ᠬᠠᠷᠠᠯᠲᠠ ᠪᠠᠨ ᠲᠣᠭᠲᠠᠭᠠᠵᠤ ︽ᠲᠦᠷᠪᠡ ᠶᠢ ᠬᠦᠳᠦᠯᠦᠨ ᠳᠠᠭᠠᠭᠤᠯᠬᠤ︾ ᠶᠢ ᠴᠢᠩᠭᠠᠳᠬᠠᠵᠤ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ ︽ᠭᠤᠷᠪᠠᠨ ᠲᠥᠪ︾ ᠢ ᠴᠣᠭᠴᠠᠯᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2022/1/21
       — ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ ᠶᠢ ᠰᠤᠷᠪᠤᠯᠵᠢᠯᠠᠭᠰᠠᠨ ᠨᠢ       ︽ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠭᠰᠣᠴᠠ ᠥᠨᠳᠥᠷ᠂ ᠨᠠᠶᠢᠳᠠᠪᠤᠷᠢᠵᠢᠭᠤᠯᠤᠯᠲᠠ ᠪᠣᠳᠠᠲᠠᠢ ᠪᠠᠶᠢᠵᠤ᠂ ᠪᠦᠬᠦ ᠠᠶᠢᠮᠠᠭ ᠤᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ︾᠃ ᠠᠯᠠᠱᠠ ᠪᠠᠷᠠᠭᠤᠨ ᠬᠤᠰᠢᠭᠤᠨ ᠤ ᠬᠢᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠲᠤ ᠡᠵᠡᠮᠳᠡᠵᠦ᠂ ᠰᠢᠨ᠎ᠡ ᠪᠠᠶᠢᠳᠠᠯ ᠳᠤ ᠵᠣᠬᠢᠴᠠᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠪᠠ᠃ ᠲᠦᠷᠦᠭᠦᠬᠡᠨ᠂ ᠠᠯᠠᠱᠠ ᠪᠠᠷᠠᠭᠤᠨ ᠬᠤᠰᠢᠭᠤ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃
     ᠯᠢᠦ ᠴᠥᠩ ᠰᠢᠶᠤᠤ ᠬᠡᠯᠡᠬᠦ ᠳᠡᠭᠡᠨ᠂ 2022 ᠣᠨ ᠳᠤ ᠠᠯᠠᠱᠠ ᠪᠠᠷᠠᠭᠤᠨ ᠬᠤᠰᠢᠭᠤᠨ ᠤ ᠬᠢᠨ ᠳᠣᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄      ᠬᠠᠷᠠᠯᠲᠠ ᠴᠢᠭᠯᠡᠯ ᠢᠶᠠᠨ ᠲᠣᠭᠲᠠᠭᠠᠵᠤ᠂ ︽ᠨᠢᠭᠡ ᠤᠢᠢᠯᠠᠭᠠᠭᠳᠠᠬᠤᠨ︾ ᠢ ᠪᠠᠲᠤ ᠪᠤᠢ ᠪᠣᠯᠭᠠᠨ᠎ᠠ᠃ ᠠᠮᠢ ᠠᠬᠤᠶ ᠶᠢᠨ ᠣᠷᠴᠢᠨ ᠲᠣᠭᠤᠷᠢᠨ ᠬᠡᠪᠡᠷᠡᠭ ᠪᠠᠶᠢᠬᠤ ᠪᠣᠳᠠᠲᠤ ᠪᠠᠶᠢᠳᠠᠯ ᠠᠴᠠ ᠡᠭᠦᠰᠬᠦ ᠶᠢ ᠪᠠᠷᠢᠮᠲᠠᠯᠠᠵᠤ᠂ ᠠᠮᠢ ᠠᠬᠤᠶ ᠶᠢ ᠬᠠᠮᠠᠭᠠᠯᠠᠬᠤ ᠪᠠ ᠵᠠᠰᠠᠵᠤ ᠰᠡᠷᠭᠦᠭᠡᠬᠦ ᠶᠢ ᠣᠷᠳᠣ ᠬᠤᠭᠤᠴᠠᠭᠠᠨ ᠤ ᠪᠣᠳᠣᠯᠭ᠎ᠠ᠂ ᠦᠨᠳᠦᠰᠦᠨ ᠠᠷᠭ᠎ᠠ ᠬᠡᠮᠵᠢᠶ᠎ᠡ ᠪᠣᠯᠭᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ᠂ ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠲᠥᠷᠥᠯ ᠵᠦᠢᠯ ᠢ ᠦᠷᠭᠦᠯᠵᠢᠯᠡᠨ ᠰᠠᠶᠢᠲᠤᠷ ᠬᠡᠷᠡᠭᠵᠢᠭᠦᠯᠦᠨ᠎ᠡ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦᠨ ᠤ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠠᠶᠢᠭᠠᠯᠢ ᠶᠢᠨ ᠠᠮᠢ ᠠᠬᠤᠢ ᠶᠢᠨ ᠲᠡᠩᠴᠡᠭᠦᠷᠢ ᠶᠢ ᠡᠪᠳᠡᠬᠦ ᠨᠡᠭᠡᠭᠡᠨ ᠬᠥᠭᠵᠢᠭᠦᠯᠦᠯᠲᠡ ᠶᠢ ᠬᠢᠬᠦ ᠦᠭᠡᠢ᠂ ᠣᠷᠴᠢᠨ ᠲᠣᠭᠤᠷᠢᠨ ᠤ ᠳᠠᠭᠠᠭᠠᠴᠠ ᠠᠴᠠ ᠳᠠᠪᠠᠭᠰᠠᠨ ᠢᠨᠵᠧᠨᠧᠷᠢᠩ ᠢ ᠪᠠᠶᠢᠭᠤᠯᠬᠤ ᠦᠭᠡᠢ᠂ ᠡᠬᠢ ᠪᠠᠶᠠᠯᠢᠭ ᠤᠨ ᠳᠠᠭᠠᠭᠠᠴᠠ ᠠᠴᠠ ᠳᠠᠪᠠᠭᠰᠠᠨ ᠲᠦᠷᠦᠯ ᠵᠦᠢᠯ ᠢ ᠪᠠᠶᠢᠭᠤᠯᠬᠤ ᠦᠭᠡᠢ᠂ ᠠᠵᠤ ᠠᠬᠤᠢ ᠶᠢᠨ ᠠᠵᠢᠯᠯᠠᠭ᠎ᠠ᠂ ᠨᠡᠶᠢᠭᠡᠮ ᠤᠨ ᠠᠵᠢᠯᠯᠠᠭ᠎ᠠ ᠶᠢ ᠠᠮᠢ ᠠᠬᠤᠢ ᠶᠢᠨ ᠣᠷᠴᠢᠨ ᠲᠣᠭᠤᠷᠢᠨ ᠤ ᠳᠠᠭᠠᠭᠠᠴᠠ ᠶᠢᠨ ᠬᠢᠵᠠᠭᠠᠷ ᠲᠤ ᠬᠢᠵᠠᠭᠠᠷᠯᠠᠵᠤ᠂ ᠨᠡᠩ ᠥᠨᠳᠥᠷ ᠪᠠᠷᠢᠮᠵᠢᠶ᠎ᠠ ᠪᠠᠷ ᠬᠦᠬᠡ ᠣᠭᠲᠠᠷᠭᠤᠢ᠂ ᠴᠡᠩᠬᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠠ᠃      ᠡᠷᠡᠰ ᠵᠣᠷᠢᠭ ᠰᠥᠰᠥ ᠵᠣᠷᠢᠭ ᠢᠶᠠᠨ ᠪᠠᠲᠤᠳᠬᠠᠵᠤ᠂ ︽ᠬᠤᠶᠠᠷ ᠴᠢᠳᠠᠪᠤᠷᠢ︾ ᠪᠠᠨ ᠳᠡᠭᠡᠭᠰᠢᠯᠡᠭᠦᠯᠦᠨ᠎ᠡ᠃ ᠬᠥᠭᠵᠢᠯᠲᠡ ᠪᠣᠯ ᠬᠠᠲᠠᠭᠤ ᠶᠣᠰᠣ᠂ ︽ᠬᠥᠭᠵᠢᠯᠲᠡ ᠨᠢ ᠡᠷᠬᠡᠪᠰᠢ ᠴᠢᠨᠠᠷ ᠰᠠᠶᠢᠲᠠᠶ ᠬᠥᠭᠵᠢᠯᠲᠡ ᠪᠠᠶᠢᠬᠤ ᠬᠡᠷᠡᠭᠲᠡᠶ︾ ᠭᠡᠬᠦ ᠦᠵᠡᠯ ᠰᠠᠨᠠᠭ᠎ᠠ ᠶᠢ ᠭᠤᠶᠢᠪᠢᠰᠢ ᠥᠬᠡᠶ ᠪᠠᠷᠢᠮᠲᠠᠯᠠᠵᠤ᠂ ᠰᠠᠭᠤᠵᠤ ᠳᠡᠶᠢᠯᠬᠦ ᠥᠬᠡᠶ ᠲᠦᠭᠰᠢᠭᠦᠷᠢᠲᠦ ᠰᠡᠳᠬᠢᠯᠭᠡ᠂ ᠬᠦᠯᠢᠶᠡᠵᠦ ᠳᠡᠶᠢᠯᠬᠦ ᠥᠬᠡᠶ ᠲᠤᠯᠭᠠᠮ᠎ᠠ ᠰᠡᠳᠬᠢᠯᠭᠡ᠂ ᠤᠳᠠᠭᠠᠰᠢᠷᠠᠭᠤᠯᠵᠤ ᠪᠣᠯᠤᠰᠢ ᠥᠬᠡᠶ ᠬᠠᠷᠢᠭᠤᠴᠠᠯᠭᠠᠲᠤ ᠰᠡᠳᠬᠢᠯᠭᠡ ᠪᠠᠷ ᠭᠤᠤᠯᠳᠠᠯᠭ᠎ᠠ ᠲᠠᠢ ᠠᠵᠤ ᠠᠬᠤᠶᠢᠯᠠᠯ ᠢ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠳᠬᠤᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠠᠳᠬᠤᠵᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠠᠳᠬᠤᠵᠤ᠂ ᠬᠥᠭᠵᠢᠯᠲᠡ ᠶᠢ ᠠᠳᠬᠤᠬᠤ ᠪᠠ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠤᠰᠢᠭᠤᠨ ᠤ ᠠᠵᠤ ᠠᠬᠤᠶ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠶᠢ ᠠᠬᠢᠭᠤᠯᠤᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠠᠷᠭ᠎ᠠ ᠪᠤᠳᠤᠯᠭ᠎ᠠ ᠶᠢ ᠴᠢᠬᠤᠯᠠᠴᠢᠯᠠᠵᠤ᠂ ᠨᠢᠭᠡᠨᠲᠡ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠶᠢ ᠤᠭᠲᠤᠨ ᠡᠭᠦᠷᠭᠡ ᠶᠢ ᠪᠣᠳᠠᠲᠠᠶᠢᠵᠢᠭᠤᠯᠵᠤ᠂ ᠠᠵᠢᠯ ᠢ ᠨᠠᠷᠢᠯᠢᠬᠵᠢᠭᠤᠯᠵᠤ᠂ ᠣᠪᠣᠷ ᠰᠤᠷᠲᠠᠯ ᠢ ᠴᠢᠩᠭ᠎ᠠ ᠪᠣᠳᠠᠲᠠᠢ ᠪᠣᠯᠭᠠᠵᠤ᠂ ᠡᠳᠦᠷ ᠠᠴᠠ ᠡᠳᠦᠷ ᠲᠠᠪᠰᠢᠯᠳᠠ ᠲᠠᠢ᠂ ᠰᠠᠷ᠎ᠠ ᠳᠤ ᠠᠮᠵᠢᠯᠲᠠ ᠲᠠᠢ᠂ ᠵᠢᠯ ᠳᠤ ᠠᠮᠵᠢᠯᠲᠠ ᠲᠠᠢ ᠪᠣᠯᠭᠠᠬᠤ ᠶᠢ ᠪᠡᠶᠡᠯᠡᠬᠦᠯᠦᠨ᠎ᠡ᠃      ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠣᠯᠵᠤ᠂ ︽ᠭᠤᠷᠪᠠᠨ ᠲᠥᠪ︾ ᠢ ᠪᠣᠶ ᠪᠣᠯᠭᠠᠨ᠎ᠠ᠃ ᠵᠠᠷᠢᠮ ᠢ ᠨᠢ ᠬᠢᠵᠦ ᠵᠠᠷᠢᠮ ᠢ ᠨᠢ ᠬᠢᠬᠦ ᠦᠭᠡᠶ ᠪᠠᠶᠢᠬᠤ ᠶᠢ ᠪᠠᠷᠢᠮᠲᠠᠯᠠᠵᠤ᠂ ︽ᠬᠥᠮᠦᠨ ᠳᠤ ᠪᠠᠶᠢᠬᠤ ᠦᠬᠡᠢ ᠵᠦᠢᠯ ᠨᠠᠳᠠ ᠳᠤ ᠪᠣᠢ᠂ ᠬᠥᠮᠦᠨ ᠳᠤ ᠪᠠᠶᠢᠭᠰᠠᠨ ᠴᠣ᠋ ᠨᠠᠳᠠ ᠳᠤ ᠳᠡᠬᠦᠨ ᠠᠴᠠ ᠳᠠᠪᠠᠭᠤᠯᠢᠭ ᠪᠠᠶᠢᠬᠤ︾ ᠰᠥᠰᠥ ᠵᠣᠷᠢᠭ ᠪᠠ ᠡᠷᠴᠢᠮ ᠢᠶᠠᠷ ᠣᠷᠢᠳᠡᠪᠡᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ ᠬᠢᠵᠦ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠬᠤ ᠵᠠᠷᠴᠢᠮ ᠢ ᠪᠠᠷᠢᠮᠲᠠᠯᠠᠨ᠂ ᠪᠣᠳᠠᠲᠠᠶ ᠳᠤ ᠰᠠᠭᠤᠷᠢᠯᠠᠨ᠂ ᠠᠯᠤᠰ ᠢᠷᠡᠭᠡᠳᠦᠶ ᠳᠤ ᠬᠠᠨᠳᠤᠭᠤᠯᠤᠨ᠂ ᠰᠢᠨᠵᠢᠯᠡᠬᠦ ᠤᠬᠠᠭᠠᠨᠴᠢ ᠪᠠᠷ ᠠᠷᠭ᠎ᠠ ᠤᠬᠠᠭᠠᠨ ᠰᠦᠪᠡᠭᠴᠢᠯᠡᠵᠦ᠂ ᠪᠡᠷᠬᠡ ᠰᠡᠳᠦᠪ ᠢ ᠲᠥᠪᠯᠡᠷᠡᠭᠦᠯᠦᠨ  ᠰᠢᠢᠳᠪᠦᠷᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠶᠢᠨ ᠵᠢᠯ ᠳᠤ ᠠᠯᠠᠱᠠ ᠪᠠᠷᠠᠭᠤᠨ ᠬᠤᠰᠢᠭᠤ ᠶᠢ ︽ᠭᠤᠷᠪᠠᠨ ᠲᠥᠪ︾ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ — — ᠨᠠᠷᠠᠲᠤ ᠰᠦᠨ ᠪᠦᠲᠦᠭᠡᠭᠳᠡᠬᠦᠨ ᠤ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠲᠡᠮᠡᠭᠡᠨ ᠰᠦ ᠶᠢᠨ ᠠᠵᠤ  ᠦᠢᠯᠡᠰ ᠤᠨ ᠦᠢᠯᠡᠳᠪᠦᠷᠢᠯᠡᠯ ᠡᠵᠡᠩᠨᠡᠯᠲᠡ ᠬᠢᠵᠦ᠂ ᠲᠡᠮᠡᠭᠡᠨ ᠰᠦ ᠶᠢᠨ ᠢᠳᠡᠭᠡᠨ ᠤᠮᠳᠠᠭᠠᠨ᠂ ᠲᠡᠮᠡᠭᠡᠨ ᠰᠦ ᠶᠢᠨ ᠭᠤᠶᠣᠯᠠᠯ ᠤᠨ ᠡᠳ᠋᠂ ᠰᠢᠷᠢᠰ ᠡᠷᠡᠭᠦᠯᠵᠢᠯ ᠤᠨ ᠪᠦᠲᠦᠭᠡᠭᠳᠡᠬᠦᠨ ᠵᠡᠷᠭᠡ ᠳᠡᠭᠡᠳᠦ ᠲᠠᠰ ᠤᠨ ᠪᠦᠲᠦᠭᠡᠭᠳᠡᠬᠦᠨ ᠢ ᠨᠠᠷᠢᠯᠢᠭ ᠨᠡᠭᠡᠭᠡᠨ ᠬᠥᠭᠵᠢᠭᠦᠯᠵᠦ᠂ ᠲᠡᠮᠡᠭᠡᠨ ᠰᠦ ᠶᠢᠨ ᠠᠵᠤ ᠦᠢᠯᠡᠰ ᠤᠨ ᠲᠥᠪᠯᠡᠷᠡᠭᠦᠯᠦᠨ ᠲᠠᠷᠬᠠᠭᠠᠬᠤ ᠴᠢᠬᠤᠯᠠ ᠲᠥᠪ ᠢ ᠪᠣᠶ ᠪᠣᠯᠭᠠᠨ᠎ᠠ︔ ᠪᠥᠬᠦ ᠬᠤᠰᠢᠭᠤᠨ ᠤ ᠬᠦᠴᠦᠨ ᠢᠶᠠᠷ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠤᠰᠤ᠂ ᠴᠠᠬᠢᠯᠭᠠᠨ᠂ ᠵᠠᠮ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠠᠶᠢᠭᠠᠯᠢ ᠶᠢᠨ ᠬᠤᠵᠢᠷ ᠢ ᠦᠢᠯᠡᠳᠪᠦᠷᠢᠯᠡᠵᠦ ᠡᠳ᠋ᠰᠢᠭᠦᠯᠬᠦ ᠪᠣᠷᠣᠯᠠᠭᠤᠯᠭ᠎ᠠ ᠶᠢᠨ ᠴᠢᠬᠤᠯᠠ ᠲᠥᠪ ᠢ ᠪᠠᠶᠢᠭᠤᠯᠤᠨ᠎ᠠ︔ ᠪᠥᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ᠂ ᠰᠡᠯᠡᠭᠦᠴᠡᠯ ᠵᠢᠭᠤᠯᠴᠢᠯᠠᠯ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ︽ᠬᠡᠬᠡᠷᠡᠯᠡᠨ ᠠᠶᠠᠯᠠᠬᠤ e ᠠᠩᠬᠢ︾ ᠶᠢᠨ ᠪᠠᠭᠠᠲᠤᠷᠴᠤᠳ ᠤᠨ ᠴᠤᠭᠯᠠᠭᠠᠨ ᠵᠡᠷᠭᠡ ᠪᠠᠶᠠᠷ ᠤᠨ ᠴᠤᠭᠯᠠᠭᠠᠨ ᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠭᠢᠯᠡᠵᠦ᠂ ᠡᠯᠡᠰᠦᠨ ᠴᠥᠯ ᠤᠨ ᠴᠢᠬᠤᠯᠠ ᠵᠢᠭᠤᠯᠴᠢᠯᠠᠯ ᠤᠨ ᠵᠣᠷᠢᠭᠰᠠᠨ ᠭᠠᠵᠠᠷ ᠪᠠ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ᠎ᠠ᠃      ᠬᠦᠴᠦ ᠪᠠᠨ ᠬᠠᠮᠲᠤᠳᠬᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ︽ᠲᠦᠷᠪᠡ ᠶᠢ ᠬᠦᠳᠦᠯᠦᠨ ᠳᠠᠭᠠᠭᠤᠯᠬᠤ︾ ᠶᠢ ᠴᠢᠩᠭᠠᠳᠬᠠᠨ᠎ᠠ᠃ ᠢᠲᠡᠭᠡᠯ ᠵᠣᠷᠢᠭ ᠢᠶᠠᠷ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠢᠮᠠᠭᠲᠠ ᠠᠯᠠᠱᠠ ᠪᠠᠷᠠᠭᠤᠨ ᠬᠤᠰᠢᠭᠤᠨ ᠤ ᠬᠥᠭᠵᠢᠯᠲᠡ ᠳᠤ ᠢᠲᠡᠭᠡᠯ ᠲᠡᠭᠦᠯᠳᠡᠷ ᠪᠠᠶᠢᠵᠤ᠂ ᠠᠯᠠᠱᠠ ᠪᠠᠷᠠᠭᠤᠨ ᠬᠤᠰᠢᠭᠤᠨ ᠤ ᠠᠵᠤ ᠦᠢᠯᠡᠰ ᠤᠨ ᠢᠷᠡᠭᠡᠳᠦᠶ ᠳᠤ ᠢᠲᠡᠭᠡᠯ ᠲᠡᠭᠦᠯᠳᠡᠷ ᠪᠠᠶᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠨᠠᠩ ᠰᠠᠶᠢᠨ ᠰᠠᠶᠢᠬᠠᠨ ᠠᠮᠢᠳᠤᠷᠠᠭᠤᠯᠬᠤ ᠳᠤ ᠢᠲᠡᠭᠡᠯ ᠲᠡᠭᠦᠯᠳᠡᠷ ᠪᠠᠶᠢᠵᠤ᠂ ᠢᠲᠡᠭᠡᠯ ᠵᠣᠷᠢᠭ ᠢᠶᠠᠨ ᠪᠠᠲᠤᠳᠬᠠᠬᠤ ᠳᠤᠮᠳᠠ ᠦᠨᠡᠨ ᠬᠦ ᠠᠳᠬᠤᠨ ᠪᠣᠳᠠᠲᠠᠶ ᠪᠠᠷ ᠠᠵᠢᠯᠯᠠᠵᠤ᠂ ᠦᠢᠯᠡᠳᠦᠯᠬᠡ ᠶᠢᠨ ᠳᠠᠪᠲᠠᠯᠲᠠ ᠶᠢᠨ ᠳᠤᠮᠳᠠ ᠢᠲᠡᠭᠡᠯ ᠵᠣᠷᠢᠭ ᠢᠶᠠᠨ ᠨᠡᠮᠡᠭᠳᠡᠭᠦᠯᠦᠨ᠎ᠡ︔ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠦᠢᠯᠡᠳᠦᠯᠭᠡᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠦᠳᠦᠯᠦᠨ ᠳᠠᠭᠠᠭᠤᠯᠬᠤ ᠬᠦᠴᠦᠨ᠂ ᠤᠯᠠᠨ ᠲᠦᠮᠡᠨ ᠤ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢ ᠲᠣᠭᠲᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ︔ ᠺᠠᠳ᠋ᠷ ᠢ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠺᠠᠳ᠋ᠷ ᠤᠨ ᠡᠩᠨᠡᠭᠡ ᠶᠢ ᠵᠠᠯᠭᠠᠨ ᠬᠥᠮᠦᠵᠢᠭᠦᠯᠬᠦ ᠶᠢ ᠴᠢᠩᠭᠠᠳᠬᠠᠵᠤ᠂ ᠪᠠᠴᠢᠮ ᠬᠦᠴᠢᠷᠲᠡᠢ ᠠᠶᠤᠯᠲᠠᠢ ᠬᠦᠨᠳᠦ ᠡᠭᠦᠷᠭᠡ ᠶᠢᠨ ᠰᠢᠯᠭᠠᠯᠲᠠ ᠶᠢ ᠥᠩᠭᠡᠷᠡᠭᠡᠭᠰᠡᠨ ᠰᠢᠯᠢᠳᠡᠭ ᠺᠠᠳ᠋ᠷ ᠢ ᠳᠡᠪᠰᠢᠭᠦᠯᠬᠦ ᠪᠠ ᠬᠡᠷᠡᠭᠯᠡᠬᠦ ᠶᠢ ᠴᠢᠬᠤᠯᠠᠴᠢᠯᠠᠵᠤ᠂ ᠲᠤᠭ ᠲᠡᠮᠳᠡᠭ ᠲᠣᠳᠣᠷᠬᠠᠢ ᠪᠠᠷ ᠡᠭᠦᠷᠭᠡᠯᠡᠭᠴᠢ ᠶᠢᠨ ᠡᠮᠦᠨ᠎ᠡ ᠠᠴᠠ ᠡᠭᠦᠷᠭᠡᠯᠡᠵᠦ᠂ ᠬᠠᠷᠢᠭᠤᠴᠠᠭᠴᠢ ᠶᠢᠨ ᠡᠮᠦᠨ᠎ᠡ ᠠᠴᠠ ᠬᠠᠷᠢᠭᠤᠴᠠᠬᠤ ᠬᠡᠷᠡᠭᠲᠡᠢ︔ ᠰᠤᠷᠲᠠᠯ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ ᠰᠢᠯᠢᠳᠡᠭ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ᠦᠨᠡᠨ ᠬᠦ ᠠᠳᠬᠤᠵᠤ ᠪᠣᠳᠠᠲᠠᠶ ᠪᠠᠷ ᠠᠵᠢᠯᠯᠠᠬᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠰᠤᠷᠲᠠᠯ ᠢ ᠶᠡᠭᠡ ᠪᠠᠷ ᠰᠠᠨᠠᠭᠠᠴᠢᠯᠠᠵᠤ᠂ ᠰᠤᠷᠲᠠᠯ ᠴᠢᠬᠡᠴᠢ ᠣᠪᠣᠷ ᠲᠥᠪ ᠪᠠᠶᠢᠬᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠣᠬᠠᠭᠤᠯᠭ᠎ᠠ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号