ ᠰᠤᠷᠭᠠᠭᠤᠯᠢ ᠨᠤᠭᠤᠳ ᠰᠣᠷᠣᠭᠴᠢ ᠶᠢᠨ ᠥᠪᠡᠰᠦᠪᠡᠨ ᠰᠤᠷᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠡᠳᠦᠷ ᠪᠦᠷᠢ 1 ᠴᠠᠭ ᠣᠷᠴᠢᠮ ᠤᠨ ᠴᠠᠭ ᠢ ᠲᠣᠬᠢᠷᠠᠭᠤᠯᠵᠤ ᠪᠠᠶᠢᠭᠠᠳ ᠰᠣᠷᠣᠭᠴᠢ ᠶᠢᠨ ᠪᠡᠶ᠎ᠡ ᠪᠠᠨ ᠳᠠᠭᠠᠭᠠᠨ ᠰᠤᠷᠤᠯᠴᠠᠬᠤ᠂ ᠪᠡᠶ᠎ᠡ ᠪᠠᠨ ᠳᠠᠭᠠᠭᠠᠨ ᠳᠠᠰᠬᠠᠯ ᠬᠢᠬᠦ᠂ ᠪᠡᠶ᠎ᠡ ᠪᠠᠨ ᠳᠠᠭᠠᠭᠠᠨ ᠨᠣᠮ ᠤᠩᠰᠢᠬᠤ ᠶᠢ ᠵᠣᠬᠢᠶᠠᠨ ᠪᠠᠶᠢᠭᠤᠯᠵᠤ᠂ ᠪᠠᠭᠰᠢ ᠶᠢᠨ ᠵᠢᠯᠣᠭᠤᠳᠣᠯᠭ᠎ᠠ ᠶᠢ ᠵᠦᠶ ᠵᠣᠬᠢᠰᠲᠠᠶ ᠳᠣᠭᠢᠷᠠᠭᠤᠯᠤᠨ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠶᠢᠨ ᠳᠣᠲᠣᠷ᠎ᠠ ᠪᠢᠴᠢᠭ ᠤᠨ ᠳᠠᠰᠬᠠᠯ ᠢ ᠦᠨᠳᠦᠰᠦᠨ ᠳᠡᠭᠡᠨ ᠪᠡᠶᠡᠯᠡᠭᠦᠯᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠰᠤᠷᠭᠠᠭᠤᠯᠢ ᠶᠢᠨ ᠳᠣᠲᠣᠷ᠎ᠠ ᠣᠯᠠᠩᠬᠢ ᠪᠢᠴᠢᠭ ᠤᠨ ᠳᠠᠰᠬᠠᠯ ᠢ ᠪᠡᠶᠡᠯᠡᠭᠦᠯᠬᠦ ᠬᠡᠷᠡᠭᠲᠡᠶ᠃ ᠰᠣᠷᠣᠯᠴᠠᠬᠤ ᠴᠢᠳᠠᠪᠣᠷᠢ ᠨᠢ ᠳᠣᠪᠣᠶᠢᠮ᠎ᠠ ᠰᠤᠷᠤᠭᠴᠢᠳ ᠲᠤ ᠰᠤᠷᠤᠯᠴᠠᠬᠤ ᠣᠷᠣᠨ ᠵᠠᠢ ᠶᠢ ᠥᠷᠭᠡᠳᠬᠡᠵᠦ᠂ ᠤᠳᠬ᠎ᠠ ᠤᠷᠠᠯᠢᠭ᠂ ᠪᠡᠶ᠎ᠡ ᠶᠢᠨ ᠲᠠᠮᠢᠷ᠂ ᠬᠥᠳᠡᠯᠮᠦᠷᠢ᠂ ᠨᠣᠮ ᠤᠩᠰᠢᠬᠤ᠂ ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠣᠭᠤᠳᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠷ᠎ᠠ ᠰᠣᠨᠢᠷᠬᠠᠯ ᠤᠨ ᠳᠤᠭᠤᠶᠢᠯᠠᠩ ᠵᠢᠴᠢ ᠨᠡᠶᠢᠭᠡᠮ ᠤᠨ ᠪᠦᠯᠬᠦᠮ ᠤᠨ ᠪᠠᠶᠠᠯᠢᠭ ᠰᠠᠶᠢᠬᠠᠨ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠰᠣᠩᠭᠤᠬᠤ ᠶᠢ ᠬᠠᠩᠭᠠᠵᠤ᠂ ᠰᠤᠷᠤᠭᠴᠢᠳ ᠤᠨ ᠠᠳᠠᠯᠢ ᠪᠤᠰᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠬᠡᠷᠡᠭᠲᠡᠢ ᠭᠡᠪᠡ᠃      ︽ᠲᠥᠰᠦᠯ︾ ᠳᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠡᠩ ᠤᠨ ᠪᠠᠶᠢᠳᠠᠯ ᠳᠤ ᠲᠣᠰ ᠰᠤᠷᠭᠠᠭᠤᠯᠢ ᠶᠢᠨ ᠪᠠᠭᠰᠢ ᠠᠴᠠ ᠡᠭᠦᠷᠭᠡᠯᠡᠵᠦ᠂ ᠪᠠᠭᠰᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠯᠴᠠᠬᠤ ᠶᠢ ᠮᠡᠷᠭᠡᠵᠢᠯ ᠤᠨ ᠴᠣᠯᠠ ᠲᠣᠭᠲᠠᠭᠠᠬᠤ ᠤᠷᠢᠬᠤ᠂ ᠬᠥᠬᠢᠭᠦᠯᠦᠨ ᠱᠠᠩᠨᠠᠬᠤ ᠪᠠ ᠠᠵᠢᠯ ᠤᠨ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠴᠢᠬᠤᠯᠠ ᠯᠠᠪᠯᠠᠯᠲᠠ ᠪᠣᠯᠭᠠᠨ᠎ᠠ᠃ ᠰᠤᠷᠭᠠᠭᠤᠯᠢ ᠨᠤᠭᠤᠳ ᠪᠠᠭᠰᠢ ᠶᠢᠨ ᠠᠵᠢᠯᠯᠠᠵᠤ ᠠᠮᠠᠷᠠᠬᠤ ᠴᠠᠭ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ︽  ᠴᠢᠯᠦᠭᠡᠳᠡᠢ ᠪᠠᠷ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠲᠦᠷᠢᠮ︾ ᠢ ᠬᠡᠷᠡᠭᠵᠢᠭᠦᠯᠦᠨ᠂ ᠪᠠᠭᠰᠢ ᠶᠢᠨ ᠴᠢᠬᠤᠯᠠ ᠪᠥᠬᠦᠶ ᠠᠮᠠᠷᠠᠬᠤ ᠴᠠᠭ ᠢ ᠪᠠᠲᠤᠯᠠᠵᠤ ᠪᠣᠯᠤᠨ᠎ᠠ᠃ ᠰᠤᠷᠭᠠᠭᠤᠯᠢ ᠶᠢᠨ ᠳᠣᠲᠣᠷᠠᠬᠢ ᠪᠠᠭᠰᠢ ᠶᠢᠨ ᠬᠦᠴᠦᠨ ᠬᠦᠷᠦᠯᠴᠡᠬᠦ ᠥᠬᠡᠶ ᠪᠠᠶᠢᠪᠠᠯ᠂ ᠰᠢᠨᠵᠢᠯᠡᠭᠡᠨ ᠤ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠣᠷᠣᠭᠤᠯᠤᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠳᠤ ᠣᠷᠣᠯᠴᠠᠭᠤᠯᠬᠤ ᠶᠢ ᠰᠦᠪᠡᠭᠴᠢᠯᠡᠵᠦ ᠪᠣᠯᠤᠨ᠎ᠠ᠂ ᠪᠠᠰᠠ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠪᠠᠭᠰᠢ᠂ ᠰᠣᠷᠣᠭᠴᠢ ᠶᠢᠨ ᠬᠡᠷ ᠤᠨ ᠠᠬᠠᠮᠠᠳ᠂ ᠨᠡᠶᠢᠭᠡᠮ ᠤᠨ ᠲᠤᠰᠬᠠᠶ ᠮᠡᠷᠭᠡᠵᠢᠯ ᠤᠨ ᠬᠥᠮᠦᠰ᠂ ᠣᠶᠤᠲᠠᠨ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠰᠠᠶᠢᠨ ᠳᠤᠷ᠎ᠠ ᠶᠢᠨ ᠦᠢᠯᠡᠴᠢᠯᠡᠬᠡᠨ ᠤ ᠬᠦᠴᠦᠨ ᠢ ᠳᠠᠶᠢᠴᠢᠯᠠᠨ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠳᠤ ᠣᠷᠣᠯᠴᠠᠭᠤᠯᠵᠤ᠂ ᠠᠵᠢᠯᠲᠠᠨ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠢᠢᠳᠪᠦᠷᠢᠯᠡᠵᠦ ᠪᠣᠯᠤᠨ᠎ᠠ ᠬᠡᠪᠡ᠃      ︽ᠲᠥᠰᠦᠯ︾ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠰᠦᠢᠳᠬᠡᠯ ᠨᠢ ᠦᠢᠯᠡᠴᠢᠯᠡᠭᠡᠨ ᠤ ᠴᠢᠨᠠᠷᠲᠠᠶ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠥᠪᠡᠷ ᠤᠨ ᠥᠷᠲᠡᠭ ᠢᠶᠠᠷ ᠨᠥᠬᠦᠪᠥᠷᠢᠯᠡᠬᠦ ᠪᠠ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠵᠠᠷᠴᠢᠮ ᠢ ᠪᠠᠷᠢᠮᠲᠠᠯᠠᠨ᠂ ᠵᠠᠷᠤᠳᠠᠯ ᠤᠨ ᠪᠠᠲᠤᠯᠠᠭ᠎ᠠ ᠶᠢᠨ ᠦᠨᠳᠦᠰᠦᠨ ᠪᠠᠷᠢᠮᠵᠢᠶ᠎ᠠ ᠶᠢ ᠰᠣᠷᠣᠭᠴᠢ ᠨᠢᠭᠡᠪᠦᠷᠢ ᠳᠤ ᠵᠢᠯ ᠪᠦᠷᠢ 570 ᠲᠥᠭᠦᠷᠢᠭ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠥᠬᠦᠪᠥᠷᠢᠯᠡᠬᠦ᠂ ᠠᠶᠢᠮᠠᠭ ︵ᠬᠤᠰᠢᠭᠤ ᠨᠡᠭᠡᠭᠡᠯᠳᠡ ᠶᠢᠨ ᠣᠷᠣᠨ︶ ᠤᠨ ᠡᠳ᠋ ᠤᠨ ᠵᠠᠰᠠᠭ ᠠᠴᠠ ᠨᠥᠬᠦᠪᠥᠷᠢᠯᠡᠬᠦ ᠪᠠ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠳᠤ ᠣᠷᠣᠯᠴᠠᠭᠰᠠᠨ ᠰᠣᠷᠣᠭᠴᠢ ᠶᠢᠨ ᠬᠡᠷ ᠤᠨ ᠠᠬᠠᠮᠠᠳ ᠠᠴᠠ  ᠦᠢᠯᠡᠴᠢᠯᠡᠬᠡᠨ ᠤ ᠴᠢᠨᠠᠷᠲᠠᠶ ᠰᠦᠢᠳᠬᠡᠯ ᠬᠤᠷᠢᠶᠠᠬᠤ ᠠᠷᠭ᠎ᠠ ᠮᠠᠶ᠋ᠢᠭ ᠢᠶᠠᠷ ᠬᠠᠮᠲᠤᠪᠠᠷ ᠪᠠᠲᠤᠯᠠᠨ᠎ᠠ ᠬᠡᠵᠦ ᠳᠣᠳᠣᠷᠬᠠᠶᠢᠯᠠᠪᠠ᠃      ︽ᠲᠥᠰᠦᠯ︾ ᠳᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠰᠣᠷᠣᠭᠴᠢ ᠶᠢᠨ ᠬᠡᠷ ᠤᠨ ᠠᠬᠠᠮᠠᠳ ᠤᠨ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠪᠠᠷᠢᠮᠲᠠᠯᠠᠵᠤ᠂ ᠶᠠᠮᠠᠷᠪᠠ ᠠᠷᠭ᠎ᠠ ᠮᠠᠶ᠋ᠢᠭ ᠢᠶᠠᠷ ᠰᠣᠷᠣᠭᠴᠢ ᠶᠢ ᠠᠯᠪᠠᠳᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠯᠪᠠᠲᠠᠨ ᠣᠷᠣᠯᠴᠠᠭᠤᠯᠬᠤ ᠶᠢ ᠴᠢᠩᠭ᠎ᠠ ᠴᠠᠭᠠᠵᠠᠯᠠᠵᠤ᠂ ᠶᠠᠮᠠᠷᠪᠠ ᠠᠷᠭ᠎ᠠ ᠮᠠᠶ᠋ᠢᠭ ᠢᠶᠠᠷ ᠰᠣᠷᠣᠭᠴᠢ ᠶᠢᠨ ᠣᠷᠣᠯᠴᠠᠬᠤ ᠶᠢ ᠲᠡᠪᠴᠢᠬᠦ ᠪᠤᠶᠤ ᠲᠦᠯᠬᠢᠯᠴᠡᠬᠦ ᠶᠢ ᠴᠢᠩᠭ᠎ᠠ ᠴᠠᠭᠠᠵᠠᠯᠠᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠬᠡᠨ ᠤ ᠴᠠᠭ ᠢ ᠠᠰᠢᠭᠯᠠᠨ ᠬᠠᠮᠲᠤ ᠪᠠᠷ ᠬᠢᠴᠢᠶᠡᠯ ᠨᠥᠬᠦᠬᠦ᠂ ᠰᠢᠨ᠎ᠡ ᠬᠢᠴᠢᠶᠡᠯ ᠵᠢᠭᠠᠬᠤ ᠪᠠ ᠰᠢᠯᠭᠠᠯᠲᠠ ᠪᠣᠯᠪᠠᠰᠤᠷᠠᠯ ᠬᠢᠬᠦ ᠶᠢ ᠴᠢᠩᠭ᠎ᠠ ᠴᠠᠭᠠᠵᠠᠯᠠᠵᠤ᠂ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠦᠨᠳᠦᠷᠡᠭᠦᠯᠵᠦ ᠪᠣᠯᠬᠤ ᠥᠬᠡᠶ᠃ ᠰᠤᠷᠭᠠᠭᠤᠯᠢ ᠶᠢᠨ ᠭᠠᠳᠠᠨᠠᠬᠢ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠲᠥᠷᠥᠯ ᠵᠦᠢᠯ ᠢ ᠰᠤᠷᠭᠠᠭᠤᠯᠢ ᠳᠤ ᠣᠷᠣᠭᠤᠯᠤᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠥᠷᠨᠢᠭᠦᠯᠬᠦ ᠶᠢ ᠴᠢᠩᠭ᠎ᠠ  ᠴᠠᠭᠠᠵᠠᠯᠠᠬᠤ ᠬᠡᠷᠡᠭᠳᠡᠢ ᠬᠡᠵᠦ ᠱᠠᠭᠠᠷᠳᠠᠪᠠ᠃     ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号